ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠢ ᠲᠣᠬᠢᠷᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/14
            ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2023﹈ 97 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠳᠤ᠄      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠵᠢᠯᠣᠭᠤᠳᠬᠤ ᠺᠣᠮᠢᠰ ᠵᠢᠴᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠢ ᠨᠡᠶᠢᠲᠡᠯᠡᠬᠦ ᠲᠤᠬᠠᠶ ᠮᠡᠳᠡᠭᠳᠡᠯ︾ ︵ᠥᠪᠥᠷ ᠰᠤᠷᠭᠠᠨ ᠪᠡᠶ᠎ᠡ ᠶᠢᠨ ᠲᠠᠮᠢᠷ ﹇2021﹈ 70 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠤ ᠪᠠᠷ᠂ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ 2022-2023 ᠰᠤᠷᠤᠯᠭ᠎ᠠ ᠶᠢᠨ ᠣᠨ ᠤ ᠤᠬᠠᠭᠤᠯᠤᠨ ᠲᠠᠶᠢᠯᠪᠤᠷᠢᠯᠠᠭᠰᠠᠨ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠭᠰᠠᠨ ᠪᠠᠶᠢᠳᠠᠯ ᠤᠨ ᠵᠢᠯ ᠤᠨ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠪᠠ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠵᠢᠴᠢ ᠬᠡᠰᠡᠭ ᠳᠡᠭᠡᠳᠦ ᠰᠤᠷᠭᠠᠭᠤᠯᠢ ᠶᠢᠨ ᠨᠥᠬᠦᠪᠥᠷᠢᠯᠡᠨ ᠲᠠᠨᠢᠯᠴᠠᠭᠤᠯᠤᠭᠰᠠᠨ ᠢᠶᠠᠷ ᠣᠲᠣ ᠳᠠᠬᠢᠨ ᠰᠢᠨ᠎ᠡ ᠪᠠᠷ ᠲᠣᠬᠢᠷᠠᠭᠤᠯᠤᠯᠲᠠ ᠬᠢᠵᠦ ᠵᠣᠣ ᠬᠠᠶ ᠰᠢᠶᠠ ᠵᠡᠷᠭᠡ 83 ᠬᠥᠮᠦᠨ ᠢ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ  ᠬᠡᠰᠢᠭᠦᠨ ᠢᠶᠠᠷ ᠲᠣᠭᠲᠠᠭᠠᠪᠠ᠃ ᠮᠠᠨ ᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠦᠭᠡ᠂ ᠡᠳᠦᠭᠡ ᠳᠤᠤᠷᠠᠬᠢ ᠮᠡᠲᠦ ᠱᠠᠭᠠᠷᠳᠠᠯᠭ᠎ᠠ ᠳᠤᠷᠠᠳᠪᠠ᠃       ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂       ᠨᠡᠶᠢᠳᠡᠮ ᠪᠠᠶᠢᠴᠠᠭᠠᠯᠲᠠ ᠤᠬᠠᠭᠤᠯᠤᠨ ᠲᠠᠶᠢᠯᠪᠤᠷᠢᠯᠠᠬᠤ ᠶᠢ ᠤᠶᠠᠯᠳᠤᠭᠤᠯᠤᠨ᠎ᠠ      ᠡᠯ᠎ᠡ ᠭᠠᠵᠠᠷ ᠤᠨ ᠬᠢᠨ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠷᠠᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠤᠨ᠂ ᠲᠣᠰ ᠭᠠᠵᠠᠷ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠶ ᠮᠡᠷᠭᠡᠵᠢᠯᠲᠡᠨ ᠢ ᠢᠳᠡᠪᠬᠢᠲᠡᠶ ᠵᠣᠬᠢᠶᠠᠨ ᠪᠠᠶᠢᠭᠤᠯᠵᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠬᠡᠷᠡᠭᠲᠡᠶ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ᠂ ᠲᠤᠬᠠᠶ ᠶᠢᠨ ᠭᠠᠵᠠᠷ ᠣᠨᠴᠠᠭᠠᠶᠢᠯᠠᠨ ᠪᠥᠬᠦ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ᠂ ᠲᠤᠷᠰᠢᠯᠲᠠ ᠶᠢᠨ ᠰᠢᠶᠠᠨ ︵ᠬᠤᠲᠠ᠂ ᠲᠣᠭᠤᠷᠢᠭ︶ ᠪᠣᠯᠤᠨ ᠲᠤᠷᠰᠢᠯᠲᠠ ᠶᠢᠨ ᠰᠤᠷᠭᠠᠭᠤᠯᠢ ᠶᠢᠨ ᠠᠵᠢᠯ ᠢᠶᠠᠨ ᠠᠬᠢᠭᠤᠯᠤᠭᠰᠠᠨ ᠪᠠᠶᠢᠳᠠᠯ ᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠬᠦ ᠪᠠ ᠤᠬᠠᠭᠤᠯᠬᠤ ᠠᠵᠢᠯ ᠤᠨ ᠨᠡᠶᠢᠲᠡᠯᠢᠭ ᠲᠤᠷᠰᠢᠯᠭ᠎ᠠ ᠠᠷᠭ᠎ᠠ ᠪᠠᠷᠢᠯ ᠢ ᠴᠠᠭ ᠲᠤᠬᠠᠶ ᠳᠤ ᠨᠢ ᠳ᠋ᠦᠩᠨᠡᠨ᠎ᠡ᠃ ᠡᠯ᠎ᠡ ᠭᠠᠵᠠᠷ ᠤᠨ ᠬᠢᠨ ᠵᠢᠯ ᠪᠦᠷᠢ ᠶᠢᠨ 12 ᠰᠠᠷ᠎ᠠ ᠶᠢᠨ ᠰᠡᠭᠦᠯᠴᠢ ᠠᠴᠠ ᠡᠮᠦᠨ᠎ᠡ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠬᠠᠶ ᠤᠬᠠᠭᠤᠯᠤᠨ ᠲᠠᠶᠢᠯᠪᠤᠷᠢᠯᠠᠬᠤ ᠠᠵᠢᠯ ᠤᠨ ᠳ᠋ᠦᠩᠨᠡᠯᠲᠡ ᠪᠠᠨ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠪᠣᠯᠤᠨ ᠤᠷᠠᠯᠢᠭ ᠤᠨ ᠬᠥᠮᠦᠵᠢᠯ ᠤᠨ ᠭᠠᠵᠠᠷ ᠲᠤ ᠮᠡᠳᠡᠭᠦᠯᠦᠨ᠎ᠡ᠃       ᠬᠤᠶᠠᠷ᠂ ᠤᠬᠠᠭᠤᠯᠤᠨ ᠲᠠᠶᠢᠯᠪᠤᠷᠢᠯᠠᠬᠤ ᠶᠢ ᠱᠠᠲᠤ ᠱᠠᠲᠤ ᠪᠠᠷ ᠰᠠᠶᠢᠲᠤᠷ ᠠᠳᠬᠤᠵᠤ᠂       ᠳᠡᠭᠡᠳᠦ ᠳᠤᠤᠷᠠᠳᠤ ᠱᠠᠲᠤ ᠬᠠᠮᠵᠢᠯᠴᠠᠨ ᠠᠬᠢᠭᠤᠯᠤᠨ᠎ᠠ      ᠡᠯ᠎ᠡ ᠭᠠᠵᠠᠷ ᠤᠨ ᠬᠢᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠲᠣᠰ ᠭᠠᠵᠠᠷ ᠣᠷᠣᠨ ᠤ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠢ ᠨᠠᠷᠢᠨ ᠬᠢᠨᠠᠮᠠᠭᠠᠶ ᠰᠣᠩᠭᠤᠵᠤ᠂ ᠠᠶᠢᠮᠠᠭ ᠬᠤᠲᠠ ᠶᠢᠨ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠠᠶᠢᠭᠤᠯᠬᠤ ᠬᠡᠷᠡᠭᠲᠡᠶ᠃ ᠲᠤᠰᠬᠠᠶ ᠮᠡᠷᠭᠡᠵᠢᠯᠲᠡᠨ ᠤ ᠪᠠᠶᠢᠴᠠᠭᠠᠨ ᠰᠤᠳᠤᠯᠬᠤ᠂ ᠤᠬᠠᠭᠤᠯᠤᠨ ᠲᠠᠶᠢᠯᠪᠤᠷᠢᠯᠠᠬᠤ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠨᠳᠤᠯᠭᠠᠲᠠᠢ ᠭᠠᠷ ᠲᠦᠷᠦᠭᠦ ᠠᠷᠭ᠎ᠠ ᠬᠡᠮᠵᠢᠶ᠎ᠡ ᠳᠤᠷᠠᠳᠴᠤ ᠣᠶᠢᠷ᠎ᠠ ᠬᠠᠷᠠᠭ᠎ᠠ ᠶᠢᠨ ᠨᠣᠷᠮ᠎ᠠ ᠶᠢ ᠪᠠᠭᠤᠷᠠᠭᠤᠯᠤᠨ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠵᠦ ᠪᠣᠳᠠᠲᠠᠶ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠬᠠᠮᠲᠤ ᠳᠤ ᠪᠠᠨ ᠠᠬᠢᠭᠤᠯᠤᠨ᠎ᠠ᠃ ᠡᠯ᠎ᠡ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠲᠤᠬᠠᠢ ᠶᠢᠨ ᠭᠠᠵᠠᠷ ᠤᠨ ᠵᠠᠯᠠᠭᠤᠴᠤᠳ ᠪᠠᠭᠠᠴᠤᠳ ᠤᠨ ᠤᠢᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠬᠠᠢ ᠵᠢᠯᠣᠭᠤᠳᠬᠤ᠂ ᠪᠠᠶᠢᠴᠠᠭᠠᠨ ᠰᠣᠳᠤᠯᠬᠤ᠂ ᠬᠢᠨᠠᠨ ᠵᠢᠯᠣᠭᠤᠳᠬᠤ ᠳᠤ ᠣᠷᠣᠯᠴᠠᠵᠤ᠂ ᠲᠤᠬᠠᠢ ᠶᠢᠨ ᠭᠠᠵᠠᠷ ᠤᠨ ᠤᠢᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠨᠡᠶᠢᠲᠡᠯᠢᠭ ᠵᠢᠱᠢᠶ᠎ᠡ᠂ ᠲᠤᠷᠰᠢᠯᠭ᠎ᠠ ᠲᠠᠢ ᠪᠣᠯᠬᠤ ᠶᠢ ᠬᠦᠳᠦᠯᠦᠨ ᠳᠠᠭᠠᠭᠤᠯᠬᠤ ᠬᠡᠷᠡᠭᠲᠡᠢ᠃      ᠭᠤᠷᠪᠠ᠂ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂       ᠤᠬᠠᠭᠤᠯᠤᠨ ᠲᠠᠶᠢᠯᠪᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ       ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠮᠡᠳᠡᠯᠭᠡ᠂ ᠤᠷ᠎ᠠ ᠴᠢᠳᠠᠪᠤᠷᠢ ᠶᠢ ᠰᠤᠷᠤᠯᠴᠠᠬᠤ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠠᠨ ᠲᠠᠰᠤᠷᠠᠯᠲᠠ ᠥᠬᠡᠶ ᠰᠢᠨᠡᠴᠢᠯᠡᠵᠦ᠂ ᠲᠤᠰᠬᠠᠶ ᠮᠡᠷᠭᠡᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠲᠥᠪᠯᠡᠷᠡᠭᠦᠯᠦᠨ ᠰᠤᠳᠤᠯᠤᠨ ᠶᠠᠷᠢᠯᠴᠠᠬᠤ ᠪᠠ ᠬᠠᠮᠲᠤ ᠳᠤ ᠪᠠᠨ ᠬᠢᠴᠢᠶᠡᠯ ᠪᠡᠯᠡᠳᠬᠡᠬᠦ ᠳᠤ ᠢᠳᠡᠪᠬᠢᠲᠡᠶ ᠣᠷᠣᠯᠴᠠᠵᠤ᠂ ᠤᠬᠠᠭᠤᠯᠤᠨ ᠲᠠᠶᠢᠯᠪᠤᠷᠢᠯᠠᠬᠤ ᠵᠠᠭᠪᠤᠷ ᠤᠨ ᠰᠢᠨ᠎ᠡ ᠶᠢ ᠡᠭᠦᠳᠴᠦ᠂ ᠤᠬᠠᠭᠤᠯᠤᠨ ᠲᠠᠶᠢᠯᠪᠤᠷᠢᠯᠠᠬᠤ ᠶᠢᠨ ᠬᠠᠨᠳᠤᠯᠭᠠᠲᠤ ᠴᠢᠨᠠᠷ ᠢ ᠳᠡᠭᠡᠭᠰᠢᠯᠡᠭᠦᠯᠦᠨ᠎ᠡ᠃ ᠲᠤᠰᠬᠠᠶ ᠮᠡᠷᠭᠡᠵᠢᠯᠲᠡᠨ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠨᠢᠳᠦᠨ ᠤ ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠬᠦ ᠪᠠ ᠤᠬᠠᠭᠤᠯᠬᠤ ᠠᠵᠢᠯ ᠢ ᠬᠥᠲᠥᠯᠥᠨ ᠳᠠᠭᠠᠭᠤᠯᠵᠤ᠂ ᠪᠥᠬᠦ ᠠᠷᠠᠳ ᠢᠶᠠᠷ ᠢᠶᠠᠨ ᠰᠡᠷᠭᠡᠶᠢᠯᠡᠨ ᠡᠵᠡᠮᠳᠡᠬᠦ ᠠᠭᠤᠷ ᠠᠮᠢᠰᠬᠤᠯ ᠢ ᠪᠣᠶ ᠪᠣᠯᠭᠠᠨ᠎ᠠ᠃       ᠳᠥᠷᠪᠡ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂       ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠨ᠎ᠡ      ᠲᠤᠰᠬᠠᠶ ᠮᠡᠷᠭᠡᠵᠢᠯᠲᠡᠨ ᠨᠢᠭᠡ ᠪᠦᠷᠢ ᠰᠠᠷ᠎ᠠ ᠳᠤ ᠳᠤᠮᠳᠠᠴᠢ ᠪᠠᠷ 2 ᠤᠳᠠᠭ᠎ᠠ ᠰᠤᠷᠭᠠᠭᠤᠯᠢ ᠳᠤ ᠣᠷᠣᠵᠤ ᠤᠬᠠᠭᠤᠯᠤᠨ ᠲᠠᠶᠢᠯᠪᠤᠷᠢᠯᠠᠵᠤ᠂ ᠰᠤᠷᠤᠯᠭ᠎ᠠ ᠶᠢᠨ ᠬᠤᠭᠤᠴᠠᠭ᠎ᠠ ᠪᠦᠷᠢ 8 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠤ ᠬᠢᠷᠢ ᠬᠡᠮ ᠢ ᠠᠰᠢᠭᠯᠠᠨ ᠵᠦᠶ ᠵᠣᠬᠢᠰ ᠥᠬᠡᠶ ᠠᠰᠢᠭ ᠤᠯᠬᠤ ᠶᠢ ᠴᠢᠩᠭ᠎ᠠ ᠬᠤᠷᠢᠭᠯᠠᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠤᠬᠠᠭᠤᠯᠤᠨ ᠲᠠᠶᠢᠯᠪᠤᠷᠢᠯᠠᠭᠰᠠᠨ ᠤ ᠳᠠᠷᠠᠭ᠎ᠠ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠶᠢ ᠦᠨᠡᠯᠡᠬᠦ ᠬᠦᠰᠦᠨᠦᠭᠲᠦ ︵ᠳᠠᠭᠠᠯᠳᠤᠭᠤᠯᠤᠯ 2︶ ᠶᠢ ᠲᠠᠭᠯᠠᠨ ᠮᠡᠳᠡᠭᠦᠯᠵᠦ᠂ ᠲᠤᠰᠬᠠᠶ ᠮᠡᠷᠭᠡᠵᠢᠯᠲᠡᠨ ᠤ ᠠᠵᠢᠯ  ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠦᠨᠳᠦᠰᠦᠯᠡᠯ ᠪᠣᠯᠭᠠᠨ᠎ᠠ᠃ ᠰᠤᠷᠭᠠᠨ ᠬᠥᠮᠦᠵᠢᠯ ᠤᠨ ᠲᠢᠩᠬᠢᠮ ᠵᠢᠯ ᠪᠦᠷᠢ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠠᠵᠢᠯ ᠤᠨ ᠬᠢᠷᠢ ᠪᠦᠲᠦᠮᠵᠢ ᠶᠢ ᠰᠢᠯᠭᠠᠨ ᠦᠨᠡᠯᠡᠬᠦ ᠠᠵᠢᠯ ᠢ ᠥᠷᠨᠢᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠡᠭᠦᠷᠭᠡ ᠶᠢᠨ ᠭᠦᠢᠴᠡᠳᠭᠡᠯ ᠲᠤᠭ᠎ᠠ ᠶᠢ ᠦᠨᠳᠦᠰᠦᠯᠡᠨ᠂ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠲᠠᠯᠠᠪᠤᠷ ᠤᠳᠠᠭ᠎ᠠ᠂ ᠭᠥᠯᠢᠶᠡᠨ ᠠᠪᠤᠭᠰᠠᠳ ᠤᠨ ᠲᠤᠭ᠎ᠠ ᠵᠢᠴᠢ ᠤᠬᠠᠭᠤᠯᠤᠨ ᠲᠠᠶᠢᠯᠪᠤᠷᠢᠯᠠᠬᠤ ᠶᠢ ᠦᠨᠡᠯᠡᠬᠦ ᠬᠦᠰᠦᠨᠦᠭᠲᠦ ᠲᠠᠢ ᠤᠶᠠᠯᠳᠤᠭᠤᠯᠵᠤ᠂ ᠶᠡᠷᠦᠩᠬᠡᠶᠢᠯᠡᠨ ᠦᠨᠡᠯᠡᠵᠦ᠂ ᠬᠢᠨᠠᠨ ᠰᠢᠯᠭᠠᠭᠠᠳ ᠬᠢᠷᠢ ᠲᠡᠩᠴᠡᠭᠰᠡᠨ ᠥᠬᠡᠶ ᠲᠤᠰᠬᠠᠶ ᠮᠡᠷᠭᠡᠵᠢᠯᠲᠡᠨ  ᠢ ᠪᠣᠳᠠᠲᠤ ᠪᠠᠶᠢᠳᠠᠯ ᠢ ᠦᠨᠳᠦᠰᠦᠯᠡᠨ ᠪᠣᠳᠣᠯᠬᠢᠯᠠᠵᠤ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠠᠴᠠ ᠠᠶᠠᠨᠳᠠᠭᠠᠨ ᠭᠠᠷᠤᠭᠰᠠᠨ ᠢᠶᠠᠷ ᠦᠵᠡᠨ᠎ᠡ᠃ ᠡᠯ᠎ᠡ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠵᠢᠯ ᠪᠦᠷᠢ ᠶᠢᠨ 12 ᠰᠠᠷ᠎ᠠ ᠶᠢᠨ ᠰᠡᠭᠦᠯᠴᠢ ᠠᠴᠠ ᠡᠮᠦᠨ᠎ᠡ ᠰᠤᠷᠭᠠᠭᠤᠯᠢ ᠳᠤ ᠣᠷᠣᠵᠤ ᠤᠬᠠᠭᠤᠯᠤᠨ ᠲᠠᠶᠢᠯᠪᠤᠷᠢᠯᠠᠭᠰᠠᠨ ᠪᠠᠶᠢᠳᠠᠯ ᠢᠶᠠᠨ ᠮᠠᠨ ᠤ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠪᠣᠯᠤᠨ ᠤᠷᠠᠯᠢᠭ ᠤᠨ ᠬᠥᠮᠦᠵᠢᠯ ᠤᠨ ᠭᠠᠵᠠᠷ ᠲᠤ ᠮᠡᠳᠡᠭᠦᠯᠦᠨ᠎ᠡ᠃       ᠬᠠᠷᠢᠯᠴᠠᠬᠤ ᠬᠥᠮᠦᠨ᠄ ᠵᠠᠩ ᠰᠢᠶᠤᠤ ᠶᠢᠩ  ᠸᠠᠩ ᠾᠦᠢ ᠲᠤᠤ      ᠬᠠᠷᠢᠯᠴᠠᠬᠤ ᠤᠲᠠᠰᠤ᠄ 0471 - 2857025᠂ 2856032 ︵ᠹᠠᠺᠰ︶      ᠢᠮᠧᠯ᠄ twywht@163.com      ᠳᠠᠭᠠᠯᠳᠤᠭᠤᠯᠤᠯ᠄       1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠳ ᠤᠨ ᠨᠡᠷᠡᠰ      2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠰᠤᠷᠭᠠᠭᠤᠯᠢ ᠳᠤ ᠣᠷᠣᠵᠤ ᠤᠬᠠᠭᠤᠯᠤᠨ ᠲᠠᠶᠢᠯᠪᠤᠷᠢᠯᠠᠭᠰᠠᠨ ᠦᠷ᠎ᠡ ᠪᠦᠲᠦᠮᠵᠢ ᠶᠢ ᠦᠨᠡᠯᠡᠬᠦ ᠬᠦᠰᠦᠨᠦᠭᠲᠦ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2023 ᠣᠨ ᠤ 9 ᠳ᠋ᠦᠭᠡᠷ ᠰᠠᠷ᠎ᠠ ᠶᠢᠨ 4 ᠤ ᠡᠳᠦᠷᠳᠠᠭᠠᠯᠳᠤᠭᠤᠯᠤᠯ 1᠄ 1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠳ ᠤᠨ ᠨᠡᠷᠡᠰ .docxᠳᠠᠭᠠᠯᠳᠤᠭᠤᠯᠤᠯ 2᠄ 2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠰᠤᠷᠭᠠᠭᠤᠯᠢ ᠳᠤ ᠣᠷᠣᠵᠤ ᠤᠬᠠᠭᠤᠯᠤᠨ ᠲᠠᠶᠢᠯᠪᠤᠷᠢᠯᠠᠭᠰᠠᠨ ᠦᠷ᠎ᠡ ᠪᠦᠲᠦᠮᠵᠢ ᠶᠢ ᠦᠨᠡᠯᠡᠬᠦ ᠬᠦᠰᠦᠨᠦᠭᠲᠦ .docx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map