ᠨᠠᠮᠤᠷ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/14
ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠳᠤ᠄      ᠰᠤᠷᠭᠠᠭᠤᠯᠢ ᠪᠣᠯ ᠬᠥᠮᠦᠨ ᠣᠯᠠᠨ ᠴᠤᠭᠯᠠᠷᠠᠬᠤ ᠪᠠᠶᠢᠷᠢ ᠲᠠᠯᠠᠪᠤᠷ ᠪᠣᠯᠬᠤᠷ᠂ ᠡᠯ᠎ᠡ ᠲᠥᠷᠥᠯ ᠤᠨ ᠬᠠᠯᠳᠠᠪᠤᠷᠢᠲᠤ ᠡᠪᠡᠳᠴᠢᠨ ᠤ ᠰᠤᠷᠭᠠᠭᠤᠯᠢ ᠳᠤ ᠭᠡᠨᠡᠳᠲᠡ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠥᠷᠭᠡᠨ ᠣᠯᠠᠨ ᠪᠠᠭᠰᠢ ᠰᠤᠷᠤᠭᠴᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠦᠭᠡ᠂ ᠡᠳᠦᠭᠡ ᠨᠠᠮᠤᠷ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠰᠤᠷᠭᠠᠭᠤᠯᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠴᠢᠩᠭᠠᠳᠬᠠᠬᠤ ᠬᠤᠯᠪᠣᠭᠳᠠᠯ ᠪᠦᠬᠦᠢ ᠵᠦᠢᠯ ᠢ ᠳᠤᠤᠷᠠᠬᠢ ᠮᠡᠲᠦ ᠮᠡᠳᠡᠭᠳᠡᠪᠡ᠃       ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ       ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠴᠠᠭᠠᠰᠢᠲᠠ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢᠨ ᠰᠡᠷᠭᠡᠭ ᠴᠢᠨᠠᠷ᠂ ᠰᠡᠷᠡᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠨᠠᠮᠤᠷ ᠡᠪᠦᠯ ᠤᠨ ᠤᠯᠠᠷᠢᠯ ᠳᠤ ᠸᠢᠷᠦ᠋ᠰ ᠤᠨ ᠬᠠᠯᠳᠠᠪᠤᠷᠢᠯᠠᠯ ᠤᠨ ᠴᠢᠨᠠᠷᠲᠠᠶ ᠰᠠᠭᠤᠯᠭᠠᠬᠤ᠂ ᠭᠠᠷ ᠬᠥᠯ ᠠᠮᠠᠨ ᠤ ᠡᠪᠡᠳᠴᠢᠨ᠂ ᠬᠠᠯᠳᠠᠪᠤᠷᠢᠲᠤ ᠲᠠᠭᠰᠢᠭᠤᠷ ᠵᠡᠷᠭᠡ ᠠᠮᠠᠷᠬᠠᠨ ᠡᠭᠦᠰᠬᠦ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠣᠨᠴᠠᠯᠢᠭ ᠢ ᠦᠨᠳᠦᠰᠦᠯᠡᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ  ᠢ ᠴᠠᠭ ᠲᠤᠬᠠᠶ ᠳᠤ ᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠣᠯᠠᠨ ᠡᠪᠡᠳᠴᠢᠨ ᠢ ᠵᠡᠷᠭᠡ ᠳᠤ ᠨᠢ ᠰᠡᠷᠭᠡᠶᠢᠯᠡᠬᠦ ᠶᠢ ᠪᠡᠶᠡᠯᠡᠭᠦᠯᠦᠨ᠂ ᠰᠤᠷᠭᠠᠭᠤᠯᠢ ᠶᠢᠨ ᠬᠦᠷᠢᠶᠡᠨ ᠳᠠᠬᠢ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠴᠢᠷᠮᠠᠶᠢᠨ ᠪᠠᠭᠤᠷᠠᠭᠤᠯᠵᠤ᠂ ᠰᠤᠷᠭᠠᠭᠤᠯᠢ ᠶᠢᠨ ᠳᠣᠲᠣᠭᠠᠳᠤ ᠳᠤ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠨ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢ ᠦᠨᠡᠨ ᠬᠦ  ᠪᠠᠲᠤᠯᠠᠬᠤ ᠬᠡᠷᠡᠭᠲᠡᠢ᠃       ᠬᠤᠶᠠᠷ᠂ ᠬᠢᠨᠠᠨ ᠰᠢᠯᠭᠠᠵᠤ ᠰᠡᠷᠡᠮᠵᠢᠯᠡᠭᠦᠯᠬᠦ ᠶᠢ ᠴᠢᠩᠭᠠᠷᠠᠭᠤᠯᠵᠤ᠂ ᠬᠢᠵᠢᠭ ᠤᠨ ᠪᠠᠶᠢᠳᠠᠯ  ᠢ ᠬᠢᠨᠠᠨ ᠰᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ      ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠰᠤᠷᠤᠭᠴᠢᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠰᠤᠷᠤᠭᠴᠢᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠬᠤ ᠪᠠ ᠬᠠᠮᠢᠶᠠᠷᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠳᠤ ᠡᠷᠡᠭᠦᠯ ᠮᠡᠨᠳᠦ ᠬᠡᠪ ᠤᠨ ᠪᠤᠰᠤ ᠰᠤᠷᠤᠭᠴᠢ ᠶᠢ ᠣᠯᠵᠤ ᠮᠡᠳᠡᠪᠡᠯ ᠰᠣᠷᠣᠭᠴᠢ ᠪᠣᠯᠤᠨ ᠬᠡᠷ ᠤᠨ ᠠᠬᠠᠮᠠᠳ ᠲᠤ ᠪᠠᠶᠢᠳᠠᠯ ᠢ ᠲᠣᠳᠣᠷᠬᠠᠶ ᠬᠡᠯᠡᠵᠦ᠂ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠤᠯᠠᠮ ᠨᠢᠭᠡ ᠠᠯᠬᠤᠮ ᠣᠨᠣᠰᠢᠯᠠᠭᠤᠯᠬᠤ ᠪᠠᠷ ᠰᠢᠪᠠᠳᠠᠭᠤᠯᠤᠨ᠎ᠠ᠃ ᠡᠯ᠎ᠡ ᠭᠠᠵᠠᠷ ᠤᠨ ᠬᠢᠨ ᠪᠠᠭ᠎ᠠ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠰᠢᠩᠭᠡᠭᠡᠯᠲᠡ ᠶᠢᠨ ᠵᠠᠮ᠂ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠪᠣᠯᠭᠠᠵᠤ᠂ ᠬᠠᠯᠳᠠᠪᠤᠷᠢᠲᠤ ᠡᠪᠡᠳᠴᠢᠨ ᠳᠡᠯᠭᠡᠷᠡᠭᠰᠡᠨ ᠣᠨᠴᠠᠯᠢᠭ ᠢ ᠦᠨᠳᠦᠰᠦᠯᠡᠨ᠂ ᠬᠠᠯᠳᠠᠪᠤᠷᠢᠲᠤ ᠡᠪᠡᠳᠴᠢᠨ ᠢ ᠬᠢᠨᠠᠨ ᠰᠢᠯᠭᠠᠬᠤ᠂ ᠰᠡᠷᠡᠮᠵᠢᠯᠡᠭᠦᠯᠬᠦ ᠪᠠ ᠮᠡᠳᠡᠭᠡ ᠵᠠᠩᠭᠢ ᠨᠡᠪᠲᠡᠷᠡᠭᠦᠯᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ᠥᠷᠯᠦᠭᠡ ︵ᠦᠳᠡ︶ ᠶᠢᠨ ᠪᠠᠶᠢᠴᠠᠭᠠᠯᠲᠠ ᠬᠢᠬᠦ᠂ ᠡᠪᠡᠳᠴᠢᠨ ᠠᠴᠠ ᠪᠣᠯᠵᠣ ᠬᠢᠴᠢᠶᠡᠯ ᠰᠠᠭᠠᠲᠠᠬᠤ ︵ᠠᠵᠢᠯ ᠰᠠᠭᠠᠲᠠᠬᠤ︶ ᠪᠠ ᠡᠪᠡᠳᠴᠢᠨ ᠤ ᠰᠢᠯᠲᠠᠭᠠᠨ ᠢ ᠨᠡᠬᠡᠨ ᠪᠠᠶᠢᠴᠠᠭᠠᠬᠤ ᠵᠢᠴᠢ ᠳᠡᠩᠰᠡᠯᠡᠨ ᠲᠡᠮᠳᠡᠭᠯᠡᠬᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠰᠣᠷᠣᠭᠴᠢ ᠳᠤ ᠪᠥᠭᠡᠯᠵᠢᠬᠦ᠂ ᠰᠠᠭᠤᠯᠭᠠᠬᠤ᠂ ᠬᠠᠯᠠᠭᠤᠷᠠᠬᠤ᠂ ᠬᠠᠨᠢᠶᠠᠬᠤ᠂ ᠠᠷᠠᠰᠤᠨ ᠡᠰᠡᠷᠭᠡᠨ᠎ᠡ ᠭᠠᠷᠬᠤ ᠵᠡᠷᠭᠡ ᠡᠪᠡᠳᠴᠢᠨ ᠤ ᠢᠯᠡᠷᠡᠯ ᠭᠠᠷᠪᠠᠯ ᠴᠠᠭ ᠲᠤᠬᠠᠶ ᠳᠤ ᠨᠢ ᠡᠮᠨᠡᠭᠦᠯᠬᠦ ᠶᠢᠨ ᠬᠠᠮᠲᠤ᠂ ᠲᠤᠬᠠᠶ ᠶᠢᠨ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠳᠡᠭᠡᠳᠦ ᠰᠤᠷᠭᠠᠭᠤᠯᠢ ᠶᠢᠨ ᠡᠮᠨᠡᠯᠭᠡ  ᠶᠢᠨ ᠬᠤᠷᠢᠶ᠎ᠠ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠪᠠ ᠮᠡᠳᠡᠭᠦᠯᠬᠦ ᠠᠵᠢᠯ ᠢ ᠰᠠᠶᠢᠲᠤᠷ ᠬᠢᠵᠦ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃       ᠭᠤᠷᠪᠠ᠂ ᠤᠬᠠᠭᠤᠯᠭ᠎ᠠ ᠬᠥᠮᠦᠵᠢᠯ ᠢᠶᠠᠨ ᠴᠢᠩᠬᠠᠳᠬᠠᠵᠤ᠂ ᠡᠪᠡᠳᠴᠢᠨ ᠰᠡᠷᠭᠡᠶᠢᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ       ᠡᠯ᠎ᠡ ᠭᠠᠵᠠᠷ ᠤᠨ ᠡᠯ᠎ᠡ ᠰᠤᠷᠭᠠᠭᠤᠯᠢ ︽ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠰᠠᠷ᠎ᠠ︾᠂ ︽ᠪᠥᠬᠦ ᠤᠯᠤᠰ ᠤᠨ ᠰᠢᠳᠦ ᠬᠠᠶᠢᠷᠠᠯᠠᠬᠤ ᠡᠳᠦᠷ︾᠂ ︽ᠳᠡᠯᠡᠬᠡᠶ ᠶᠢᠨ ᠠᠶᠢᠽ ᠡᠪᠡᠳᠴᠢᠨ ᠤ ᠡᠳᠦᠷ︾ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠶᠠᠰᠤ ᠲᠠᠢ ᠤᠶᠠᠯᠳᠤᠭᠤᠯᠤᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠬᠦ ᠬᠡᠷᠡᠭᠲᠡᠶ᠃ ᠡᠯ᠎ᠡ ᠳᠤᠮᠳᠠᠳᠤ ᠪᠠᠭ᠎ᠠ ᠰᠤᠷᠭᠠᠭᠤᠯᠢ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ᠂ ᠰᠢᠨᠵᠢᠯᠡᠬᠦ ᠤᠬᠠᠭᠠᠨ᠂ ᠠᠮᠢᠳᠤ ᠪᠣᠳᠠᠰ ᠵᠡᠷᠭᠡ ᠬᠢᠴᠢᠶᠡᠯ ᠤᠨ ᠰᠤᠷᠤᠭᠴᠢᠳ ᠤᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠬᠥᠮᠦᠵᠢᠭᠦᠯᠬᠦ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠮᠡᠳᠡᠯᠭᠡ ᠮᠡᠷᠭᠡᠵᠢᠯ ᠢ ᠡᠵᠡᠮᠰᠢᠬᠦ ᠳᠤ ᠦᠵᠡᠭᠦᠯᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠡᠯ᠎ᠡ ᠳᠡᠭᠡᠳᠦ ᠰᠤᠷᠭᠠᠭᠤᠯᠢ ᠶᠢᠨ ᠬᠢᠨ ᠠᠶᠢᠽ ᠡᠪᠡᠳᠴᠢᠨ᠂ ᠰᠦᠷᠢᠶ᠎ᠡ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠶ᠃ ᠡᠯ᠎ᠡ ᠰᠤᠷᠭᠠᠭᠤᠯᠢ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ  ᠶᠢᠨ ᠣᠷᠴᠢᠨ ᠤ ᠡᠷᠡᠭᠦᠯ ᠬᠠᠮᠠᠭᠠᠯᠠᠯ ᠢ ᠵᠠᠰᠠᠵᠤ ᠴᠡᠭᠴᠡᠯᠡᠬᠦ ᠠᠵᠢᠯ ᠢ ᠰᠠᠶᠢᠲᠤᠷ ᠬᠢᠵᠦ᠂ ᠡᠷᠡᠭᠦᠯ ᠬᠠᠮᠠᠭᠠᠯᠠᠯ  ᠤᠨ ᠦᠯᠦ ᠣᠨᠣᠭᠳᠠᠬᠤ ᠪᠤᠯᠤᠩ ᠢ ᠠᠷᠢᠯᠭᠠᠨ᠂ ᠡᠯ᠎ᠡ ᠲᠥᠷᠥᠯ ᠤᠨ ᠰᠤᠷᠤᠯᠴᠠᠯᠭ᠎ᠠ᠂ ᠠᠵᠢᠯ᠂ ᠠᠮᠢᠳᠤᠷᠠᠯ ᠤᠨ ᠲᠠᠯᠠᠪᠤᠷ ᠲᠤ ᠰᠠᠯᠬᠢ ᠨᠡᠪᠲᠡᠷᠡᠭᠦᠯᠦᠨ ᠠᠭᠠᠷ ᠰᠣᠯᠢᠬᠤ ᠪᠠ ᠴᠡᠪᠡᠷᠯᠡᠵᠦ ᠠᠷᠢᠭᠤᠳᠬᠠᠬᠤ ᠠᠵᠢᠯ ᠢ ᠴᠢᠩᠭᠠᠳᠬᠠᠨ᠂ ᠢᠳᠡᠭᠡᠨ ᠤᠮᠳᠠᠭᠠᠨ ᠤᠤᠭᠤᠬᠤ ᠤᠰᠤᠨ ᠤ ᠡᠷᠡᠭᠦᠯ ᠬᠠᠮᠠᠭᠠᠯᠠᠯ ᠪᠣᠯᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠬᠦᠷᠦᠯᠴᠡᠬᠦ᠋ᠢᠴᠡ ᠤᠬᠢᠶᠠᠯᠭ᠎ᠠ ᠶᠢᠨ ᠪᠡᠯᠡᠳᠬᠡᠮᠵᠢ ᠲᠣᠬᠢᠷᠠᠭᠤᠯᠬᠤ ᠬᠡᠷᠡᠭᠲᠡᠶ᠃      ᠳᠥᠷᠪᠡ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠬᠤᠯᠠᠴᠢᠯᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠶᠢ ᠪᠠᠷᠢᠮᠲᠠᠯᠠᠬᠤ ᠬᠡᠷᠡᠭᠲᠡᠢ      ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠪᠡᠶ᠎ᠡ ᠶᠢᠨ ᠲᠠᠮᠢᠷ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠤᠬᠠᠮᠰᠠᠷ ᠠᠴᠠ ᠪᠠᠨ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠵᠣ᠂ ᠰᠤᠷᠤᠭᠴᠢᠳ ᠢ ᠵᠢᠯᠣᠭᠤᠳᠤᠨ ᠰᠢᠮ᠎ᠡ ᠲᠡᠵᠢᠭᠡᠯᠲᠦ ᠢᠳᠡᠭᠡᠨ ᠤᠮᠳᠠᠭᠠᠨ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠬᠤ ᠬᠡᠷᠡᠭᠲᠡᠶ᠃ ᠪᠡᠶ᠎ᠡ ᠶᠢᠨ ᠲᠠᠮᠢᠷ ᠤᠨ ᠬᠢᠴᠢᠶᠡᠯ ᠢ ᠭᠦᠢᠴᠡᠳ ᠪᠥᠭᠡᠳ ᠪᠦᠷᠢᠨ ᠰᠠᠶᠢᠲᠤᠷ ᠨᠡᠭᠡᠭᠡᠵᠦ᠂ ᠬᠢᠴᠢᠶᠡᠯ ᠤᠨ ᠲᠣᠮᠣ ᠵᠠᠪᠰᠠᠷᠯᠠᠭ᠎ᠠ ᠪᠠ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ︔ ᠰᠤᠷᠤᠭᠴᠢᠳ ᠤᠨ ᠭᠡᠷ ᠤᠨ ᠠᠬᠠᠮᠠᠳ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠨᠡᠪᠲᠡᠷᠡᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠰᠢᠨᠵᠢᠯᠡᠬᠦ ᠤᠬᠠᠭᠠᠨᠴᠢ ᠪᠠᠷ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠭᠤᠯᠵᠤ᠂ ᠡᠷᠡᠭᠦᠯ ᠴᠢᠭᠢᠷᠠᠭ ᠤᠨ ᠬᠢᠷᠢ ᠲᠦᠪᠰᠢᠨ ᠪᠠ ᠬᠥᠳᠡᠯᠭᠡᠭᠡᠨ ᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠂ ᠪᠡᠶ᠎ᠡ ᠮᠠᠬᠠᠪᠣᠳ ᠤᠨ ᠬᠡᠪ ᠴᠢᠨᠠᠷ ᠢ ᠨᠢ ᠴᠢᠩᠭᠠᠷᠠᠭᠤᠯᠵᠤ᠂ ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠷᠢᠮᠵᠢᠶ᠎ᠠ ᠶᠢᠨ ᠬᠢᠷᠢ ᠲᠡᠩᠴᠡᠬᠦ ᠨᠣᠷᠮ᠎ᠠ᠂ ᠰᠠᠶᠢᠨ ᠰᠠᠶᠢᠬᠠᠨ ᠪᠠᠶᠢᠬᠤ ᠨᠣᠷᠮ᠎ᠠ ᠪᠠ ᠰᠢᠯᠢᠳᠡᠭ ᠰᠠᠶᠢᠨ ᠪᠠᠶᠢᠬᠤ ᠨᠣᠷᠮ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠣᠯᠠᠨ ᠲᠠᠯ᠎ᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠰᠤᠷᠭᠠᠭᠤᠯᠢ ᠬᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠡᠷ ᠤᠨ ᠠᠬᠠᠮᠠᠳ ᠢ ᠵᠢᠭᠠᠨ ᠵᠢᠯᠣᠭᠤᠳᠴᠤ ᠰᠤᠷᠤᠭᠴᠢᠳ ᠤᠨ ᠪᠡᠶ᠎ᠡ ᠮᠠᠬᠠᠪᠣᠳ ᠪᠠ ᠰᠡᠳᠬᠢᠴᠡ ᠶᠢᠨ ᠡᠷᠡᠭᠦᠯ ᠮᠡᠨᠳᠦ ᠶᠢ ᠨᠢᠭᠲᠠ ᠠᠩᠬᠠᠷᠤᠭᠤᠯᠵᠤ᠂ ᠰᠤᠷᠭᠠᠭᠤᠯᠢ ᠪᠠ ᠪᠠᠭᠰᠢ ᠳᠤ ᠰᠤᠷᠤᠭᠴᠢᠳ ᠤᠨ ᠬᠤᠯᠪᠣᠭᠳᠠᠯ ᠪᠥᠬᠦᠶ ᠪᠠᠶᠢᠳᠠᠯ ᠢ ᠴᠠᠭ ᠲᠤᠬᠠᠶ ᠳᠤ ᠨᠢ ᠬᠠᠷᠢᠭᠤ ᠪᠤᠴᠠᠭᠠᠵᠤ᠂ ᠬᠡᠷ ᠪᠠ ᠰᠤᠷᠭᠠᠭᠤᠯᠢ ᠶᠢᠨ ᠬᠠᠮ ᠬᠦᠴᠦᠨ ᠢ ᠪᠦᠷᠢᠯᠳᠦᠭᠦᠯᠬᠦ ᠬᠡᠷᠡᠭᠲᠡᠶ᠃       ᠲᠠᠪᠤ᠂ ᠰᠠᠯᠠᠭ᠎ᠠ ᠮᠥᠴᠢᠷ ᠤᠨ ᠨᠡᠪᠲᠡᠷᠡᠯᠴᠡᠭᠡ ᠶᠢ ᠴᠢᠩᠭᠠᠷᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠲᠡᠭᠦᠯᠳᠡᠷᠵᠢᠭᠦᠯᠬᠦ ᠬᠡᠷᠡᠭᠲᠡᠶ      ᠡᠯ᠎ᠡ ᠭᠠᠵᠠᠷ ᠤᠨ ᠡᠯ᠎ᠡ ᠰᠤᠷᠭᠠᠭᠤᠯᠢ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠯᠦᠭᠡ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠰᠤᠷᠭᠠᠭᠤᠯᠢ ᠶᠢᠨ ᠠᠶᠢᠽ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠢᠳᠡᠪᠬᠢᠲᠡᠶ ᠥᠷᠨᠢᠭᠦᠯᠬᠦ ᠬᠡᠷᠡᠭᠲᠡᠶ᠃ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯᠲᠠᠨ ᠤ ᠬᠠᠩᠭᠠᠯᠭ᠎ᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠪᠣᠳᠠᠲᠠᠶᠢᠵᠢᠭᠤᠯᠬᠤ ᠶᠢ ᠪᠠᠲᠤᠯᠠᠨ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠭᠲᠠᠴᠠ ᠶᠢᠨ ᠥᠨᠳᠥᠷ ᠦᠷ᠎ᠡ ᠪᠦᠲᠦᠮᠵᠢᠲᠡᠶ ᠤᠷᠤᠭᠰᠢᠲᠠᠶ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠯ ᠶᠣᠰᠤ ᠪᠠᠷ ᠨᠠᠶᠢᠳᠠᠪᠤᠷᠢᠵᠢᠭᠤᠯᠤᠭᠰᠠᠨ ᠥᠬᠡᠶ ᠪᠤᠶᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠪᠠᠯ ᠴᠠᠭ ᠲᠤᠬᠠᠶ ᠳᠤ ᠨᠢ ᠮᠥᠷᠳᠡᠨ ᠴᠡᠭᠴᠡᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠪᠣᠯᠤᠨ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠵᠢᠷᠤᠮᠵᠢᠭᠤᠯᠤᠨ ᠳᠡᠭᠡᠭᠰᠢᠯᠡᠭᠦᠯᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠣᠷᠴᠢᠨ ᠤ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ                    2023 ᠣᠨ ᠤ 8 ᠰᠠᠷ᠎ᠠ ᠶᠢᠨ 31 ᠤ ᠡᠳᠦᠷ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map