ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠥᠬᠦ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠤᠶᠠᠳᠤᠭᠠᠷ ᠤᠳᠠᠭᠠᠨ ᠤ ᠬᠠᠮᠲᠤ ᠳᠤ ᠪᠠᠨ ᠬᠢᠴᠢᠶᠡᠯ ᠪᠡᠯᠡᠳᠬᠡᠬᠦ ᠶᠢ ᠵᠣᠬᠢᠶᠠᠨ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/15
         ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2023﹈ 103 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄       ᠶᠡᠷᠦᠩᠬᠡᠶ ᠱᠦᠵᠢ ᠰᠢ ᠶᠢᠨ ᠫᠢᠩ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠶ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠲᠥᠷᠥ ᠶᠢᠨ ᠪᠣᠳᠣᠯᠭ᠎ᠠ ᠶᠢ ᠳᠡᠯᠭᠡᠷᠡᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠨ ᠬᠥᠮᠦᠵᠢᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠬᠤ ᠶᠢᠨ ᠲᠥᠯᠥᠭᠡ᠂ 7 ᠳᠠᠬᠢ ︽ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠰᠠᠷ᠎ᠠ︾ ᠬᠦᠷᠴᠦ ᠢᠷᠡᠬᠦ ᠲᠠᠰᠢᠷᠠᠮ ᠳᠤ᠂ ᠰᠤᠷᠭᠠᠨ ᠬᠥᠮᠦᠵᠢᠯ ᠤᠨ ᠲᠢᠩᠬᠢᠮ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠤᠶᠠᠳᠤᠭᠠᠷ ᠤᠳᠠᠭ᠎ᠠ ᠶᠢᠨ ᠬᠠᠮᠲᠤ ᠳᠤ ᠪᠠᠨ ᠬᠢᠴᠢᠶᠡᠯ ᠪᠡᠯᠡᠳᠭᠡᠬᠦ ᠶᠢ ᠵᠣᠬᠢᠶᠠᠨ ᠪᠠᠶᠢᠭᠤᠯᠪᠠ᠃ ᠡᠳᠦᠭᠡ ᠪᠣᠳᠠᠲᠠᠶ ᠵᠦᠢᠯ ᠢ ᠳᠤᠤᠷᠠᠬᠢ ᠮᠡᠲᠦ ᠮᠡᠳᠡᠭᠳᠡᠪᠡ᠄      ᠨᠢᠭᠡ᠂ ᠬᠢᠴᠢᠶᠡᠯ ᠪᠡᠯᠡᠳᠬᠡᠬᠦ ᠬᠠᠷᠠᠯᠲᠠ       ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠰᠦᠯᠵᠢᠶᠡᠨ ᠭᠠᠳᠠᠨ᠎ᠠ ᠬᠠᠮᠲᠤ ᠳᠤ ᠪᠠᠨ ᠰᠤᠳᠤᠯᠤᠨ ᠶᠠᠷᠢᠯᠴᠠᠵᠤ᠂ ᠤᠯᠠᠮ ᠨᠢᠭᠡ ᠠᠯᠬᠤᠮ ᠤᠬᠠᠭᠤᠯᠤᠨ ᠲᠠᠶᠢᠯᠪᠤᠷᠢᠯᠠᠬᠤ ᠦᠵᠡᠯ ᠰᠠᠨᠠᠭ᠎ᠠ ᠶᠢ ᠨᠢᠭᠡᠳᠬᠡᠵᠦ᠂ ᠤᠬᠠᠭᠤᠯᠤᠨ ᠲᠠᠶᠢᠯᠪᠤᠷᠢᠯᠠᠬᠤ ᠱᠠᠭᠠᠷᠳᠠᠯᠭ᠎ᠠ ᠶᠢ ᠨᠢᠭᠡᠳᠭᠡᠨ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠨᠢᠭᠡᠳᠬᠡᠵᠦ᠂ ᠤᠬᠠᠭᠤᠯᠤᠨ ᠲᠠᠶᠢᠯᠪᠤᠷᠢᠯᠠᠬᠤ ᠬᠢᠴᠢᠶᠡᠯ ᠤᠨ ᠴᠠᠭ ᠢ ᠨᠢᠭᠡᠳᠭᠡᠨ᠂ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢ ᠰᠠᠶᠢᠵᠢᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠨ᠎ᠠ᠃ ᠰᠤᠷᠭᠠᠭᠤᠯᠢ ᠶᠢᠨ ᠬᠦᠷᠢᠶᠡᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠮᠠᠨ ᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠵᠢᠴᠢ ᠬᠡᠷ ᠤᠨ ᠠᠬᠠᠮᠠᠳ ᠤᠨ ᠣᠶᠢᠷ᠎ᠠ ᠬᠠᠷᠠᠭ᠎ᠠ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠳᠦ ᠪᠠᠨ ᠬᠡᠷᠡᠭᠯᠡᠬᠦ ᠰᠠᠶᠢᠨ ᠰᠠᠶᠢᠬᠠᠨ ᠳᠠᠳᠬᠠᠯ ᠲᠠᠢ ᠪᠣᠯᠭᠠᠨ᠂ ᠬᠠᠷᠠᠭ᠎ᠠ ᠶᠢ ᠰᠢᠭᠰᠢᠨ ᠪᠠᠶᠢᠴᠠᠭᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠦᠨᠳᠦᠰᠦᠨ ᠮᠡᠳᠡᠯᠭᠡ ᠶᠢ ᠤᠶᠢᠯᠠᠭᠠᠨ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠡᠭᠦᠰᠬᠦ ᠨᠣᠷᠮ᠎ᠠ ᠶᠢ ᠪᠥᠬᠦ ᠲᠠᠯ᠎ᠠ ᠪᠠᠷ ᠬᠤᠷᠢᠭᠯᠠᠵᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠂ ᠮᠠᠨ ᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠬᠠᠷᠠᠭ᠎ᠠ ᠶᠢ ᠬᠠᠮᠠᠭᠠᠯᠠᠬᠤ ᠪᠠᠲᠤᠯᠠᠭ᠎ᠠ ᠬᠠᠩᠭᠠᠨ᠎ᠠ᠃       ᠬᠤᠶᠠᠷ᠂ ᠬᠢᠴᠢᠶᠡᠯ ᠪᠡᠯᠡᠳᠬᠡᠬᠦ ᠴᠠᠭ ᠪᠠ ᠭᠠᠵᠠᠷ       ᠴᠠᠭ᠄ 2023 ᠣᠨ ᠤ 9 ᠳ᠋ᠦ᠋ᠭᠡᠷ ᠰᠠᠷ᠎ᠠ ᠶᠢᠨ 14 ᠤ ᠡᠳᠦᠷ ︵ᠭᠠᠷᠠᠭ ᠤᠨ ᠳᠥᠷᠪᠡᠨ︶ ᠤᠨ          14᠄ 30-18᠄ 00 ᠴᠠᠭ ᠬᠦᠷᠲᠡᠯ᠎ᠡ ᠨᠡᠷ᠎ᠡ ᠮᠡᠳᠡᠭᠦᠯᠦᠨ᠎ᠡ︔ 9 ᠰᠠᠷ᠎ᠠ ᠶᠢᠨ 15 ᠤ ᠡᠳᠦᠷ ︵ᠭᠠᠷᠠᠭ ᠤᠨ ᠲᠠᠪᠤᠨ︶ 9᠄ 00-12᠄ 00 ᠴᠠᠭ ᠬᠦᠷᠲᠡᠯ᠎ᠡ ᠬᠤᠷᠠᠯ ᠳᠤ ᠣᠷᠣᠯᠴᠠᠨ᠎ᠠ︔ ᠬᠤᠷᠠᠯ ᠤᠨ ᠲᠠᠯᠠᠪᠠᠢ ᠠᠴᠠ ᠰᠠᠯᠬᠤ ᠴᠠᠭ᠄ 9 ᠰᠠᠷ᠎ᠠ ᠶᠢᠨ 15 ᠤ ᠡᠳᠦᠷ ︵ᠭᠠᠷᠠᠭ ᠤᠨ ᠲᠠᠪᠤᠨ︶ 14᠄ 30᠃       ᠭᠠᠵᠠᠷ᠄ ᠬᠥᠬᠡᠬᠤᠲᠠ ᠶᠢᠨ ᠹᠠ ᠵᠠᠨ ᠲᠣᠮᠣ ᠪᠠᠭᠤᠳᠠᠯ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠷᠦ ᠢ ᠨᠡᠭᠡᠭᠡᠯᠲᠡᠲᠦ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ ᠹᠠ ᠵᠠᠨ ᠲᠣᠮᠣ ᠠᠰᠠᠷ ᠤᠨ A ᠠᠰᠠᠷ︶᠃      ᠭᠤᠷᠪᠠ᠂ ᠣᠷᠣᠯᠴᠠᠭᠴᠢ       ︵ᠨᠢᠭᠡ︶ ᠪᠥᠬᠦ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ᠃       ︵ᠬᠤᠶᠠᠷ︶ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠶᠢᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭᠠᠲᠠᠨ᠃       ᠳᠥᠷᠪᠡ᠂ ᠬᠤᠷᠠᠯ ᠤᠨ ᠠᠭᠤᠯᠭ᠎ᠠ       ︵ᠨᠢᠭᠡ︶ ᠣᠨᠴᠠ ᠤᠷᠢᠭᠰᠠᠨ ᠲᠤᠰᠬᠠᠶ ᠮᠡᠷᠭᠡᠵᠢᠯᠲᠡᠳ ᠬᠢᠴᠢᠶᠡᠯ ᠲᠠᠶᠢᠯᠪᠤᠷᠢᠯᠠᠬᠤ       ᠪᠥᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠶ ᠮᠡᠷᠭᠡᠵᠢᠯᠲᠡᠨ ᠠᠬᠤᠢ ᠲᠠᠯᠠᠪᠠᠶ ᠳᠤ ᠬᠢᠴᠢᠶᠡᠯ ᠣᠷᠣᠵᠤ ᠲᠤᠷᠰᠢᠯᠭ᠎ᠠ ᠪᠠᠨ ᠬᠤᠪᠢᠶᠠᠯᠴᠠᠨ᠎ᠠ᠃       ︵ᠬᠤᠶᠠᠷ︶ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠳ ᠤᠨ ᠰᠣᠯᠢᠯᠴᠠᠨ ᠶᠠᠷᠢᠯᠴᠠᠬᠤ ᠬᠤᠷᠠᠯ       ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ 2022-2023 ᠰᠤᠷᠤᠯᠭ᠎ᠠ ᠶᠢᠨ ᠣᠨ ᠳᠤ ᠤᠬᠠᠭᠤᠯᠤᠨ ᠲᠠᠶᠢᠯᠪᠤᠷᠢᠯᠠᠬᠤ ᠠᠵᠢᠯ ᠥᠷᠨᠢᠭᠦᠯᠦᠭᠰᠡᠨ ᠪᠠᠶᠢᠳᠠᠯ ᠢ ᠦᠨᠳᠦᠰᠦᠯᠡᠨ᠂ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠡᠮᠬᠢᠯᠡᠨ ᠳᠢᠭᠯᠡᠵᠦ᠂ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠥᠯᠥᠭᠡᠯᠡᠭᠴᠢᠳ ᠲᠣᠰ ᠲᠣᠰ ᠠᠳᠠᠯᠢ ᠪᠤᠰᠤ ᠬᠠᠷᠠᠭᠠᠰᠤ ᠠᠴᠠ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠭᠰᠡᠨ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠨ᠎ᠠ᠃      ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ       ︵ᠨᠢᠭᠡ︶  ᠡᠨᠡ ᠤᠳᠠᠭᠠᠨ ᠤ ᠰᠦᠯᠵᠢᠶᠡᠨ ᠭᠠᠳᠠᠨ᠎ᠠ ᠬᠠᠮᠲᠤ ᠳᠤ ᠪᠠᠨ ᠬᠢᠴᠢᠶᠡᠯ ᠪᠡᠯᠡᠳᠬᠡᠬᠦ ᠬᠤᠷᠠᠯ ᠳᠤ ᠬᠥᠬᠡᠬᠤᠲᠠ ᠠᠴᠠ ᠬᠤᠷᠠᠯ ᠳᠤ ᠣᠷᠣᠯᠴᠠᠭᠰᠠᠳ ᠲᠤ ᠬᠤᠨᠤᠭ ᠤᠨ ᠲᠣᠬᠢᠷᠠᠭᠤᠯᠤᠯᠲᠠ ᠬᠠᠩᠭᠠᠬᠤ ᠥᠬᠡᠶ᠂ ᠵᠥᠪᠬᠡᠨ ᠦᠳᠡ ᠶᠢᠨ ᠬᠤᠭᠤᠯᠠ ᠬᠠᠩᠭᠠᠨ᠎ᠠ︔ ᠪᠤᠰᠤᠳ ᠠᠶᠢᠮᠠᠭ ᠬᠤᠲᠠ ᠶᠢᠨ ᠣᠷᠣᠯᠴᠠᠭᠰᠠᠳ ᠲᠤ ᠬᠤᠷᠠᠯ ᠤᠨ ᠬᠤᠭᠤᠴᠠᠭᠠᠨ ᠳᠠᠬᠢ ᠬᠤᠭᠤᠯᠠ ᠬᠤᠨᠤᠭ ᠢ ᠬᠠᠩᠭᠠᠵᠤ᠂ ᠶᠠᠪᠤᠵᠤ ᠰᠠᠭᠤᠬᠤ ᠵᠠᠮ ᠬᠠᠷᠢᠯᠴᠠᠭᠠᠨ ᠤ ᠵᠠᠷᠤᠳᠠᠯ ᠢ ᠪᠠᠶᠢᠭ᠎ᠠ ᠨᠢᠭᠡᠴᠢ ᠬᠠᠷᠢᠭᠤᠴᠠᠨ᠎ᠠ᠃ ᠬᠤᠷᠠᠯ ᠤᠨ ᠬᠤᠭᠤᠴᠠᠭᠠᠨ ᠳᠠᠬᠢ ᠬᠤᠭᠤᠯᠠ ᠤᠮᠳᠠ ᠪᠠ ᠬᠤᠨᠤᠭ ᠤᠨ ᠪᠦᠬᠦ ᠵᠠᠷᠤᠳᠠᠯ ᠢ ᠬᠤᠷᠠᠯ ᠡᠷᠬᠢᠯᠡᠵᠦ ᠪᠠᠶᠢᠭ᠎ᠠ ᠨᠢᠭᠡᠴᠢ ᠬᠠᠷᠢᠭᠤᠴᠠᠨ᠎ᠠ᠃       ︵ᠬᠤᠶᠠᠷ︶ ᠬᠤᠷᠠᠯ ᠳᠤ ᠣᠷᠣᠯᠴᠠᠭᠰᠠᠳ 20 ᠮᠢᠨᠦ᠋ᠲ ᠤᠨ ᠡᠮᠦᠨ᠎ᠡ ᠬᠤᠷᠠᠯ ᠤᠨ ᠲᠠᠯᠠᠪᠠᠢ ᠳᠤ ᠣᠷᠣᠬᠤ ᠶᠢᠨ ᠬᠠᠮᠲᠤ ᠨᠡᠷ᠎ᠡ ᠪᠠᠨ ᠲᠡᠮᠳᠡᠭᠯᠡᠭᠦᠯᠦᠨ᠎ᠡ᠃       ︵ᠭᠤᠷᠪᠠ︶ ᠡᠯ᠎ᠡ ᠠᠶᠢᠮᠠᠭ ᠬᠤᠲᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠪᠬᠢᠲᠡᠶ ᠬᠠᠮᠵᠢᠯᠴᠠᠨ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠲᠣᠮᠢᠯᠠᠨ ᠬᠠᠮᠲᠤ ᠳᠤ ᠪᠠᠨ ᠬᠢᠴᠢᠶᠡᠯ ᠪᠡᠯᠡᠳᠬᠡᠬᠦ ᠳᠤ ᠣᠷᠣᠯᠴᠠᠭᠤᠯᠵᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠲᠠᠢ ᠬᠠᠮᠵᠢᠯᠴᠠᠨ ᠳᠣᠣᠷ᠎ᠠ ᠬᠠᠭᠠᠰ ᠵᠢᠯ ᠤᠨ ᠰᠤᠷᠭᠠᠭᠤᠯᠢ ᠳᠤ ᠣᠷᠣᠵᠤ ᠤᠬᠠᠭᠤᠯᠤᠨ ᠲᠠᠶᠢᠯᠪᠤᠷᠢᠯᠠᠬᠤ ᠠᠵᠢᠯ ᠢ ᠬᠠᠮᠵᠢᠯᠴᠠᠨ᠎ᠠ᠃       ︵ᠳᠥᠷᠪᠡ︶ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠬᠤᠷᠠᠯ ᠳᠤ ᠣᠷᠣᠯᠴᠠᠬᠤ ᠬᠤᠭᠤᠴᠠᠭᠠᠨ ᠳᠤ ᠬᠢᠴᠢᠶᠡᠯ ᠢᠶᠠᠨ ᠨᠠᠷᠢᠨ ᠬᠢᠨᠠᠮᠠᠭᠠᠶ ᠪᠡᠯᠡᠳᠬᠡᠵᠦ᠂ ᠲᠤᠰᠬᠠᠶ ᠮᠡᠷᠭᠡᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠥᠲᠥᠯᠥᠨ ᠳᠠᠭᠠᠭᠤᠯᠵᠤ ᠳᠠᠶᠢᠴᠢᠯᠠᠬᠤ ᠪᠠ ᠲᠤᠰᠬᠠᠶ ᠮᠡᠷᠭᠡᠵᠢᠯ ᠤᠨ ᠳᠠᠭᠤᠷᠢᠶᠠᠯ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠬᠤ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠨ᠂ ᠤᠬᠠᠭᠤᠯᠤᠨ ᠲᠠᠶᠢᠯᠪᠤᠷᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃       ︵ᠲᠠᠪᠤ︶ ᠡᠯ᠎ᠡ ᠭᠠᠵᠠᠷ ᠤᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠪᠣᠯᠤᠨ ᠡᠯ᠎ᠡ ᠬᠤᠯᠪᠣᠭᠳᠠᠯ ᠪᠥᠬᠦᠶ ᠨᠢᠭᠡᠴᠢ᠂ 9  ᠳ᠋ᠦ᠋ᠭᠡᠷ ᠰᠠᠷ᠎ᠠ ᠶᠢᠨ 12 ᠤᠨ ᠡᠳᠦᠷ ᠠᠴᠠ ᠡᠮᠦᠨ᠎ᠡ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠤᠶᠠᠳᠤᠭᠠᠷ ᠤᠳᠠᠭᠠᠨ ᠤ ᠬᠠᠮᠲᠤ ᠳᠤ ᠪᠠᠨ ᠬᠢᠴᠢᠶᠡᠯ ᠪᠡᠯᠡᠳᠬᠡᠬᠦ ᠬᠤᠷᠠᠯ ᠳᠤ ᠣᠷᠣᠯᠴᠠᠭᠰᠠᠨ ᠬᠠᠷᠢᠭᠤ ᠪᠠᠷᠢᠮᠲᠠ ᠶᠢᠨ ᠡᠯᠧᠺᠲᠷᠣᠨ ᠬᠡᠪᠯᠡᠯ ︵ᠳᠠᠭᠠᠯᠳᠤᠭᠤᠯᠤᠯ 2︶ ᠢ ᠰᠤᠷᠭᠠᠨ ᠬᠥᠮᠦᠵᠢᠯ ᠤᠨ ᠲᠢᠩᠬᠢᠮ ᠤᠨ ᠳᠣᠭᠲᠠᠭᠰᠠᠨ ᠢᠮᠧᠯ ᠳᠤ ᠢᠯᠡᠭᠡᠨ᠎ᠡ᠃      ᠵᠢᠷᠭᠤᠭ᠎ᠠ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ       ᠬᠠᠷᠢᠯᠴᠠᠬᠤ ᠬᠥᠮᠦᠨ᠄ ᠸᠠᠩ ᠾᠦᠢ ᠲᠤᠤ  0471 - 2856032᠂ 18647430896       ᠲᠠᠩ ᠮᠢᠨ 0471 - 2857003᠂ 18518092725       ᠢᠮᠧᠯ᠄ twywht@163.com      ᠳᠠᠭᠠᠯᠳᠤᠭᠤᠯᠤᠯ᠄       1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠤ ᠨᠡᠷᠡᠰ      2 . ᠬᠤᠷᠠᠯ ᠳᠤ ᠣᠷᠣᠯᠴᠠᠬᠤ ᠬᠠᠷᠢᠭᠤ ᠪᠠᠷᠢᠮᠲᠠ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                  2023 ᠣᠨ ᠤ 9 ᠰᠠᠷ᠎ᠠ ᠶᠢᠨ 11 ᠤ ᠡᠳᠦᠷ ᠳᠠᠭᠠᠯᠳᠤᠭᠤᠯᠤᠯ 1᠄ 1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠭᠦᠨ ᠤ ᠨᠡᠷᠡᠰ . docxᠳᠠᠭᠠᠯᠳᠤᠭᠤᠯᠤᠯ 2᠄ 2 . ᠬᠤᠷᠠᠯ ᠳᠤ ᠣᠷᠣᠯᠴᠠᠬᠤ ᠬᠠᠷᠢᠭᠤ ᠪᠠᠷᠢᠮᠲᠠ . docx 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map