ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠡᠷᠬᠢᠯᠡᠬᠦ ᠲᠤᠬᠠᠶ ᠨᠥᠬᠦᠪᠥᠷᠢ ᠮᠡᠳᠡᠭᠳᠡᠯ
ᠨᠡᠶᠢᠲᠡᠯᠡᠭᠰᠡᠨ ᠴᠠᠭ᠄
2023/9/15
       ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ  ﹇2023﹈ 102 ᠳ᠋ᠤᠭᠠᠷ ᠲᠣᠭᠠᠲᠤᠡᠯ᠎ᠡ ᠳᠡᠭᠡᠳᠦ ᠰᠤᠷᠭᠠᠭᠤᠯᠢ ᠳᠤ᠄       ︽ᠰᠤᠷᠭᠠᠨ ᠬᠥᠮᠦᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠪᠠ ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠶ ᠡᠪᠯᠡᠯ ᠤᠨ ᠠᠯᠪᠠᠨ ᠬᠡᠷ ᠤᠨ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠤᠯᠠᠮ ᠨᠢᠭᠡ ᠠᠯᠬᠤᠮ  ᠠᠬᠢᠭᠤᠯᠤᠨ᠂ ᠥᠷᠭᠡᠨ ᠣᠯᠠᠨ ᠪᠠᠭᠰᠢ ᠰᠤᠷᠤᠭᠴᠢ ᠶᠢᠨ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠦᠭᠡ᠂ ︽ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠡᠷᠬᠢᠯᠡᠬᠦ ᠲᠤᠬᠠᠶ ᠮᠡᠳᠡᠭᠳᠡᠯ︾ ︵ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2023﹈ 60 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠤ ᠪᠠᠷ᠂ ᠡᠳᠦᠭᠡ ᠪᠥᠬᠦ ᠣᠷᠣᠨ ᠤ ᠳᠡᠭᠡᠳᠦ ᠰᠤᠷᠭᠠᠭᠤᠯᠢ ᠶᠢᠨ ︽ᠳᠡᠷᠭᠡᠳᠡᠬᠢ ᠬᠥᠮᠦᠰ ᠢ ᠠᠪᠤᠷᠠᠵᠤ᠂ ᠰᠤᠷᠭᠠᠭᠤᠯᠢ ᠶᠢᠨ ᠬᠦᠷᠢᠶ᠎ᠡ ᠪᠠᠨ ᠰᠠᠬᠢᠨ ᠬᠠᠮᠠᠭᠠᠯᠠᠶ᠎ᠠ︾ ᠭᠡᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠶᠢᠨ ᠪᠣᠳᠠᠲᠠᠶ ᠵᠦᠢᠯ ᠢ ᠳᠤᠤᠷᠠᠬᠢ ᠮᠡᠲᠦ ᠨᠥᠬᠦᠪᠥᠷᠢᠯᠡᠶ᠎ᠡ᠃      ᠨᠢᠭᠡ᠂ ᠠᠵᠢᠯᠯᠠᠭᠠᠨ ᠤ ᠴᠠᠭ       2023 ᠣᠨ ᠤ 9 ᠳ᠋ᠦ᠋ᠭᠡᠷ ᠰᠠᠷ᠎ᠠ ᠶᠢᠨ 26 - 28 ᠤ ᠡᠳᠦᠷ᠂ 9 ᠳ᠋ᠦ᠋ᠭᠡᠷ ᠰᠠᠷ᠎ᠠ  ᠶᠢᠨ 26 ᠤ ᠡᠳᠦᠷ ᠨᠡᠷ᠎ᠡ ᠮᠡᠳᠡᠭᠦᠯᠵᠦ᠂ 9 ᠳ᠋ᠦ᠋ᠭᠡᠷ ᠰᠠᠷ᠎ᠠ ᠶᠢᠨ 27 - 28 ᠤ ᠡᠳᠦᠷ ᠪᠣᠯ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠰᠣᠯᠢᠯᠴᠠᠭᠠᠨ ᠤ ᠠᠵᠢᠯᠯᠠᠭ᠎ᠠ ᠪᠣᠯᠤᠨ᠎ᠠ᠂ 29 ᠤ ᠡᠳᠦᠷ ᠬᠤᠷᠠᠯ ᠤᠨ ᠲᠠᠯᠠᠪᠠᠢ ᠠᠴᠠ ᠰᠠᠯᠤᠨ᠎ᠠ᠃       ᠬᠤᠶᠠᠷ᠂ ᠠᠵᠢᠯᠯᠠᠭᠠᠨ ᠤ ᠭᠠᠵᠠᠷ       ︵ᠨᠢᠭᠡ︶ ᠨᠡᠷ᠎ᠡ ᠮᠡᠳᠡᠭᠦᠯᠬᠦ / ᠬᠤᠨᠣᠬᠤ ᠭᠠᠵᠠᠷ᠄ ᠺᠠᠩ ᠪᠥᠸᠧ ᠪᠠᠭᠤᠳᠠᠯ ︵ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠪᠠᠶᠠᠨ ᠪᠠᠯᠭᠠᠰᠤ ᠶᠢᠨ ᠶᠡᠭᠡ ᠰᠤᠷᠭᠠᠭᠤᠯᠢ ᠶᠢᠨ ᠬᠤᠳᠠᠯᠳᠤᠭᠠᠨ ᠤ ᠵᠡᠭᠡᠯᠢ ᠶᠢᠨ 19 ᠳ᠋ᠦ᠋ᠭᠡᠷ ᠨᠣᠮᠧᠷ︶      ︵ᠬᠤᠶᠠᠷ︶ ᠠᠵᠢᠯᠯᠠᠭᠠᠨ ᠤ ᠭᠠᠵᠠᠷ᠄ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠤᠷᠬᠠᠨ ᠵᠡᠭᠡᠯᠢ ᠶᠢᠨ 8 ᠳ᠋ᠤᠭᠠᠷ ᠨᠣᠮᠧᠷ︶       ᠭᠤᠷᠪᠠ᠂ ᠬᠤᠷᠠᠯ ᠳᠤ ᠣᠷᠣᠯᠴᠠᠬᠤ ᠡᠲᠡᠭᠡᠳ       ᠰᠤᠷᠭᠠᠭᠤᠯᠢ ᠨᠢᠭᠡ ᠪᠦᠷᠢ ᠨᠢᠭᠡ ᠲᠥᠯᠦᠭᠡᠯᠡᠭᠴᠢ ᠶᠢᠨ ᠠᠩᠭᠢ ᠰᠣᠩᠭᠤᠨ ᠲᠣᠮᠢᠯᠠᠵᠤ᠂ ᠠᠩᠭᠢ ᠨᠢᠭᠡ ᠪᠦᠷᠢ 5 ᠪᠠᠭᠰᠢ ᠰᠤᠷᠤᠭᠴᠢ ᠪᠠᠷ ᠪᠦᠷᠢᠯᠳᠦᠵᠦ᠂ ᠡᠭᠦᠨ ᠳᠤ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠰᠤᠷᠭᠠᠨ ᠬᠥᠮᠦᠵᠢᠯ ᠤᠨ ᠠᠵᠢᠯ ᠢ ᠬᠠᠷᠢᠭᠤᠴᠠᠵᠤ ᠪᠠᠶᠢᠭ᠎ᠠ ᠬᠠᠮᠢᠶ᠎ᠠ ᠪᠦᠬᠦᠢ ᠭᠠᠵᠠᠷ ᠳᠠᠰᠤᠭ ᠤᠨ ᠬᠠᠷᠢᠭᠤᠴᠠᠯᠭᠠᠲᠠᠨ 1᠂ ᠵᠢᠯᠣᠭᠤᠳᠬᠤ ᠪᠠᠭᠰᠢ 1 ᠪᠠ 3 ᠰᠤᠷᠤᠭᠴᠢ ︵ᠡᠮᠦᠨᠡᠬᠢ ᠬᠤᠭᠤᠴᠠᠭᠠᠨ ᠤ ᠶᠣᠰᠤ ᠪᠠᠷ ᠨᠡᠷ᠎ᠡ ᠮᠡᠳᠡᠭᠦᠯᠦᠭᠰᠡᠳ︶   ᠶᠢ ᠪᠠᠭᠲᠠᠭᠠᠨ᠎ᠠ᠃ 2022 ᠣᠨ ᠳᠤ ᠪᠠᠴᠢᠮ ᠠᠪᠤᠷᠠᠯᠳᠠ ᠶᠢᠨ ᠬᠥᠮᠦᠵᠢᠯ ᠪᠣᠯᠪᠠᠰᠤᠷᠠᠭᠤᠯᠤᠯ ᠭᠥᠷᠳᠡᠭᠰᠡᠨ ᠬᠠᠷᠢᠶᠠᠯᠠᠯ ᠲᠠᠢ ᠰᠣᠷᠣᠭᠴᠢ᠃       ᠳᠥᠷᠪᠡ᠂ ᠠᠵᠢᠯᠯᠠᠭᠠᠨ ᠤ ᠠᠭᠤᠯᠭ᠎ᠠ       ︵ᠨᠢᠭᠡ︶ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢᠨ ᠤᠷᠤᠯᠳᠤᠭᠠᠨ᠃ ᠤᠷᠤᠯᠳᠤᠭᠠᠨ ᠢ ᠠᠩᠬᠠᠨ ᠤ ᠤᠷᠤᠯᠳᠤᠭᠠᠨ ᠤ ᠰᠣᠩᠭᠤᠯᠲᠠ᠂ ᠬᠤᠶᠠᠳᠠᠬᠢ ᠤᠷᠤᠯᠳᠤᠭᠠᠨ ᠭᠡᠵᠦ ᠬᠤᠪᠢᠶᠠᠨ᠎ᠠ᠂ ᠠᠩᠬᠠᠨ ᠤ ᠤᠷᠤᠯᠳᠤᠭᠠᠨ ᠤ ᠰᠡᠳᠦᠪ ᠤᠨ ᠬᠡᠯᠪᠡᠷᠢ ᠨᠢ ᠰᠦᠯᠵᠢᠶᠡᠨ ᠳᠤ ᠰᠡᠳᠦᠪ ᠬᠠᠷᠢᠭᠤᠯᠬᠤ᠂ ᠬᠤᠶᠠᠳᠠᠬᠢ ᠤᠷᠤᠯᠳᠤᠭᠠᠨ ᠤ ᠰᠡᠳᠦᠪ ᠤᠨ ᠬᠡᠯᠪᠡᠷᠢ ᠨᠢ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠣᠯᠤᠨ᠎ᠠ᠃       ︵ᠳᠥᠷᠪᠡ︶ ᠤᠷᠤᠯᠳᠤᠭᠠᠨ ᠤ ᠶᠠᠪᠤᠴᠠ ᠪᠠ ᠳᠦᠷᠢᠮ ᠢ ᠳᠠᠭᠠᠯᠳᠤᠭᠤᠯᠤᠯ 2 ᠲᠤ ᠨᠠᠷᠢᠨ ᠦᠵᠡᠭᠡᠷᠡᠢ᠃       ᠲᠠᠪᠤ᠂ ᠠᠵᠢᠯᠯᠠᠭᠠᠨ ᠤ ᠡᠳᠦᠷ ᠤᠨ ᠳᠡᠰ ᠳᠠᠷᠠᠭᠠᠯᠠᠯ

批注.png

      ᠵᠢᠷᠭᠤᠭ᠎ᠠ᠂ ᠠᠵᠢᠯᠯᠠᠭᠠᠨ ᠤ ᠵᠠᠷᠤᠳᠠᠯ

      ᠡᠨᠡ ᠤᠳᠠᠭᠠᠨ ᠤ ᠠᠵᠢᠯᠯᠠᠭ᠎ᠠ ᠳᠤ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠪᠠᠭᠰᠢ

ᠰᠤᠷᠤᠭᠴᠢᠳ ᠲᠤ ᠬᠤᠨᠤᠭ ᠲᠣᠬᠢᠷᠠᠭᠤᠯᠬᠤ ᠥᠬᠡᠶ᠂ ᠵᠥᠪᠬᠡᠨ ᠦᠳᠡ ᠶᠢᠨ ᠬᠤᠭᠤᠯᠠ᠂ ᠣᠷᠣᠶ ᠶᠢᠨ ᠬᠤᠭᠤᠯᠠ

ᠬᠠᠩᠭᠠᠨ᠎ᠠ︔ ᠪᠤᠰᠤᠳ ᠠᠶᠢᠮᠠᠭ ᠬᠤᠲᠠ ᠶᠢᠨ ᠪᠠᠭᠰᠢ ᠰᠤᠷᠤᠭᠴᠢᠳ ᠲᠤ ᠬᠤᠭᠤᠯᠠ ᠪᠠ ᠬᠤᠨᠤᠭ ᠤᠨ

ᠲᠣᠬᠢᠷᠠᠭᠤᠯᠤᠯᠲᠠ ᠬᠠᠩᠭᠠᠵᠤ᠂ ᠶᠠᠪᠤᠵᠤ ᠰᠠᠭᠤᠬᠤ ᠵᠠᠮ ᠬᠠᠷᠢᠯᠴᠠᠭᠠᠨ ᠤ ᠵᠠᠷᠤᠳᠠᠯ ᠢ ᠪᠠᠶᠢᠭ᠎ᠠ ᠨᠢᠭᠡᠴᠢ

ᠬᠠᠷᠢᠭᠤᠴᠠᠨ᠎ᠠ︔ ᠠᠵᠢᠯᠯᠠᠭ᠎ᠠ ᠶᠢᠨ ᠬᠤᠭᠤᠴᠠᠭᠠᠨ ᠳᠠᠬᠢ ᠪᠠᠭᠰᠢ ᠰᠤᠷᠤᠭᠴᠢᠳ ᠤᠨ ᠬᠤᠭᠤᠯᠠ ᠵᠢᠴᠢ

ᠪᠣᠯᠪᠠᠰᠤᠷᠠᠭᠤᠯᠤᠯ ᠤᠨ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ

ᠲᠤᠰᠬᠠᠶ  ᠵᠦᠢᠯ ᠤᠨ ᠵᠠᠷᠤᠳᠠᠯ ᠠᠴᠠ ᠭᠠᠷᠭᠠᠨ᠎ᠠ᠃

      ᠳᠣᠯᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ

      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠳᠡᠭᠡᠳᠦ

ᠰᠤᠷᠭᠠᠭᠤᠯᠢ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠶᠢ

ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ

ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠨ᠂ ᠲᠤᠰᠬᠠᠶ ᠬᠥᠮᠦᠨ ᠲᠣᠮᠢᠯᠠᠨ ᠬᠠᠷᠢᠭᠤᠴᠠᠭᠤᠯᠵᠤ᠂ ᠪᠣᠳᠠᠲᠠᠶ

ᠬᠡᠷᠡᠭᠵᠢᠭᠦᠯᠬᠦ ᠲᠥᠰᠦᠯ ᠲᠣᠭᠲᠠᠭᠠᠨ᠂ ᠲᠤᠰᠬᠠᠶ ᠮᠡᠷᠭᠡᠵᠢᠯ ᠤᠨ ᠪᠦᠯᠬᠦᠮ ᠨᠡᠶᠢᠲᠡ ᠶᠢ ᠨᠠᠷᠢᠨ ᠨᠢᠮᠪᠠᠶ ᠵᠣᠬᠢᠶᠠᠨ

ᠪᠠᠶᠢᠭᠤᠯᠤᠨ ᠤᠷᠤᠯᠳᠤᠭᠠᠨ ᠳᠤ ᠣᠷᠣᠯᠴᠠᠭᠤᠯᠵᠤ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ  ᠵᠢᠴᠢ

ᠬᠠᠷᠢᠯᠴᠠᠬᠤ ᠬᠥᠮᠦᠨ ᠢ ᠲᠣᠳᠣᠷᠬᠠᠶᠢᠯᠠᠨ᠂ ᠪᠠᠭᠠᠵᠢ ᠬᠡᠷᠡᠭᠰᠡᠯ ᠬᠤᠳᠠᠯᠳᠤᠨ ᠠᠪᠬᠤ᠂ ᠪᠣᠯᠪᠠᠰᠤᠷᠠᠭᠤᠯᠵᠤ

ᠪᠣᠯᠪᠠᠰᠤᠷᠠᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃

      ︵ᠬᠤᠶᠠᠷ︶ ᠳᠠᠶᠢᠴᠢᠯᠠᠯᠲᠠ ᠳᠤ ᠢᠳᠡᠪᠬᠢᠲᠡᠶ ᠣᠷᠣᠯᠴᠠᠬᠤ ᠬᠡᠷᠡᠭᠲᠡᠶ᠃ ᠡᠯ᠎ᠡ ᠳᠡᠭᠡᠳᠦ ᠰᠤᠷᠭᠠᠭᠤᠯᠢ

ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠣᠯᠠᠨ ᠵᠦᠢᠯ ᠤᠨ ᠬᠡᠯᠪᠡᠷᠢ

ᠪᠣᠯᠤᠨ ᠠᠷᠭ᠎ᠠ ᠵᠠᠮ ᠢᠶᠠᠷ ᠳᠠᠮᠵᠢᠭᠤᠯᠤᠨ ᠳᠠᠶᠢᠴᠢᠯᠠᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂

ᠰᠤᠷᠤᠭᠴᠢᠳ ᠤᠨ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠪᠠᠭᠰᠢ

ᠰᠤᠷᠤᠭᠴᠢᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ  ᠪᠠᠴᠢᠮ ᠪᠠᠶᠢᠳᠠᠯ ᠢ ᠠᠷᠭᠠᠴᠠᠵᠤ ᠠᠪᠤᠷᠠᠬᠤ

ᠠᠵᠢᠯ ᠳᠤ ᠠᠩᠬᠠᠷᠤᠯ ᠬᠠᠨᠳᠤᠭᠤᠯᠬᠤ ᠶᠢᠨ ᠬᠠᠮᠲᠤ ᠣᠷᠣᠯᠴᠠᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ

ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠵᠣᠷᠢᠯᠭ᠎ᠠ ᠶᠢ ᠪᠡᠶᠡᠯᠡᠭᠦᠯᠬᠦ ᠬᠡᠷᠡᠭᠲᠡᠶ᠃

      ︵ᠭᠤᠷᠪᠠ︶ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ ᠬᠡᠷᠡᠭᠲᠡᠶ᠃ ᠡᠨᠡ ᠤᠳᠠᠭᠠᠨ ᠤ

ᠠᠵᠢᠯᠯᠠᠭ᠎ᠠ ᠳᠤ ᠪᠠᠴᠢᠮ ᠠᠪᠤᠷᠠᠯᠳᠠ ᠶᠢᠨ ᠮᠡᠳᠡᠯᠭᠡ ᠶᠢᠨ ᠤᠷᠤᠯᠳᠤᠭᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠬᠠᠤ

ᠰᠣᠯᠢᠯᠴᠠᠭᠠᠨ ᠤ ᠦᠵᠡᠭᠦᠯᠭᠡ ᠶᠢᠨ ᠲᠥᠷᠥᠯ ᠵᠦᠢᠯ ᠤᠨ ᠠᠬᠤᠢ ᠲᠠᠯᠠᠪᠠᠶ ᠶᠢᠨ ᠲᠠᠶᠢᠯᠤᠮᠵᠢ ᠪᠠ ᠳᠡᠯᠭᠡᠨ ᠦᠵᠡᠭᠦᠯᠬᠦ

ᠭᠤᠭᠴᠤᠭ᠎ᠠ ᠶᠢ ᠪᠠᠭᠲᠠᠭᠠᠨ᠎ᠠ᠂ ᠡᠯ᠎ᠡ ᠳᠡᠭᠡᠳᠦ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠬᠠᠷᠢᠶ᠎ᠠ ᠭᠠᠵᠠᠷ ᠤᠨ

ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠠᠷᠢᠶ᠎ᠠ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ

ᠲᠤᠰᠬᠠᠶ ᠰᠡᠳᠦᠪᠲᠦ ᠣᠨᠣᠯ ᠤᠨ ᠰᠤᠷᠤᠯᠴᠠᠯᠭ᠎ᠠ ᠵᠢᠴᠢ ᠴᠢᠳᠠᠪᠤᠷᠢ ᠶᠢᠨ ᠪᠣᠯᠪᠠᠰᠤᠷᠠᠭᠤᠯᠤᠯ ᠢ ᠲᠥᠯᠥᠪᠯᠡᠭᠡ ᠲᠠᠢ

ᠥᠷᠨᠢᠭᠦᠯᠵᠦ᠂ ᠤᠷᠤᠯᠳᠤᠭᠠᠨ ᠳᠤ ᠣᠷᠣᠯᠴᠠᠬᠤ ᠡᠯ᠎ᠡ ᠵᠦᠢᠯ ᠤᠨ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ

ᠬᠡᠷᠡᠭᠲᠡᠶ᠃

      ︵ᠳᠥᠷᠪᠡ︶ ᠤᠷᠤᠯᠳᠤᠭᠠᠨ ᠤ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠶ᠃ ᠡᠯ᠎ᠡ ᠰᠤᠷᠭᠠᠭᠤᠯᠢ ᠶᠢᠨ

ᠤᠷᠤᠯᠳᠤᠭᠠᠨ ᠳᠤ ᠣᠷᠣᠯᠴᠠᠭᠰᠠᠳ ᠤᠷᠤᠯᠳᠤᠭᠠᠨ ᠤ ᠰᠠᠬᠢᠯᠭ᠎ᠠ ᠪᠠᠲᠤ ᠶᠢ ᠠᠩᠬᠠᠷᠴᠤ᠂ ᠤᠷᠤᠯᠳᠤᠭᠠᠨ ᠤ

ᠶᠠᠪᠤᠴᠠ ᠳᠤ ᠤᠷᠤᠯᠳᠤᠭᠠᠨ ᠳᠤ ᠣᠷᠣᠯᠴᠠᠬᠤ ᠡᠩᠨᠡᠭᠡ ᠪᠤᠰᠤᠳ ᠠᠩᠭᠢ ᠶᠢᠨ ᠤᠷᠤᠯᠳᠤᠭᠠᠨ ᠢ ᠵᠣᠷᠢᠭᠤᠳᠠ

ᠬᠠᠷᠰᠢᠯᠠᠬᠤ ᠪᠤᠶᠤ ᠪᠤᠰᠤᠳ ᠤᠨ ᠠᠮᠤᠷ ᠲᠦᠪᠰᠢᠨ ᠢ ᠬᠤᠬᠢᠷᠠᠭᠤᠯᠵᠤ ᠪᠣᠯᠬᠤ ᠥᠬᠡᠶ᠂ ᠰᠢᠨᠵᠢ ᠴᠢᠨᠠᠷ ᠢᠶᠠᠷ ᠮᠠᠭᠤ

ᠦᠢᠯᠡ ᠠᠵᠢᠯᠯᠠᠭ᠎ᠠ ᠲᠠᠢ ᠲᠥᠯᠥᠭᠡᠯᠡᠭᠴᠢᠳ ᠤᠨ ᠠᠩᠭᠢ ᠶᠢᠨ ᠤᠷᠤᠯᠳᠤᠭᠠᠨ ᠳᠤ ᠣᠷᠣᠯᠴᠠᠬᠤ ᠬᠢᠷᠢ ᠬᠡᠮ ᠢ

ᠬᠠᠰᠤᠨ᠎ᠠ᠃

      ︵ᠲᠠᠪᠤ︶ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠬᠤ ᠬᠡᠷᠡᠭᠲᠡᠶ᠃ ᠡᠨᠡ ᠤᠳᠠᠭᠠᠨ ᠤ ᠠᠵᠢᠯᠯᠠᠭ᠎ᠠ ᠪᠣᠯ

ᠡᠯ᠎ᠡ ᠳᠡᠭᠡᠳᠦ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠥᠷᠨᠢᠭᠦᠯᠦᠭᠰᠡᠨ

ᠪᠠᠶᠢᠳᠠᠯ ᠵᠢᠴᠢ ᠠᠪᠤᠷᠠᠨ ᠲᠤᠰᠠᠯᠠᠬᠤ ᠬᠢᠷᠢ ᠲᠦᠪᠰᠢᠨ ᠢ ᠲᠥᠪᠯᠡᠷᠡᠭᠦᠯᠦᠨ ᠳᠡᠯᠭᠡᠨ ᠦᠵᠡᠭᠦᠯᠵᠦ ᠪᠠᠶᠢᠭ᠎ᠠ ᠶᠠᠪᠤᠳᠠᠯ

ᠪᠣᠯᠤᠨ᠎ᠠ᠂ ᠡᠯ᠎ᠡ ᠳᠡᠭᠡᠳᠦ ᠰᠤᠷᠭᠠᠭᠤᠯᠢ ᠲᠣᠰ ᠠᠵᠢᠯ ᠢ ᠠᠬᠢᠭᠤᠯᠬᠤ ᠶᠠᠪᠤᠴᠠ ᠳᠤ ᠠᠵᠠ ᠲᠣᠬᠢᠶᠠᠯ ᠢ ᠨᠠᠨᠳᠢᠩᠨᠠᠵᠤ᠂

ᠨᠡᠶᠢᠲᠡᠯᠢᠭ ᠬᠢᠯᠠᠰ ᠴᠡᠭ ᠢ ᠪᠣᠯᠪᠠᠰᠤᠷᠠᠭᠤᠯᠵᠤ᠂ ᠲᠤᠷᠰᠢᠯᠭ᠎ᠠ ᠪᠠᠨ ᠳᠡᠯᠭᠡᠷᠡᠭᠦᠯᠵᠦ᠂ ᠬᠠᠷᠢᠯᠴᠠᠨ ᠲᠣᠯᠢᠯᠠᠨ

ᠰᠤᠷᠤᠯᠴᠠᠵᠤ᠂ ᠰᠤᠷᠭᠠᠭᠤᠯᠢ ᠶᠢᠨ ᠬᠦᠷᠢᠶᠡᠨ ᠤ ᠪᠠᠴᠢᠮ ᠪᠠᠶᠢᠳᠠᠯ ᠢ  ᠠᠷᠭᠠᠴᠠᠵᠤ ᠠᠪᠤᠷᠠᠨ ᠲᠤᠰᠠᠯᠠᠬᠤ

ᠴᠢᠳᠠᠪᠤᠷᠢ ᠪᠠᠨ ᠬᠠᠮᠲᠤ ᠳᠤ ᠪᠠᠨ ᠪᠡᠶᠡᠯᠡᠭᠦᠯᠬᠦ ᠬᠡᠷᠡᠭᠲᠡᠶ᠃

       ᠡᠯ᠎ᠡ ᠰᠤᠷᠭᠠᠭᠤᠯᠢ ᠬᠤᠷᠠᠯ ᠳᠤ ᠣᠷᠣᠯᠴᠠᠭᠰᠠᠳ ᠤᠨ ᠬᠠᠷᠢᠭᠤ ᠪᠠᠷᠢᠮᠲᠠ ︵ᠳᠠᠭᠠᠯᠳᠤᠭᠤᠯᠤᠯ 4︶ ᠶᠢ

2023 ᠣᠨ ᠤ 9 ᠳ᠋ᠦ᠋ᠭᠡᠷ ᠰᠠᠷ᠎ᠠ ᠶᠢᠨ 22 ᠤᠨ ᠡᠳᠦᠷ ᠠᠴᠠ ᠡᠮᠦᠨ᠎ᠡ ᠰᠤᠷᠭᠠᠨ ᠬᠥᠮᠦᠵᠢᠯ ᠤᠨ ᠲᠢᠩᠬᠢᠮ ᠤᠨ

ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠤᠨ ᠭᠠᠵᠠᠷ ᠤᠨ ᠳᠣᠭᠲᠠᠭᠰᠠᠨ

ᠢᠮᠧᠯ ᠳᠤ ᠢᠯᠡᠭᠡᠭᠡᠷᠡᠢ᠃

       ᠨᠠᠢᠮᠠ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ

      ︵ᠨᠢᠭᠡ︶ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

      ᠬᠠᠷᠢᠯᠴᠠᠬᠤ ᠬᠥᠮᠦᠨ᠄ ᠸᠠᠩ ᠾᠦᠢ ᠲᠤᠤ᠂ ᠬᠠᠷᠢᠯᠴᠠᠬᠤ ᠤᠲᠠᠰᠤ᠄ 0471 - 2856032᠂

1864430896

      ᠢᠮᠧᠯ᠄ twywht@163.com

      ︵ᠬᠤᠶᠠᠷ︶ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ

      ᠬᠠᠷᠢᠯᠴᠠᠬᠤ ᠬᠥᠮᠦᠨ᠄ ᠵᠣᠣ ᠰᠢᠩ᠂ ᠬᠠᠷᠢᠯᠴᠠᠬᠤ ᠤᠲᠠᠰᠤ᠄ 15847140820

      ᠳᠠᠭᠠᠯᠳᠤᠭᠤᠯᠤᠯ᠄

      1 . ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠰᠣᠯᠢᠯᠴᠠᠭᠠᠨ ᠤ ᠦᠵᠡᠭᠦᠯᠭᠡ ᠶᠢᠨ ᠲᠥᠷᠥᠯ ᠵᠦᠢᠯ ᠵᠢᠴᠢ

ᠬᠦᠴᠢᠷᠳᠡᠯ ᠤᠨ ᠢᠯᠡᠳᠬᠡᠮᠵᠢ

      2 . ᠤᠷᠤᠯᠳᠤᠭᠠᠨ ᠤ ᠳᠡᠰ ᠳᠠᠷᠠᠭᠠᠯᠠᠯ ᠪᠠ ᠳᠦᠷᠢᠮ ᠲᠣᠭᠲᠠᠭᠠᠯ

      3 . ᠵᠠᠮ ᠬᠠᠷᠢᠯᠴᠠᠭᠠᠨ ᠤ ᠵᠦᠭᠯᠡᠭᠦᠷ

      4 . ᠬᠤᠷᠠᠯ ᠳᠤ ᠣᠷᠣᠯᠴᠠᠬᠤ ᠬᠠᠷᠢᠭᠤ ᠪᠠᠷᠢᠮᠲᠠ

       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

               2023 ᠣᠨ ᠤ 9 ᠰᠠᠷ᠎ᠠ ᠶᠢᠨ 11 ᠤ ᠡᠳᠦᠷ

ᠳᠠᠭᠠᠯᠳᠤᠭᠤᠯᠤᠯ 1᠄ 1 . ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠰᠣᠯᠢᠯᠴᠠᠭᠠᠨ ᠤ ᠦᠵᠡᠭᠦᠯᠭᠡ ᠶᠢᠨ ᠲᠥᠷᠥᠯ

ᠵᠦᠢᠯ ᠵᠢᠴᠢ ᠬᠦᠴᠢᠷᠳᠡᠯ ᠤᠨ ᠢᠯᠡᠳᠬᠡᠮᠵᠢ . docx

ᠳᠠᠭᠠᠯᠳᠤᠭᠤᠯᠤᠯ 2᠄ 2 . ᠤᠷᠤᠯᠳᠤᠭᠠᠨ ᠤ ᠳᠡᠰ ᠳᠠᠷᠠᠭᠠᠯᠠᠯ ᠪᠠ ᠳᠦᠷᠢᠮ ᠲᠣᠭᠲᠠᠭᠠᠯ . docx

ᠳᠠᠭᠠᠯᠳᠤᠭᠤᠯᠤᠯ 3᠄ 3 ᠵᠠᠮ ᠬᠠᠷᠢᠯᠴᠠᠭᠠᠨ ᠤ ᠵᠦᠭᠯᠡᠭᠦᠷ . docx 

ᠳᠠᠭᠠᠯᠳᠤᠭᠤᠯᠤᠯ 4᠄ 4 ᠬᠤᠷᠠᠯ ᠳᠤ ᠣᠷᠣᠯᠴᠠᠬᠤ ᠬᠠᠷᠢᠭᠤ ᠪᠠᠷᠢᠮᠲᠠ . docx

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map