2024 ᠣᠨ ᠤ ᠰᠣᠳᠤᠯᠤᠨ ᠰᠤᠷᠤᠭᠴᠢ ᠰᠢᠯᠭᠠᠭᠤᠯᠬᠤ ᠴᠠᠭ ᠢ ᠨᠡᠶᠢᠲᠡᠯᠡᠵᠦ᠂ ᠠᠩᠬᠠᠨ ᠤ ᠰᠢᠯᠭᠠᠯᠲᠠ ᠶᠢ 2023 ᠣᠨ ᠤ 12 ᠰᠠᠷ᠎ᠠ ᠶᠢᠨ 23- 24 ᠤ ᠡᠳᠦᠷ ᠶᠠᠪᠤᠭᠳᠠᠭᠤᠯᠬᠤ ᠪᠠᠷ ᠲᠣᠭᠲᠠᠪᠠ
ᠨᠡᠶᠢᠲᠡᠯᠡᠭᠰᠡᠨ ᠴᠠᠭ᠄
2023/9/18
       ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ ᠶᠢᠨ 2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃ 2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠰᠢᠯᠭᠠᠯᠲᠠ ᠶᠢᠨ ᠠᠩᠬᠠᠨ ᠤ ᠰᠢᠯᠭᠠᠯᠲᠠ ᠶᠢ 2023 ᠣᠨ ᠤ 12 ᠰᠠᠷ᠎ᠠ ᠶᠢᠨ 23-24 ᠤ ᠡᠳᠦᠷ ᠶᠠᠪᠤᠭᠳᠠᠭᠤᠯᠵᠤ᠂ ᠰᠢᠯᠭᠠᠯᠲᠠ ᠶᠢᠨ ᠴᠠᠭ 3 ᠴᠠᠭ ᠠᠴᠠ ᠬᠡᠲᠦᠷᠡᠭᠰᠡᠨ ᠪᠤᠶᠤ ᠬᠡᠷᠡᠭᠯᠡᠬᠦ ᠵᠢᠷᠤᠭ ᠤᠨ ᠬᠠᠪᠲᠠᠰᠤ ᠬᠡᠷᠡᠭᠯᠡᠬᠦ ᠵᠡᠷᠭᠡ ᠣᠨᠴᠠᠭᠠᠶ ᠱᠠᠭᠠᠷᠳᠠᠯᠭ᠎ᠠ ᠲᠠᠢ ᠴᠥᠭᠡᠨ ᠲᠣᠭᠠᠨ ᠤ ᠰᠢᠯᠭᠠᠯᠲᠠ ᠶᠢᠨ ᠬᠢᠴᠢᠶᠡᠯ ᠲᠥᠷᠥᠯ ᠢ 12 ᠰᠠᠷ᠎ᠠ ᠶᠢᠨ 25 ᠤ ᠡᠳᠦᠷ ᠶᠠᠪᠤᠭᠳᠠᠭᠤᠯᠤᠨ᠎ᠠ᠃ ᠬᠠᠮᠲᠤ ᠳᠤ ᠪᠠᠨ ᠣᠶᠢᠯᠠᠭᠠᠵᠠᠭᠠᠶ᠎ᠠ᠃      ︽ᠲᠣᠭᠲᠠᠭᠠᠯ︾ ᠳᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ ᠰᠢᠯᠭᠠᠭᠤᠯᠤᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠢᠯᠭᠠᠭᠤᠯᠤᠭᠴᠢ ᠳᠤ ᠨᠠᠩ ᠬᠠᠯᠠᠭᠤᠨ ᠳᠤᠯᠠᠭᠠᠨ ᠪᠥᠭᠡᠳ ᠳᠥᠭᠦᠮ ᠳᠥᠲᠡ ᠦᠢᠯᠡᠴᠢᠯᠡᠭᠡ ᠬᠠᠩᠭᠠᠬᠤ ᠬᠡᠷᠡᠭᠲᠡᠶ᠃ ᠰᠢᠯᠭᠠᠯᠲᠠ ᠶᠢᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠰᠢᠯᠭᠠᠯᠲᠠ ᠶᠢᠨ ᠣᠷᠣᠨ ᠪᠠᠶᠢᠷᠢ ᠪᠠ ᠰᠢᠯᠭᠠᠯᠲᠠ  ᠶᠢᠨ ᠠᠵᠢᠯᠲᠠᠨ ᠢ ᠭᠦᠢᠴᠡᠳ ᠲᠣᠬᠢᠷᠠᠭᠤᠯᠵᠤ᠂ ᠰᠢᠯᠭᠠᠯᠲᠠ ᠶᠢ ᠵᠣᠬᠢᠶᠠᠨ ᠪᠠᠶᠢᠭᠤᠯᠬᠤ ᠠᠵᠢᠯ ᠳᠤ ᠦᠢᠯᠡᠴᠢᠯᠡᠵᠦ ᠪᠠᠲᠤᠯᠠᠨ᠎ᠠ᠃ ᠨᠡᠷ᠎ᠡ ᠮᠡᠳᠡᠭᠦᠯᠬᠦ ᠴᠡᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠨᠥᠬᠦᠴᠡᠯ ᠲᠠᠢ ᠮᠤᠵᠢ ᠣᠷᠣᠨ ᠨᠠᠩ ᠣᠯᠠᠨ ᠰᠢᠯᠭᠠᠭᠤᠯᠤᠭᠴᠢ ᠲᠤᠬᠠᠶ ᠶᠢᠨ ᠭᠠᠵᠠᠷ ᠲᠤ ᠪᠠᠨ ᠨᠡᠷ᠎ᠡ ᠮᠡᠳᠡᠭᠦᠯᠬᠦ ᠳᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠰᠢᠯᠭᠠᠭᠤᠯᠤᠭᠴᠢ ᠶᠢᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠡᠷ᠎ᠡ ᠮᠡᠳᠡᠭᠦᠯᠬᠦ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡ ᠶᠢ ᠰᠠᠶᠢᠲᠤᠷ       ᠬᠢᠨ᠎ᠠ᠃ ᠰᠢᠯᠭᠠᠭᠤᠯᠤᠭᠴᠢ ᠶᠢ ᠨᠣᠲᠠᠯᠠᠵᠤ ᠨᠡᠪᠲᠡᠷᠡᠬᠦ ᠪᠠᠨ ᠴᠢᠩᠭᠠᠳᠬᠠᠵᠤ᠂ ᠰᠣᠷᠣᠭᠴᠢ ᠡᠯᠰᠡᠬᠦ ᠨᠢᠭᠡᠴᠢ ᠠᠴᠠ ᠰᠢᠯᠭᠠᠭᠤᠯᠤᠭᠴᠢ ᠶᠢ ᠡᠯᠰᠡᠬᠦ  ᠪᠠᠷ ᠪᠠᠶᠢᠭ᠎ᠠ ᠪᠤᠶᠤ ᠬᠤᠶᠠᠳᠠᠬᠢ ᠰᠢᠯᠭᠠᠯᠲᠠ ᠬᠢᠯᠭᠡᠬᠦ ᠪᠠᠷ ᠪᠠᠶᠢᠭ᠎ᠠ ᠮᠡᠳᠡᠭᠳᠡᠯ ᠢ ᠨᠡᠶᠢᠲᠡᠯᠡᠬᠦ ᠦᠶ᠎ᠡ ᠳᠤ᠂ ᠰᠢᠯᠭᠠᠭᠤᠯᠤᠭᠴᠢ ᠶᠢᠨ ᠰᠤᠷᠤᠯᠭ᠎ᠠ᠂ ᠠᠵᠢᠯ᠂ ᠠᠮᠠᠷᠠᠯᠲᠠ ᠶᠢᠨ ᠴᠠᠭ ᠢ ᠭᠦᠢᠴᠡᠳ ᠪᠣᠳᠣᠯᠬᠢᠯᠠᠨ ᠵᠦᠶ ᠵᠣᠬᠢᠰᠲᠠᠶ  ᠲᠣᠬᠢᠷᠠᠭᠤᠯᠵᠤ᠂ ᠰᠢᠯᠭᠠᠭᠤᠯᠤᠭᠴᠢ ᠳᠤ ᠨᠤᠲᠠᠯᠠᠬᠤ ᠴᠠᠭ ᠢ ᠭᠦᠢᠴᠡᠳ ᠦᠯᠡᠳᠡᠭᠡᠵᠦ ᠥᠭᠬᠦ ᠬᠡᠷᠡᠭᠲᠡᠶ︔ ᠲᠣᠭᠲᠠᠭᠰᠠᠨ ᠴᠠᠭ ᠲᠤ ᠨᠣᠲᠠᠯᠠᠭᠰᠠᠨ ᠥᠬᠡᠶ ᠪᠣᠯ ᠰᠢᠯᠭᠠᠭᠤᠯᠤᠭᠴᠢ ᠲᠠᠢ ᠬᠠᠷᠢᠯᠴᠠᠵᠤ ᠨᠣᠲᠠᠯᠠᠬᠤ ᠬᠡᠷᠡᠭᠲᠡᠶ᠂ ᠬᠠᠷᠢᠨ ︽ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠭᠥᠯᠢᠶᠡᠨ ᠠᠪᠬᠤ ᠥᠬᠡᠶ ᠪᠣᠯ ᠥᠪᠡᠰᠦᠪᠡᠨ ᠲᠠᠶᠠᠭᠳᠠᠭᠰᠠᠨ︾ ᠢᠶᠠᠷ ᠦᠵᠡᠨ ᠬᠥᠩᠭᠡᠮᠰᠦᠭ ᠬᠠᠨᠳᠤᠵᠤ ᠪᠣᠯᠬᠤ ᠥᠬᠡᠶ ᠭᠡᠵᠦ ᠱᠠᠭᠠᠷᠳᠠᠪᠠ᠃       ︽ᠲᠣᠭᠲᠠᠭᠠᠯ︾ ᠳᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠰᠣᠷᠣᠭᠴᠢ ᠡᠯᠰᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ       ᠬᠡᠷᠡᠭᠲᠡᠶ᠃ ᠳᠠᠬᠢᠨ ᠰᠢᠯᠭᠠᠬᠤ ᠶᠢ ᠵᠣᠬᠢᠶᠠᠨ ᠪᠠᠶᠢᠭᠤᠯᠵᠤ ᠬᠠᠮᠢᠶᠠᠷᠬᠤ  ᠶᠢ ᠴᠢᠩᠭ᠎ᠠ ᠵᠢᠷᠤᠮᠵᠢᠭᠤᠯᠵᠤ᠂ ᠰᠣᠷᠣᠭᠴᠢ ᠡᠯᠰᠡᠬᠦ ᠨᠢᠭᠡᠴᠢ ᠨᠢ ᠳᠠᠬᠢᠨ ᠰᠢᠯᠭᠠᠬᠤ ᠠᠴᠠ ᠡᠮᠦᠨ᠎ᠡ ᠬᠥᠮᠦᠨ ᠤ ᠭᠡᠷᠡᠴᠢ ᠶᠢ ᠢᠯᠭᠠᠨ ᠲᠠᠨᠢᠬᠤ ᠵᠢᠴᠢ ᠬᠠᠮᠢᠶ᠎ᠠ ᠪᠥᠬᠦᠶ ᠮᠡᠳᠡᠭᠡ ᠵᠠᠩᠭᠢ ᠶᠢᠨ ᠬᠥᠮᠥᠷᠭᠡ ᠶᠢᠨ ᠲᠤᠭ᠎ᠠ ᠪᠠᠷᠢᠮᠲᠠ ᠶᠢ ᠬᠠᠷᠢᠴᠠᠭᠤᠯᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠠᠪᠴᠤ᠂ ᠰᠢᠯᠭᠠᠭᠤᠯᠤᠭᠴᠢ ᠶᠢᠨ ᠬᠢᠷᠢ ᠬᠡᠮ ᠢ ᠬᠢᠨᠠᠨ ᠬᠠᠷᠭᠤᠭᠤᠯᠬᠤ ᠶᠢ ᠴᠢᠩᠭᠠᠳᠬᠠᠨ᠂ ᠳᠠᠬᠢᠨ ᠰᠢᠯᠭᠠᠬᠤ ᠬᠤᠭᠤᠴᠠᠭᠠᠨ ᠳᠤ ᠰᠢᠯᠭᠠᠭᠤᠯᠤᠭᠴᠢ ᠶᠢᠨ ᠲᠠᠰ ᠳᠠᠷᠠᠭᠠᠯᠠᠯ ᠢ ᠲᠠᠰᠢᠷᠠᠮ ᠳᠠᠭᠠᠤ ᠰᠣᠩᠭᠤᠨ ᠲᠣᠭᠲᠠᠭᠠᠬᠤ᠂ ᠵᠢᠯᠣᠭᠤᠳᠣᠭᠴᠢ ᠪᠠᠭᠰᠢ ᠶᠢᠨ ᠳᠤᠭᠤᠶᠢᠯᠠᠩ ᠤᠨ ᠬᠡᠰᠢᠭᠦᠨ ᠢ ᠲᠠᠰᠢᠷᠠᠮ ᠳᠠᠭᠠᠤ ᠲᠣᠭᠲᠠᠭᠠᠬᠤ᠂ ᠳᠠᠬᠢᠨ ᠰᠢᠯᠭᠠᠬᠤ ᠰᠡᠳᠦᠪ ᠢ ᠲᠠᠰᠢᠷᠠᠮ ᠳᠠᠭᠠᠤ ᠰᠤᠭᠤᠴᠢᠨ ᠠᠪᠬᠤ ᠵᠡᠷᠭᠡ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠠᠷᠢᠮᠲᠠᠯᠠᠨ ᠲᠡᠭᠦᠯᠳᠡᠷᠵᠢᠭᠦᠯᠵᠦ᠂ ᠳᠠᠬᠢᠨ ᠰᠢᠯᠭᠠᠬᠤ ᠶᠠᠪᠤᠴᠠ  ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ       ᠬᠡᠷᠡᠭᠲᠡᠶ᠃ ᠳᠣᠭᠢᠷᠠᠭᠤᠯᠬᠤ ᠶᠠᠪᠤᠴᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠰᠣᠷᠣᠭᠴᠢ ᠡᠯᠰᠡᠬᠦ ᠨᠢᠭᠡᠴᠢ ᠪᠣᠶ ᠪᠥᠬᠦᠶ ᠳᠣᠭᠢᠷᠠᠭᠤᠯᠬᠤ ᠰᠣᠷᠣᠭᠴᠢ ᠶᠢ ᠭᠥᠯᠢᠶᠡᠨ ᠠᠪᠬᠤ ᠠᠵᠢᠯ ᠢ ᠴᠥᠮ ᠰᠤᠷᠭᠠᠨ ᠬᠥᠮᠦᠵᠢᠯ ᠤᠨ ᠶᠠᠮᠤᠨ ᠤ ︽ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠬᠤᠶᠠᠳᠠᠬᠢ ᠰᠢᠯᠭᠠᠯᠲᠠ ᠶᠢᠨ ᠳᠣᠭᠢᠷᠠᠭᠤᠯᠬᠤ ᠦᠢᠯᠡᠴᠢᠯᠡᠭᠡᠨ ᠤ ᠰᠢᠰᠲ᠋ᠧᠮ︾ ᠢᠶᠠᠷ ᠳᠠᠮᠵᠢᠭᠤᠯᠤᠨ ᠪᠡᠶᠡᠯᠡᠭᠦᠯᠵᠦ᠂ ᠳᠣᠭᠢᠷᠠᠭᠤᠯᠬᠤ ᠠᠵᠢᠯ  ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠳᠣᠭᠢᠷᠠᠭᠤᠯᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠳᠣᠭᠢᠷᠠᠭᠤᠯᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ︽ᠲᠣᠭᠲᠠᠭᠠᠯ︾ ᠳᠤ᠂ 2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠰᠢᠯᠭᠠᠯᠲᠠ ᠶᠢᠨ ᠠᠩᠬᠠᠨ ᠤ ᠰᠢᠯᠭᠠᠯᠲᠠ ᠶᠢ 2023 ᠣᠨ ᠤ 12 ᠰᠠᠷ᠎ᠠ ᠶᠢᠨ 23- 24 ᠤ ᠡᠳᠦᠷ ᠶᠠᠪᠤᠭᠳᠠᠭᠤᠯᠵᠤ᠂ ᠰᠢᠯᠭᠠᠯᠲᠠ ᠶᠢᠨ ᠴᠠᠭ 3 ᠴᠠᠭ ᠢ ᠬᠡᠲᠦᠷᠡᠭᠰᠡᠨ ᠪᠤᠶᠤ ᠵᠢᠷᠤᠭ  ᠤᠨ ᠬᠠᠪᠲᠠᠰᠤ ᠬᠡᠷᠡᠭᠯᠡᠬᠦ ᠵᠡᠷᠭᠡ ᠣᠨᠴᠠᠭᠠᠶ ᠱᠠᠭᠠᠷᠳᠠᠯᠭ᠎ᠠ ᠲᠠᠢ ᠴᠥᠭᠡᠨ ᠲᠣᠭᠠᠨ ᠤ ᠰᠢᠯᠭᠠᠯᠲᠠ ᠶᠢᠨ ᠬᠢᠴᠢᠶᠡᠯ ᠲᠥᠷᠥᠯ ᠢ 12 ᠰᠠᠷ᠎ᠠ ᠶᠢᠨ 25 ᠤ ᠡᠳᠦᠷ ᠶᠠᠪᠤᠭᠳᠠᠭᠤᠯᠤᠨ᠎ᠠ᠃ ᠰᠦᠯᠵᠢᠶᠡᠨ ᠳᠤ ᠨᠡᠷ᠎ᠡ ᠮᠡᠳᠡᠭᠦᠯᠬᠦ ᠠᠵᠢᠯ ᠢ 2023 ᠣᠨ ᠤ 10 ᠳ᠋ᠤᠭᠠᠷ ᠰᠠᠷ᠎ᠠ ᠶᠢᠨ 8-10 ᠳ᠋ᠤᠭᠠᠷ ᠰᠠᠷ᠎ᠠ ᠶᠢᠨ 25 ᠤ ᠡᠳᠦᠷ ︵ᠡᠳᠦᠷ ᠪᠦᠷᠢ ᠶᠢᠨ 9᠄ 00-22᠄ 00︶ ᠪᠣᠯᠲᠠᠯ᠎ᠠ ᠲᠣᠬᠢᠷᠠᠭᠤᠯᠵᠤ᠂ ᠤᠷᠢᠳᠴᠢᠯᠠᠨ ᠨᠡᠷ᠎ᠡ ᠮᠡᠳᠡᠭᠦᠯᠬᠦ ᠠᠵᠢᠯ ᠢ 9 ᠳ᠋ᠦ᠋ᠭᠡᠷ ᠰᠠᠷ᠎ᠠ ᠶᠢᠨ 24-9 ᠳ᠋ᠦ᠋ᠭᠡᠷ ᠰᠠᠷ᠎ᠠ  ᠶᠢᠨ 27 ᠤ ᠡᠳᠦᠷ ︵ᠡᠳᠦᠷ ᠪᠦᠷᠢ ᠶᠢᠨ 9᠄ 00-22᠄ 00︶ ᠪᠣᠯᠲᠠᠯ᠎ᠠ ᠲᠣᠬᠢᠷᠠᠭᠤᠯᠤᠨ᠎ᠠ᠃ ᠰᠦᠯᠵᠢᠶᠡᠨ ᠳᠤ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠰᠦᠯᠵᠢᠶᠡᠨ  ᠳᠤ ᠠᠵᠢᠯ ᠢᠶᠠᠨ ᠨᠤᠲᠠᠯᠠᠵᠤ᠂ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ  ᠶᠢ ᠬᠢᠨᠠᠨ ᠬᠠᠷᠭᠤᠭᠤᠯᠤᠨ᠎ᠠ᠃ ᠪᠣᠶ ᠪᠥᠬᠦᠶ ᠰᠢᠯᠭᠠᠭᠤᠯᠤᠭᠴᠢ ᠴᠥᠮ ᠲᠣᠭᠲᠠᠭᠰᠠᠨ ᠴᠠᠭ ᠲᠤ ᠰᠦᠯᠵᠢᠶᠡᠨ ᠳᠤ ᠨᠡᠷ᠎ᠡ ᠮᠡᠳᠡᠭᠦᠯᠬᠦ ᠪᠠ ᠰᠦᠯᠵᠢᠶᠡᠨ ᠳᠤ ᠨᠤᠲᠠᠯᠠᠬᠤ ᠳᠤ ᠣᠷᠣᠯᠴᠠᠵᠤ᠂ ᠬᠤᠭᠤᠴᠠᠭ᠎ᠠ ᠬᠡᠲᠦᠷᠡᠪᠡᠯ ᠳᠠᠭᠢᠵᠤ ᠨᠥᠬᠦᠨ ᠬᠦᠢᠴᠡᠳᠭᠡᠵᠦ ᠪᠣᠯᠬᠤ ᠥᠬᠡᠶ᠃       ᠥᠷᠭᠡᠨ ᠣᠯᠠᠨ ᠰᠢᠯᠭᠠᠭᠤᠯᠤᠭᠴᠢ ᠶᠢ ᠬᠠᠪᠰᠤᠷᠤᠨ ᠰᠣᠳᠤᠯᠤᠨ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ᠂ ᠣᠨᠣᠪᠴᠢᠲᠠᠶ ᠣᠶᠢᠯᠠᠭᠠᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠰᠤᠳᠤᠯᠤᠨ ᠰᠤᠷᠤᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ︵https://yz.chsi.com.cn2023 ᠣᠨ ᠤ 9 ᠰᠠᠷ᠎ᠠ ᠶᠢᠨ 18-22 ᠤᠨ ᠡᠳᠦᠷ ︽2024 ᠣᠨ ᠤ ᠪᠥᠬᠦ ᠤᠯᠤᠰ ᠤᠨ ᠰᠤᠳᠤᠯᠤᠨ ᠰᠤᠷᠤᠭᠴᠢ ᠡᠯᠰᠡᠬᠦ ᠤᠬᠠᠭᠤᠯᠭ᠎ᠠ ᠶᠢᠨ ᠵᠥᠪᠯᠡᠯᠭᠡ ᠥᠭᠬᠦ ᠭᠠᠷᠠᠭ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠣᠶ ᠪᠥᠬᠦᠶ ᠰᠣᠳᠤᠯᠤᠨ ᠰᠤᠷᠤᠭᠴᠢ ᠡᠯᠰᠡᠬᠦ ᠨᠢᠭᠡᠴᠢ ᠰᠦᠯᠵᠢᠶᠡᠨ ᠳᠤ ᠰᠢᠯᠭᠠᠭᠤᠯᠤᠭᠴᠢ ᠶᠢᠨ ᠠᠰᠠᠭᠤᠯᠲᠠ ᠶᠢ ᠬᠠᠷᠢᠭᠤᠯᠵᠤ ᠮᠠᠳᠠᠭ ᠢ ᠲᠠᠶᠢᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map