ᠰᠤᠷᠭᠠᠨ ᠬᠥᠮᠦᠵᠢᠯ ᠤᠨ ᠰᠢᠰᠲ᠋ᠧᠮ ᠤᠨ ᠥᠪᠡᠷᠲᠡᠭᠡᠨ ᠵᠠᠰᠠᠬᠤ ᠣᠷᠣᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠢᠶᠠᠷ ᠲᠠᠨᠢᠯᠴᠠᠭᠤᠯᠬᠤ ᠪᠠᠷ ᠪᠠᠶᠢᠭ᠎ᠠ ᠬᠥᠮᠦᠰ ᠢ ᠢᠯᠡ ᠨᠡᠶᠢᠲᠡᠯᠡᠬᠦ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2023/9/27
      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2023 ᠣᠨ ᠤ ᠥᠪᠡᠷᠲᠡᠭᠡᠨ ᠵᠠᠰᠠᠬᠤ ᠣᠷᠣᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ﹇2023﹈ 146 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠨ ᠬᠥᠮᠦᠵᠢᠯ ᠤᠨ ᠲᠢᠩᠬᠢᠮ ᠠᠴᠠ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠪᠠ 5 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠢ ᠲᠠᠨᠢᠯᠴᠠᠭᠤᠯᠬᠤ ᠠᠵᠢᠯ ᠢ ᠥᠷᠨᠢᠭᠦᠯᠪᠡ᠃ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠭᠠᠳ᠂ ᠡᠳᠦᠭᠡ ᠰᠤᠷᠭᠠᠨ ᠬᠥᠮᠦᠵᠢᠯ ᠤᠨ ᠰᠢᠰᠲ᠋ᠧᠮ ᠤᠨ ᠥᠪᠡᠷᠲᠡᠭᠡᠨ ᠵᠠᠰᠠᠬᠤ ᠣᠷᠣᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠢᠶᠠᠷ ᠲᠠᠨᠢᠯᠴᠠᠭᠤᠯᠬᠤ ᠪᠠᠷ ᠪᠠᠶᠢᠭ᠎ᠠ ᠬᠥᠮᠦᠰ ᠢ ᠢᠯᠡ ᠨᠡᠶᠢᠲᠡᠯᠡᠪᠡ᠃       ᠨᠢᠭᠡ᠂ ᠢᠯᠡ ᠨᠡᠶᠢᠲᠡᠯᠡᠬᠦ ᠬᠥᠮᠦᠰ      ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠰᠢᠨ ᠴᠠᠬᠢᠯᠭᠠᠨ ᠤ ᠢᠨᠵᠧᠨᠧᠷᠢᠩ ᠤᠨ ᠰᠠᠯᠪᠤᠷᠢ ᠶᠢᠨ ᠫᠷᠣᠹᠧᠰᠰᠤᠷ  ᠠᠨ ᠭᠠᠢ ᠳ᠋ᠢ      ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠠᠨ ᠤ ᠵᠠᠭᠤᠴᠢᠯᠠᠭᠤᠷ ᠪᠣᠯᠤᠨ ᠤᠷᠠᠯᠢᠭ ᠤᠨ ᠵᠢᠷᠤᠭ ᠲᠥᠯᠥᠪᠯᠡᠭᠡᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ  ᠵᠠᠩ ᠮᠧᠶ ᡁᠢ      ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠰᠢᠨ ᠴᠠᠬᠢᠯᠭᠠᠨ ᠤ ᠢᠨᠵᠧᠨᠧᠷᠢᠩ ᠤᠨ ᠰᠠᠯᠪᠤᠷᠢ ᠶᠢᠨ ᠳᠡᠳ᠋ ᠫᠷᠤᠹᠧᠰᠰᠤᠷ  ᠯᠢᠦ ᠯᠢᠩ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠤᠨ ᠳᠡᠭᠡᠳᠦ ᠳᠡᠰ ᠤᠨ ᠪᠠᠭᠰᠢ  ᠿᠧᠨ ᠵᠢᠶᠠᠨ ᠰᠢᠨ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠣᠳᠤᠯᠭᠠᠨ ᠪᠣᠯᠤᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠬᠦᠷᠢᠶᠡᠯᠡᠩ ᠤᠨ ᠰᠤᠳᠤᠯᠤᠭᠴᠢ  ᠮᠦᠩᠭᠦᠨᠴᠡᠴᠡᠭ      ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ      2023 ᠣᠨ ᠤ 9 ᠰᠠᠷ᠎ᠠ ᠶᠢᠨ 28-10 ᠰᠠᠷ᠎ᠠ ᠶᠢᠨ 10 ᠤ ᠡᠳᠦᠷ      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠢ ᠪᠠ ᠬᠤᠪᠢ ᠬᠥᠮᠦᠨ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠢᠯᠡ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠤᠨ ᠲᠥᠯᠦᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠶ ᠳᠤ ᠨᠢ ᠬᠠᠷᠢᠭᠤ ᠪᠤᠴᠠᠭᠠᠨ᠎ᠠ᠃       ᠢᠯᠡ ᠨᠡᠶᠢᠲᠡᠯᠡᠬᠦ ᠠᠯᠪᠠᠨ ᠬᠡᠷ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ᠤᠨ ᠠᠯᠪᠠᠨ ᠠᠰᠠᠷ ᠤᠨ 810 ᠥᠷᠥᠭᠡᠨ ᠳᠤ ᠲᠣᠬᠢᠷᠠᠭᠤᠯᠪᠠ᠃       ᠬᠦᠯᠢᠶᠡᠨ ᠠᠪᠴᠤ ᠰᠢᠢᠳᠪᠦᠷᠢᠯᠡᠬᠦ ᠴᠠᠭ᠄      ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00-12᠄ 00       ᠦᠳᠡ ᠶᠢᠨ ᠬᠤᠶᠢᠨᠠᠬᠢ 14᠄ 30-17᠄ 30      ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶ᠎ᠠ 0471—2856810         ᠡᠭᠦᠨ ᠤ ᠲᠤᠯᠠ ᠣᠨᠴᠠᠭᠠᠶᠢᠯᠠᠨ ᠵᠠᠷᠯᠠᠪᠠ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ               2023 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map