ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠪᠥᠬᠦ ᠤᠯᠤᠰ ᠤᠨ 7 ᠳᠠᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ ᠢ ᠤᠯᠠᠮᠵᠢᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/9/6
             ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ  ﹇2023﹈ 96 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠄       ᠶᠡᠷᠦᠩᠬᠡᠶ ᠱᠦᠵᠢ ᠰᠢ ᠶᠢᠨ ᠫᠢᠩ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠶᠢ ᠠᠬᠢᠭᠤᠯᠬᠤ ᠶᠢᠨ ᠲᠥᠯᠥᠭᠡ᠂ ᠡᠳᠦᠭᠡ ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠪᠥᠬᠦ ᠤᠯᠤᠰ ᠤᠨ 7 ᠳᠠᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠢ ᠲᠠᠨᠠᠷ ᠲᠤ ᠤᠯᠠᠮᠵᠢᠯᠠᠨ ᠲᠠᠷᠬᠠᠭᠠᠬᠤ ᠶᠢᠨ ᠬᠠᠮᠲᠤ ᠳᠤᠤᠷᠠᠬᠢ ᠮᠡᠲᠦ ᠱᠠᠭᠠᠷᠳᠠᠯᠭ᠎ᠠ ᠳᠤᠷᠠᠳᠪᠠ᠂ ᠬᠠᠮᠲᠤ ᠳᠤ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃       ᠨᠢᠭᠡ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ  ᠶᠢᠨ ᠠᠵᠢᠯᠯᠠᠭ᠎ᠠ ᠶᠢ ᠣᠯᠠᠨ ᠠᠷᠭ᠎ᠠ ᠵᠠᠮ ᠢᠶᠠᠷ ᠥᠷᠨᠢᠭᠦᠯᠦᠨ᠎ᠡ      ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠤᠨ ᠬᠢᠨ ︽︿ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ᠂ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠵᠡᠷᠭᠡ ᠠᠳᠠᠯᠢ ᠪᠤᠰᠤ ᠰᠤᠷᠤᠯᠭ᠎ᠠ ᠶᠢᠨ ᠱᠠᠲᠤᠨ ᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠢᠯᠣᠭᠤᠳᠤᠮᠵᠢ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠰᠤᠷᠭᠠᠨ ᠪᠡᠶ᠎ᠡ ᠶᠢᠨ ᠲᠠᠮᠢᠷ ᠤᠷᠠᠯᠢᠭ ᠲᠢᠩᠬᠢᠮ ᠪᠢᠴᠢᠭ ﹇2021﹈ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠡᠬᠢᠯᠡᠭᠰᠡᠨ ᠠᠩᠬᠠᠨ ᠤ ᠬᠠᠷᠠᠭᠠᠨ ᠤ ᠡᠷᠡᠭᠦᠯ ᠮᠡᠨᠳᠦ ᠶᠢᠨ ᠬᠢᠴᠢᠶᠡᠯ᠂ ᠭᠤᠤᠯ ᠰᠡᠳᠦᠪᠲᠦ ᠠᠩᠭᠢ  ᠶᠢᠨ ᠬᠤᠷᠠᠯ᠂ ᠬᠡᠷ ᠪᠦᠯᠢ ᠶᠢᠨ ᠡᠳᠦᠷ ᠲᠤᠲᠤᠮ ᠤᠨ ᠠᠵᠢᠯᠯᠠᠭ᠎ᠠ᠂ ᠮᠡᠳᠡᠯᠭᠡ ᠤᠷ᠎ᠠ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ︽ᠦᠢᠯᠡ ᠠᠵᠢᠯᠯᠠᠭ᠎ᠠ ᠪᠠᠷ ᠨᠥᠯᠦᠭᠡᠯᠡᠬᠦ ᠶᠢ ᠴᠢᠬᠤᠯᠠᠴᠢᠯᠠᠨ᠂ ᠡᠳᠦᠷ ᠲᠤᠲᠤᠮ ᠤᠨ ᠠᠮᠢᠳᠤᠷᠠᠯ ᠳᠤ ᠠᠭᠤᠰᠬᠠᠬᠤ︾ ᠪᠠᠷ ᠭᠤᠤᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠵᠦ ᠨᠢᠳᠦ ᠪᠠᠨ ᠬᠠᠮᠠᠭᠠᠯᠠᠬᠤ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠦᠨ᠂ ᠰᠤᠷᠤᠭᠴᠢᠳ ᠤᠨ ᠰᠠᠨᠠᠭᠠᠴᠢᠯᠠᠭ᠎ᠠ ᠠᠴᠠ ᠪᠠᠨ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ    ᠬᠡᠷᠡᠭᠲᠡᠢ᠃ ᠡᠯ᠎ᠡ ᠭᠠᠵᠠᠷ ᠤᠨ ᠬᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠪᠦᠯᠬᠦᠮ ᠤᠨ ᠦᠢᠯᠡᠳᠦᠯ ᠢ ᠪᠠᠳᠠᠷᠠᠭᠤᠯᠵᠤ᠂ 2023 ᠣᠨ ᠤ ᠨᠠᠮᠤᠷ ᠤᠨ ᠤᠯᠠᠷᠢᠯ ᠤᠨ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠷᠠᠭ᠎ᠠ ᠶᠢ ᠨᠡᠶᠢᠳᠡᠮ ᠪᠠᠶᠢᠴᠠᠭᠠᠬᠤ ᠴᠠᠭ ᠲᠠᠢ ᠤᠶᠠᠯᠳᠤᠭᠤᠯᠤᠨ᠂ ᠲᠣᠰ ᠭᠠᠵᠠᠷ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠤᠰᠬᠠᠶ ᠮᠡᠷᠭᠡᠵᠢᠯᠲᠡᠨ ᠢ ᠲᠣᠬᠢᠷᠠᠭᠤᠯᠤᠨ ᠰᠤᠷᠭᠠᠭᠤᠯᠢ ᠳᠤ ᠬᠦᠷᠴᠦ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ 9 ᠳ᠋ᠦ᠋ᠭᠡᠷ ᠰᠠᠷ᠎ᠠ ᠳᠤ ᠰᠤᠷᠭᠠᠭᠤᠯᠢ ᠳᠤ ᠣᠷᠣᠵᠤ ᠤᠬᠠᠭᠤᠯᠤᠨ ᠲᠠᠶᠢᠯᠪᠤᠷᠢᠯᠠᠬᠤ ᠡᠭᠦᠷᠭᠡ ᠶᠢ ᠬᠠᠮᠤᠭ ᠤᠨ ᠪᠠᠭ᠎ᠠ ᠳᠤ ᠪᠠᠨ 15 ᠤᠳᠠᠭ᠎ᠠ ᠪᠡᠶᠡᠯᠡᠭᠦᠯᠬᠦ ᠬᠡᠷᠡᠭᠲᠡᠶ᠃ ᠤᠬᠠᠭᠤᠯᠤᠨ ᠲᠠᠶᠢᠯᠪᠤᠷᠢᠯᠠᠬᠤ ᠶᠢ ᠡᠯ᠎ᠡ ᠰᠤᠷᠤᠯᠭ᠎ᠠ ᠶᠢᠨ ᠱᠠᠲᠤᠨ ᠳᠤ ᠪᠦᠷᠬᠦᠬᠦᠯᠵᠤ᠂ ᠦᠨᠳᠦᠰᠦᠨ ᠱᠠᠳᠤ ᠣᠨᠴᠠᠭᠠᠶᠢᠯᠠᠨ ᠬᠥᠳᠡᠭᠡ ᠲᠣᠰᠬᠤᠨ ᠤ ᠰᠤᠷᠭᠠᠭᠤᠯᠢ ᠳᠤ ᠭᠦᠨᠵᠡᠭᠡᠶᠢᠷᠡᠨ ᠬᠠᠨᠳᠤᠯᠭᠠᠲᠠᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠦᠨ᠂ ᠡᠷᠲᠡ ᠠᠳᠬᠤᠬᠤ᠂ ᠪᠠᠭ᠎ᠠ ᠠᠴᠠ ᠨᠢ ᠠᠳᠬᠤᠬᠤ᠂ ᠪᠦᠬᠦᠨ ᠢ ᠠᠳᠬᠤᠬᠤ ᠶᠢ ᠪᠡᠶᠡᠯᠡᠭᠦᠯᠦᠨ᠎ᠡ᠃       ᠬᠤᠶᠠᠷ᠂ ᠬᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠤᠯᠪᠤᠯᠳᠤᠨ ᠬᠥᠳᠡᠯᠦᠯᠴᠡᠵᠦ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ      ᠡᠯ᠎ᠡ ᠭᠠᠵᠠᠷ ᠤᠨ ᠡᠯ᠎ᠡ ᠰᠤᠷᠭᠠᠭᠤᠯᠢ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠤᠷᠭᠠᠭᠤᠯᠢ ᠶᠢᠨ ᠤᠳᠤᠷᠢᠳᠤᠯᠭ᠎ᠠ᠂ ᠠᠩᠭᠢ ᠶᠢᠨ ᠡᠷᠬᠢᠯᠡᠭᠴᠢ᠂ ᠰᠤᠷᠭᠠᠭᠤᠯᠢ ᠶᠢᠨ ᠡᠮᠴᠢ ︵ᠡᠷᠡᠭᠦᠯᠵᠢᠯ ᠤᠨ ᠪᠠᠭᠰᠢ︶᠂ ᠬᠡᠷ ᠤᠨ ᠠᠬᠠᠮᠠᠳ ᠤᠨ ᠲᠥᠯᠥᠭᠡᠯᠡᠭᠴᠢ ᠵᠡᠷᠭᠡ ᠣᠯᠠᠨ ᠲᠠᠯ᠎ᠠ ᠶᠢᠨ ᠬᠢᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ ᠨᠠᠷᠢᠯᠢᠭᠵᠢᠭᠤᠯᠬᠤ ᠬᠡᠷᠡᠭᠲᠡᠢ᠃ ᠠᠩᠭᠢ ᠶᠢᠨ ᠰᠣᠷᠣᠭᠴᠢ ᠶᠢᠨ ᠬᠠᠷᠠᠭᠠᠨ ᠤ ᠡᠷᠡᠭᠦᠯ ᠮᠡᠨᠳᠦ ᠶᠢᠨ ᠭᠡᠰᠢᠭᠦᠨ ᠵᠡᠷᠭᠡ ᠠᠩᠭᠢ ᠳᠤ ᠪᠠᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠠᠵᠢᠯ ᠤᠨ ᠪᠠᠶᠢᠷᠢ ᠭᠠᠷᠭᠠᠬᠤ ᠶᠢ ᠵᠣᠷᠢᠭᠵᠢᠭᠤᠯᠤᠨ᠎ᠠ᠃ ᠠᠩᠭᠢ ᠶᠢᠨ ᠡᠷᠬᠢᠯᠡᠭᠴᠢ᠂ ᠰᠤᠷᠭᠠᠭᠤᠯᠢ ᠶᠢᠨ ᠡᠮᠴᠢ ︵ᠡᠷᠡᠭᠦᠯᠵᠢᠯ ᠤᠨ ᠪᠠᠭᠰᠢ︶᠂ ᠠᠩᠭᠢ ᠶᠢᠨ ᠰᠣᠷᠣᠭᠴᠢ ᠶᠢᠨ ᠬᠠᠷᠠᠭᠠᠨ ᠤ ᠡᠷᠡᠭᠦᠯ ᠮᠡᠨᠳᠦ ᠶᠢᠨ ᠭᠡᠰᠢᠭᠦᠨ ᠳᠤ ᠬᠠᠨᠳᠤᠭᠤᠯᠤᠨ᠂ ᠠᠩᠭᠢ ᠶᠢᠨ ᠡᠳᠦᠷ ᠲᠤᠲᠤᠮ ᠤᠨ ᠬᠠᠷᠠᠭᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠪᠠ ᠰᠤᠷᠤᠭᠴᠢᠳ ᠤᠨ ᠨᠢᠳᠦ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠪᠣᠯᠪᠠᠰᠤᠷᠠᠭᠤᠯᠤᠯ ᠢ ᠥᠷᠨᠢᠭᠦᠯᠦᠨ᠎ᠡ᠃ ᠭᠠᠵᠠᠷ ᠣᠷᠣᠨ ᠤ ᠬᠤᠭᠤᠷᠣᠨᠳᠣᠬᠢ᠂ ᠰᠤᠷᠭᠠᠭᠤᠯᠢ ᠶᠢᠨ ᠬᠤᠭᠤᠷᠣᠨᠳᠣᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠰᠣᠯᠢᠯᠴᠠᠬᠤ ᠶᠢ ᠵᠣᠬᠢᠶᠠᠨ ᠪᠠᠶᠢᠭᠤᠯᠵᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠣᠷᠣᠨ ᠪᠠ ᠲᠤᠷᠰᠢᠯᠲᠠ ᠶᠢᠨ ᠰᠤᠷᠭᠠᠭᠤᠯᠢ ᠶᠢᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠠᠬᠢᠭᠤᠯᠤᠨ᠎ᠠ᠃      ᠭᠤᠷᠪᠠ᠂ ᠬᠡᠷ ᠪᠦᠯᠢ ᠶᠢᠨ ᠴᠢᠬᠤᠯᠠ ᠦᠢᠯᠡᠳᠦᠯ ᠢ ᠪᠠᠳᠠᠷᠠᠭᠤᠯᠵᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠠᠬᠢᠭᠤᠯᠤᠨ᠎ᠠ      ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠬᠢᠨ ᠬᠡᠷ ᠪᠦᠯᠢ ᠰᠤᠷᠭᠠᠭᠤᠯᠢ ᠨᠡᠶᠢᠭᠡᠮ ᠤᠨ ᠤᠬᠠᠭᠤᠯᠭ᠎ᠠ ᠬᠥᠮᠦᠵᠢᠯ ᠤᠨ ᠬᠠᠮᠲᠤ ᠳᠤ ᠪᠠᠨ ᠬᠥᠮᠦᠵᠢᠭᠦᠯᠬᠦ ᠵᠠᠭᠪᠤᠷ ᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂ ᠬᠠᠮᠢᠶᠠᠷᠤᠯᠲᠠ ᠶᠢ ᠳᠠᠭᠠᠬᠤ ᠪᠠ ᠦᠢᠯᠡᠴᠢᠯᠡᠭᠡ ᠶᠢ ᠪᠠᠲᠤᠯᠠᠬᠤ ᠶᠢ ᠳᠣᠪᠤᠶᠢᠯᠭᠠᠨ᠂ ᠬᠡᠦᠬᠡᠳ ᠤᠨ ᠴᠡᠴᠡᠷᠯᠢᠭ ᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ︽ᠨᠢᠭᠡᠳᠦᠭᠡᠷ ᠪᠣᠭᠤᠮᠲᠠ︾ ᠪᠣᠯᠭᠠᠵᠤ᠂ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ ᠬᠡᠷ ᠤᠨ ᠠᠬᠠᠮᠠᠳ ᠲᠤ ᠬᠡᠦᠬᠡᠳ ᠤᠨ ᠬᠤᠯᠠ ᠬᠠᠷᠠᠭᠠᠨ ᠤ ᠨᠥᠭᠡᠴᠡ ᠶᠢᠨ ᠪᠠᠶᠢᠳᠠᠯ ᠢ ᠣᠶᠢᠯᠠᠭᠠᠭᠤᠯᠵᠤ᠂ ᠬᠡᠦᠬᠡᠳ ᠪᠠᠭ᠎ᠠ ᠰᠤᠷᠭᠠᠭᠤᠯᠢ ᠶᠢᠨ ᠳᠤᠤᠷ᠎ᠠ ᠣᠨ ᠳᠤ ᠣᠶᠢᠷ᠎ᠠ ᠬᠠᠷᠠᠭ᠎ᠠ ᠲᠠᠢ ᠪᠣᠯᠬᠤ ᠨᠣᠷᠮ᠎ᠠ ᠶᠢ ᠬᠢᠵᠠᠭᠠᠷᠯᠠᠬᠤ ᠬᠡᠷᠡᠭᠲᠡᠢ᠃ ᠰᠤᠷᠤᠭᠴᠢ᠂ ᠭᠡᠷ ᠤᠨ ᠠᠬᠠᠮᠠᠳ ᠪᠣᠯᠤᠨ ᠪᠠᠭᠰᠢ ᠨᠠᠷ ᠳᠡᠭᠡᠳᠦ ᠬᠡᠮᠵᠢᠶᠡᠨ ᠤ ᠣᠶᠢᠷ᠎ᠠ ᠬᠠᠷᠠᠭ᠎ᠠ᠂ ᠡᠪᠡᠳᠴᠢᠨ ᠤ ᠴᠢᠨᠠᠷᠲᠠᠶ ᠣᠶᠢᠷ᠎ᠠ ᠬᠠᠷᠠᠭ᠎ᠠ ᠶᠢ ᠰᠢᠨᠵᠢᠯᠡᠬᠦ ᠤᠬᠠᠭᠠᠨᠴᠢ ᠪᠠᠷ ᠲᠠᠨᠢᠵᠤ ᠮᠡᠳᠡᠬᠦ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭᠠᠨ ᠤ ᠠᠬᠢᠴᠠ ᠶᠢᠨ ᠬᠤᠷᠳᠤᠴᠠ ᠶᠢ ᠬᠠᠮᠲᠤ ᠳᠤ ᠪᠠᠨ ᠡᠵᠡᠮᠳᠡᠵᠦ᠂ ᠳᠡᠭᠡᠳᠦ ᠬᠡᠮᠵᠢᠶᠡᠨ ᠤ ᠣᠶᠢᠷ᠎ᠠ ᠬᠠᠷᠠᠭ᠎ᠠ ᠲᠠᠢ ᠪᠣᠯᠬᠤ ᠠᠴᠠ ᠵᠠᠶᠢᠯᠠᠰᠬᠢᠨ᠎ᠠ᠃ ᠬᠡᠷ ᠤᠨ ᠠᠬᠠᠮᠠᠳ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠭᠦᠢᠴᠡᠳᠭᠡᠬᠦ ᠶᠢ ᠠᠬᠢᠭᠤᠯᠵᠤ᠂ ᠬᠡᠷ ᠤᠨ ᠬᠥᠮᠦᠵᠢᠯ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠳᠠᠬᠢ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ ᠰᠤᠷᠤᠭᠴᠢ᠂ ᠭᠡᠷ ᠤᠨ ᠠᠬᠠᠮᠠᠳ ᠤᠨ ᠤᠬᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠭᠡᠷ ᠪᠦᠯᠢ ᠶᠢᠨ ᠨᠢᠳᠦᠨ ᠤ ᠡᠷᠡᠭᠦᠯ ᠮᠡᠨᠳᠦ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ︽ᠳᠡᠯᠭᠡᠴᠡ ᠶᠢᠨ ᠴᠠᠭ︾ ᠢ ᠬᠠᠮᠲᠤ ᠳᠤ ᠪᠠᠨ ᠡᠵᠡᠮᠳᠡᠨ᠂ ᠭᠡᠷ ᠤᠨ ᠠᠬᠠᠮᠠᠳ ᠢ ᠵᠢᠯᠣᠭᠤᠳᠴᠤ ᠰᠤᠷᠤᠭᠴᠢᠳ ᠲᠤ ᠡᠷᠡᠭᠦᠯ ᠴᠢᠭᠢᠷᠠᠭ ᠭᠡᠷ ᠪᠦᠯᠢ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠡᠳᠦᠷ ᠪᠦᠷᠢ ᠬᠡᠦᠬᠡᠳ ᠢ ᠱᠠᠭᠠᠷᠳᠠᠵᠤ ᠭᠡᠷ ᠪᠦᠯᠢ ᠶᠢᠨ ᠨᠢᠳᠦ ᠬᠠᠮᠠᠭᠠᠯᠠᠬᠤ ᠢᠯᠢᠯᠡᠭᠡ ᠬᠢᠯᠭᠡᠨ᠂ ᠨᠢᠳᠦ ᠪᠠᠨ ᠬᠠᠶᠢᠷᠠᠯᠠᠵᠤ ᠨᠢᠳᠦ  ᠪᠠᠨ ᠬᠠᠮᠠᠭᠠᠯᠠᠬᠤ ᠡᠷᠡᠭᠦᠯ ᠴᠢᠭᠢᠷᠠᠭ ᠭᠡᠷ ᠪᠦᠯᠢ ᠶᠢᠨ ᠠᠭᠤᠷ ᠠᠮᠢᠰᠬᠤᠯ ᠢ ᠪᠤᠢ ᠪᠣᠯᠭᠠᠨ᠎ᠠ᠃       ᠳᠥᠷᠪᠡ᠂ ᠬᠠᠷᠠᠭᠠᠨ ᠤ ᠨᠡᠶᠢᠳᠡᠮ ᠪᠠᠶᠢᠴᠠᠭᠠᠯᠲᠠ ᠵᠢᠴᠢ ᠲᠤᠭ᠎ᠠ ᠪᠠᠷᠢᠮᠲᠠ ᠶᠢ ᠮᠡᠳᠡᠭᠦᠯᠬᠦ ᠠᠵᠢᠯ ᠤᠨ ᠴᠢᠨᠠᠷ ᠪᠠ ᠲᠤᠭ᠎ᠠ ᠶᠢ ᠪᠠᠲᠤᠯᠠᠬᠤ ᠶᠢ ᠪᠡᠶᠡᠯᠡᠭᠦᠯᠦᠨ᠎ᠡ      ᠡᠯ᠎ᠡ ᠭᠠᠵᠠᠷ ᠤᠨ ᠡᠯ᠎ᠡ ᠰᠤᠷᠭᠠᠭᠤᠯᠢ ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠣᠭᠲᠠᠮᠠᠯ ᠬᠤᠭᠤᠴᠠᠭ᠎ᠠ ᠲᠠᠢ ᠬᠠᠷᠠᠭᠠᠨ ᠤ ᠪᠠᠶᠢᠴᠠᠭᠠᠯᠲᠠ ᠶᠢᠨ ᠭᠤᠤᠯ ᠪᠣᠯᠬᠤ ᠮᠡᠳᠡᠭᠡ ᠵᠠᠩᠭᠢ ᠶᠢ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠰ ᠰᠤᠷᠤᠯᠭ᠎ᠠ ᠶᠢᠨ ᠬᠤᠭᠤᠴᠠᠭᠠᠨ ᠤ ᠬᠠᠷᠠᠭᠠᠨ ᠤ ᠨᠡᠶᠢᠳᠡᠮ ᠪᠠᠶᠢᠴᠠᠭᠠᠯᠲᠠ ᠵᠢᠴᠢ ᠲᠤᠭ᠎ᠠ ᠪᠠᠷᠢᠮᠲᠠ ᠶᠢ ᠮᠡᠳᠡᠭᠦᠯᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠵᠣᠯᠭᠠᠭᠤᠯᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠬᠤᠰᠢᠭᠤ ᠰᠢᠶᠠᠨ ᠲᠣᠭᠤᠷᠢᠭ ᠬᠤᠪᠢᠶᠠᠨ᠂ ᠰᠤᠷᠭᠠᠭᠤᠯᠢ ᠳᠠᠷᠠᠭᠠᠯᠠᠨ ᠰᠤᠷᠭᠠᠭᠤᠯᠢ ᠳᠤ ᠬᠦᠷᠴᠦ ᠨᠡᠶᠢᠳᠡᠮ ᠪᠠᠶᠢᠴᠠᠭᠠᠯᠲᠠ ᠬᠢᠬᠦ ᠴᠠᠭ ᠢ ᠰᠠᠶᠢᠲᠤᠷ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠳᠤᠮᠳᠠᠳᠤ ᠪᠠᠭ᠎ᠠ ᠰᠤᠷᠭᠠᠭᠤᠯᠢ ᠨᠢᠭᠡ ᠪᠦᠷᠢ ᠶᠢ ᠬᠠᠮᠤᠷᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠶ᠎ᠠ ᠣᠷᠣᠨ ᠤ ᠰᠤᠷᠭᠠᠭᠤᠯᠢ ᠶᠢᠨ ᠣᠶᠢᠷ᠎ᠠ ᠬᠠᠷᠠᠭᠠᠨ ᠤ ᠨᠡᠶᠢᠳᠡᠮ ᠪᠠᠶᠢᠴᠠᠭᠠᠯᠲᠠ ᠶᠢ ᠵᠢᠯᠣᠭᠤᠳᠤᠨ ᠰᠢᠪᠠᠳᠠᠭᠤᠯᠬᠤ ᠶᠢ ᠦᠨᠡᠨ ᠬᠦ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠬᠢᠴᠠ ᠶᠢ ᠰᠠᠷ᠎ᠠ ᠪᠦᠷᠢ ᠲᠣᠬᠢᠷᠠᠭᠤᠯᠤᠨ᠂ ᠠᠵᠢᠯ ᠤᠨ ᠠᠬᠢᠴᠠ ᠶᠢᠨ ᠡᠬᠡ ᠳᠠᠩᠰᠠ ᠪᠠᠨ ᠮᠠᠨ ᠤ ᠲᠢᠩᠬᠢᠮ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠢ᠃ ᠡᠭᠦᠨ ᠤ ᠬᠠᠮᠲᠤ ᠰᠤᠷᠭᠠᠭᠤᠯᠢ ᠳᠤ ᠣᠷᠣᠵᠤ ᠰᠢᠭᠰᠢᠨ ᠪᠠᠶᠢᠴᠠᠭᠠᠬᠤ ᠪᠠᠶᠢᠭᠤᠯᠤᠮᠵᠢ ᠵᠠᠷ ᠮᠡᠳᠡᠭᠡᠨ ᠤ ᠤᠬᠠᠭᠤᠯᠭ᠎ᠠ ᠵᠡᠷᠭᠡ ᠪᠤᠰᠤᠳ ᠠᠵᠢᠯᠯᠠᠭ᠎ᠠ ᠥᠷᠨᠢᠭᠦᠯᠬᠦ ᠶᠢ ᠴᠢᠩᠭ᠎ᠠ ᠬᠤᠷᠢᠭᠯᠠᠨ᠂ ᠬᠠᠷᠠᠭᠠᠨ  ᠤ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠨ᠂ ᠣᠯᠠᠨ ᠪᠠᠶᠢᠭᠤᠯᠤᠮᠵᠢ ᠰᠤᠷᠭᠠᠭᠤᠯᠢ ᠳᠤ ᠣᠷᠣᠬᠤ᠂ ᠳᠠᠪᠬᠤᠷᠳᠠᠭᠤᠯᠤᠨ ᠰᠤᠷᠭᠠᠭᠤᠯᠢ ᠳᠤ ᠣᠷᠣᠬᠤ ᠵᠡᠷᠭᠡ ᠪᠠᠶᠢᠳᠠᠯ ᠭᠠᠷᠴᠤ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠨᠥᠯᠥᠭᠡᠯᠡᠬᠦ ᠶᠢ ᠡᠷᠡᠰ ᠬᠤᠷᠢᠭᠯᠠᠬᠤ ᠬᠡᠷᠡᠭᠲᠡᠢ᠃      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠱᠠᠭᠠᠷᠳᠠᠯᠭ᠎ᠠ ᠶᠣᠰᠤ ᠪᠠᠷ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ 2023 ᠣᠨ ᠤ 10 ᠳ᠋ᠤᠭᠠᠷ ᠰᠠᠷ᠎ᠠ ᠶᠢᠨ 9 ᠤ ᠡᠳᠦᠷ ᠠᠴᠠ ᠡᠮᠦᠨ᠎ᠡ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭᠠᠨ ᠤ ᠪᠠᠶᠢᠳᠠᠯ ᠢᠶᠠᠨ ᠰᠠᠷ᠎ᠠ ᠪᠦᠷᠢ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠤᠭᠰᠠᠨ ᠪᠠᠶᠢᠳᠠᠯ ᠤᠨ ᠡᠬᠡ ᠲᠠᠩᠰᠠ ᠶᠢᠨ ᠬᠡᠯᠪᠡᠷᠢ ᠪᠠᠷ ᠮᠠᠨ ᠤ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠣᠯᠤᠨ ᠬᠥᠳᠡᠯᠮᠦᠷᠢ ᠶᠢᠨ ᠬᠥᠮᠦᠵᠢᠯ ᠤᠨ ᠭᠠᠵᠠᠷ  ᠲᠤ ᠮᠡᠳᠡᠭᠦᠯᠵᠦ᠂ ᠡᠯᠧᠺᠲᠷᠣᠨ ᠬᠡᠪᠯᠡᠯ ᠢ ᠲᠣᠭᠲᠠᠭᠰᠠᠨ ᠢᠮᠧᠯ ᠳᠤ ᠢᠯᠡᠭᠡᠭᠡᠷᠡᠶ᠃       ᠬᠠᠷᠢᠯᠴᠠᠬᠤ ᠬᠥᠮᠦᠨ᠄ ᠸᠠᠩ ᠾᠦᠢ ᠲᠤᠤ      ᠬᠠᠷᠢᠯᠴᠠᠬᠤ ᠤᠲᠠᠰᠤ᠄ 0471 - 2856032      ᠢᠮᠧᠯ᠄ twywht@163.com︔      ᠳᠠᠭᠠᠯᠳᠤᠭᠤᠯᠤᠯ᠄ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠪᠥᠬᠦ ᠤᠯᠤᠰ ᠤᠨ 7 ᠳᠠᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                  2023 ᠣᠨ ᠤ 9 ᠰᠠᠷ᠎ᠠ ᠶᠢᠨ 1 ᠤ ᠡᠳᠦᠷᠳᠠᠭᠠᠯᠳᠤᠭᠤᠯᠤᠯ 1᠄ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠪᠥᠬᠦ ᠤᠯᠤᠰ  ᠤᠨ 7 ᠳᠠᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ . pdf  
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map