ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ  ᠨᠢ — ᠮᠥᠰᠥ ᠴᠠᠰᠤᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠄ ᠰᠤᠷᠤᠭᠴᠢᠳ ᠢ ᠬᠢᠴᠢᠶᠡᠯ ᠤᠨ ᠭᠡᠷ ᠠᠴᠠ ᠭᠠᠷᠭᠠᠵᠤ ᠮᠥᠰᠥ ᠴᠠᠰᠤᠨ ᠤ ᠰᠣᠶᠣᠯ ᠢ ᠣᠶᠢᠯᠠᠭᠠᠭᠤᠯᠪᠠ
ᠨᠡᠶᠢᠲᠡᠯᠡᠭᠰᠡᠨ ᠴᠠᠭ᠄
2024/1/10
      ᠰᠤᠷᠤᠭᠴᠢᠳ ᠤᠨ ᠡᠪᠦᠯ ᠤᠨ ᠤᠯᠠᠷᠢᠯ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠬᠤ ᠶᠢ ᠵᠥᠪ ᠢᠶᠠᠷ ᠬᠥᠲᠥᠯᠥᠨ ᠵᠢᠯᠣᠭᠤᠳᠬᠤ ᠶᠢᠨ ᠲᠥᠯᠥᠭᠡ᠂ ᠰᠢᠯᠢ ᠶᠢᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠠᠷᠪᠠᠨ ᠳᠥᠷᠪᠡᠳᠦᠭᠡᠷ ᠡᠪᠦᠯ︾ ᠢ ᠪᠠᠶᠠᠷᠯᠠᠨ ᠤᠭᠲᠤᠬᠤ ᠪᠠᠷ ᠠᠵᠠ ᠲᠣᠬᠢᠶᠠᠯ ᠪᠣᠯᠭᠠᠨ᠂ ᠮᠥᠰᠥ ᠴᠠᠰᠤᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠪᠡ᠃ ᠡᠨᠡ ᠤᠳᠠᠭᠠᠨ ᠤ ᠠᠵᠢᠯᠯᠠᠭ᠎ᠠ ᠨᠢ ᠰᠤᠷᠤᠭᠴᠢᠳ ᠢ ᠬᠢᠴᠢᠶᠡᠯ ᠤᠨ ᠭᠡᠷ ᠠᠴᠠ ᠭᠠᠷᠭᠠᠵᠤ ᠡᠬᠡ ᠪᠠᠶᠢᠭᠠᠯᠢ ᠲᠠᠢ ᠣᠶᠢᠷᠠᠲᠤᠭᠤᠯᠤᠨ᠂ ᠮᠥᠰᠥ ᠴᠠᠰᠤᠨ ᠤ ᠰᠣᠶᠣᠯ ᠢ ᠤᠯᠠᠮᠵᠢᠯᠠᠭᠰᠠᠨ ᠢᠶᠠᠷ ᠪᠠᠷᠠᠬᠤ ᠦᠭᠡᠢ᠂ ᠪᠠᠰᠠ ᠵᠢᠩᠬᠢᠨᠢ ᠮᠥᠰᠦ ᠴᠠᠰᠤᠨ ᠳᠤ ᠭᠤᠯᠭᠤᠬᠤ ᠶᠢ ᠪᠡᠶᠡᠴᠢᠯᠡᠨ ᠣᠶᠢᠯᠠᠭᠠᠬᠤ ᠬᠢᠴᠢᠶᠡᠯ ᠠᠴᠠ ᠰᠤᠷᠤᠭᠰᠠᠨ ᠦᠷ᠎ᠡ ᠪᠦᠲᠦᠭᠡᠯ ᠢ ᠰᠢᠯᠭᠠᠪᠠ᠃   

7.png

      ᠡᠨᠡ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠥᠷᠥᠯ ᠵᠦᠢᠯ

ᠡᠯᠪᠡᠭ ᠪᠥᠭᠡᠳ ᠣᠯᠠᠨ ᠶᠠᠩᠵᠤ ᠶᠢᠨ ᠪᠠᠶᠢᠵᠤ᠂ ᠰᠣᠨᠢᠷᠬᠠᠯᠲᠤ ᠮᠥᠰᠦᠨ ᠳᠤ ᠲᠡᠰᠢᠬᠦ ᠤᠷᠤᠯᠳᠤᠭᠠᠨ᠂ ᠲᠤᠭᠤᠷᠠᠭᠤᠯ

ᠴᠣᠬᠢᠬᠤ᠂ ᠮᠥᠰᠦᠨ ᠳᠤ ᠲᠡᠰᠢᠬᠦ ᠲᠡᠷᠭᠡᠨ ᠤ ᠪᠤᠤᠬᠢᠶ᠎ᠠ᠂ ᠮᠥᠰᠥᠨ ᠳᠡᠭᠡᠷᠡᠬᠢ ᠳᠤᠭᠤᠢ ᠲᠡᠷᠭᠡ᠂ ᠴᠠᠰᠤᠨ ᠴᠠᠭᠠᠷᠢᠭ

ᠪᠠ ᠮᠥᠰᠥᠨ ᠳᠡᠪᠦᠷ᠎ᠡ ᠵᠡᠷᠭᠡ ᠪᠣᠢ᠃ ᠰᠤᠷᠤᠭᠴᠢᠳ ᠡᠯ᠎ᠡ ᠵᠦᠢᠯ ᠤᠨ ᠲᠥᠷᠥᠯ ᠵᠦᠢᠯ ᠢᠶᠠᠷ ᠳᠠᠮᠵᠢᠭᠤᠯᠤᠨ ᠮᠥᠰᠥ

ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠣᠶᠢᠯᠠᠭᠠᠭᠰᠠᠨ ᠪᠥᠭᠡᠳ ᠤᠷᠤᠯᠳᠤᠭᠠᠨ  ᠤ

ᠲᠥᠷᠥᠯ ᠵᠦᠢᠯ ᠨᠢᠭᠡ ᠪᠦᠷᠢ ᠳᠤ ᠴᠥᠮ ᠳᠤᠷ᠎ᠠ ᠰᠣᠨᠢᠷᠬᠠᠯ ᠪᠠ  ᠮᠥᠷᠦᠶᠢᠴᠡᠯᠳᠦᠭᠡᠨ ᠢᠶᠠᠷ ᠳᠦᠭᠦᠷᠴᠦ᠂

ᠬᠡᠦᠬᠡᠳ ᠤᠨ ᠰᠢᠨᠲᠠᠷᠠᠰᠢ ᠦᠭᠡᠢ ᠬᠠᠲᠠᠭᠤ ᠵᠣᠷᠢᠭ ᠰᠠᠨᠠᠭ᠎ᠠ ᠪᠠ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ

ᠰᠠᠨᠠᠭ᠎ᠠ ᠶᠢ ᠬᠥᠮᠦᠵᠢᠭᠦᠯᠵᠡᠢ᠃ ᠲᠡᠳᠡ ᠤᠷᠤᠯᠳᠤᠭᠠᠨ ᠤ ᠶᠠᠪᠤᠴᠠ ᠳᠤ ᠬᠠᠮᠵᠢᠯᠴᠠᠵᠤ᠂ ᠵᠣᠷᠢᠭᠵᠢᠭᠤᠯᠵᠤ᠂

ᠤᠷᠤᠯᠳᠤᠭᠠᠨ ᠤ ᠪᠠᠶᠠᠷ ᠪᠠᠶᠠᠰᠤᠯ ᠢ ᠬᠠᠮᠲᠤ  ᠳᠤ ᠪᠠᠨ ᠬᠤᠪᠢᠶᠠᠯᠴᠠᠨ ᠡᠳ᠋ᠯᠡᠪᠡ᠃

6.png

      ᠡᠨᠡ ᠤᠳᠠᠭᠠᠨ ᠤ ᠠᠵᠢᠯᠯᠠᠭ᠎ᠠ ᠨᠢ ᠪᠦᠯᠬᠦᠮ ᠤᠨ ᠵᠣᠷᠢᠭ ᠰᠠᠨᠠᠭ᠎ᠠ ᠪᠠ ᠤᠷᠤᠯᠳᠤᠭᠠᠨ ᠤ ᠴᠢᠳᠠᠪᠤᠷᠢ ᠶᠢ

ᠬᠥᠮᠥᠵᠢᠭᠦᠯᠦᠭᠰᠡᠨ ᠠᠴᠠ ᠭᠠᠳᠠᠨ᠎ᠠ᠂ ᠪᠠᠰᠠ ᠬᠡᠦᠬᠡᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠪᠣᠯᠪᠠᠰᠤᠷᠠᠭᠤᠯᠵᠠᠢ᠃

ᠲᠡᠳᠡ ᠬᠠᠬᠢᠷ ᠬᠦᠢᠲᠡᠨ ᠡᠪᠦᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠬᠠᠯᠠᠭᠤᠨ ᠳᠤᠯᠠᠭᠠᠨ ᠪᠠ

ᠪᠠᠶᠠᠷ ᠪᠠᠶᠠᠰᠤᠯ ᠢ ᠮᠡᠳᠡᠷᠡᠭᠰᠡᠨ ᠪᠥᠭᠡᠳ ᠡᠷᠡᠭᠦᠯ ᠮᠡᠨᠳᠦ ᠦᠰᠦᠨ ᠪᠣᠶᠢᠵᠢᠬᠤ ᠶᠢ ᠤᠬᠠᠭᠠᠷᠠᠪᠠ᠃

       

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map