ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠵᠢᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/10
      1 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠵᠢᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠢ ᠡᠷᠬᠢᠯᠡᠪᠡ᠃

1.jpg

      ᠬᠤᠷᠠᠯ ᠳᠡᠭᠡᠷ᠎ᠡ᠂ 15 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠭᠤᠣᠯ

ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠬᠢᠵᠦ᠂ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠦᠷ᠎ᠡ

ᠪᠦᠲᠦᠭᠡᠯ ᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠥᠨᠳᠥᠷ ᠬᠢᠷᠢ ᠲᠦᠪᠰᠢᠨᠲᠦ ᠰᠤᠷᠭᠠᠭᠤᠯᠢ ᠶᠢᠨ ᠪᠦᠲᠦᠭᠡᠨ

ᠪᠠᠶᠢᠭᠤᠯᠤᠯᠲᠠ ᠶᠢᠨ ᠪᠠᠷᠢᠮᠵᠢᠶ᠎ᠠ ᠪᠠᠷ ᠪᠠᠷᠢᠮᠵᠢᠶᠠᠯᠠᠨ ᠬᠠᠷᠢᠴᠠᠭᠤᠯᠵᠤ ᠵᠥᠷᠢᠶ᠎ᠡ ᠶᠢ ᠡᠷᠢᠵᠦ᠂ ᠣᠷᠣᠰᠢᠵᠤ ᠪᠠᠶᠢᠭ᠎ᠠ

ᠠᠰᠠᠭᠤᠳᠠᠯ ᠪᠠ ᠬᠦᠴᠢᠷᠳᠡᠯ ᠢ ᠭᠦᠨᠵᠡᠭᠡᠢ ᠵᠠᠳᠠᠯᠤᠨ ᠰᠢᠨᠵᠢᠯᠡᠵᠦ᠂ ᠰᠤᠷᠭᠠᠭᠤᠯᠢ ᠶᠢᠨ ᠴᠢᠨᠠᠷᠯᠢᠭ ᠬᠥᠭᠵᠢᠯᠲᠡ ᠶᠢ

ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠪᠠ᠃ ᠰᠤᠷᠭᠠᠨ ᠬᠥᠮᠥᠵᠢᠯ ᠤᠨ ᠲᠢᠩᠬᠢᠮ ᠤᠨ ᠪᠠᠶᠢᠭᠤᠯᠭ᠎ᠠ ᠶᠢᠨ

ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠨᠢᠭᠡᠳ ᠨᠢᠭᠡ ᠪᠠᠷ ᠠᠳᠠᠯᠢ ᠪᠤᠰᠤ ᠲᠠᠯ᠎ᠠ ᠠᠴᠠ

ᠦᠨᠡᠯᠡᠬᠦ ᠶᠢᠨ ᠬᠠᠮᠲᠤ ᠰᠠᠨᠠᠯ ᠪᠠ ᠰᠠᠨᠠᠭᠤᠯᠭ᠎ᠠ ᠳᠤᠷᠠᠳᠪᠠ᠃

      ᠬᠤᠷᠠᠯ ᠠᠴᠠ᠂ ᠡᠯ᠎ᠡ ᠳᠡᠭᠡᠳᠦ ᠰᠤᠷᠭᠠᠭᠤᠯᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ

ᠪᠠᠷᠢᠮᠲᠠᠯᠠᠨ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ

ᠲᠢᠩᠬᠢᠮ ᠤᠨ ︽ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ

ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠯ︾ ᠤᠨ ᠲᠣᠭᠤᠷᠢᠨ ᠳᠤ᠂ ᠠᠵᠤ ᠦᠢᠯᠡᠳᠪᠦᠷᠢ

ᠰᠤᠷᠭᠠᠨ ᠬᠥᠮᠦᠵᠢᠯ ᠤᠨ  ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ

ᠡᠩ ᠤᠨ ᠰᠤᠷᠭᠠᠨ ᠬᠥᠮᠥᠵᠢᠯ ᠢ ᠨᠡᠪᠲᠡᠷᠡᠭᠦᠯᠦᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ

ᠠᠭᠤᠰᠤᠯᠴᠠᠭᠤᠯᠬᠤ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ

ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠨᠢᠭᠡᠳᠦᠯᠲᠡᠢ

ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠴᠢᠩᠭᠠᠳᠬᠠᠨ᠂

ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠠᠬᠤᠢ ᠨᠡᠶᠢᠭᠡᠮ ᠤᠨ

ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠡᠯ᠎ᠡ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠢ ᠨᠠᠮ ᠤᠨ ᠤᠯᠤᠰ

ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ

ᠪᠣᠯᠭᠠᠬᠤ ᠶᠢ ᠪᠠᠷᠢᠮᠲᠠᠯᠠᠨ᠂ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ

ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂

ᠰᠤᠷᠭᠠᠨ ᠬᠥᠮᠦᠵᠢᠯ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠭᠦᠯᠦᠯᠲᠡ ᠶᠢᠨ

ᠲᠥᠯᠥᠪᠵᠢᠭᠦᠯᠭᠡ ᠲᠠᠢ ᠪᠠᠷᠢᠮᠵᠢᠶᠠᠯᠠᠨ ᠬᠠᠷᠢᠴᠠᠭᠤᠯᠵᠤ᠂ ᠰᠢᠰᠲ᠋ᠧᠮ ᠲᠠᠢ ᠲᠥᠯᠥᠪᠯᠡᠨ᠂ ᠪᠦᠬᠦᠯᠢ ᠴᠣᠭᠴᠠ ᠪᠠᠷ

ᠲᠥᠯᠥᠪᠯᠡᠵᠦ᠂ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠠᠵᠤ

ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠠᠩᠬᠠᠷᠤᠯ ᠢᠶᠠᠨ

ᠬᠠᠨᠳᠤᠭᠤᠯᠤᠨ᠂ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ  ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ

ᠬᠡᠷᠡᠭᠲᠡᠢ᠃ ᠴᠢᠨᠠᠷᠯᠢᠭ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠬᠠᠨᠳᠤᠭᠤᠯᠵᠤ᠂ ︽ᠬᠤᠣᠰ ᠥᠨᠳᠥᠷ

ᠲᠥᠯᠥᠪᠯᠡᠭᠡ︾ ᠶᠢᠨ ᠪᠦᠲᠦᠭᠡᠨ ᠪᠠᠶᠢᠭᠤᠯᠤᠯᠲᠠ ᠪᠣᠯᠤᠨ ᠰᠤᠷᠭᠠᠭᠤᠯᠢ ᠡᠷᠬᠢᠯᠡᠬᠦ ᠨᠥᠬᠦᠴᠡᠯ ᠢ ᠪᠠᠷᠢᠮᠵᠢᠶ᠎ᠠ ᠳᠤ

ᠬᠦᠷᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠶᠢᠨ ᠰᠠᠭᠤᠷᠢ

ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠨ᠂ ᠴᠢᠨᠠᠷᠯᠢᠭ ᠬᠥᠭᠵᠢᠯᠲᠡ  ᠶᠢᠨ ᠰᠠᠭᠤᠷᠢ  ᠶᠢ ᠪᠠᠬᠢᠵᠢᠭᠦᠯᠬᠦ          

ᠬᠡᠷᠡᠭᠲᠡᠢ᠃ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ︽ᠪᠠᠭᠰᠢ᠂ ᠵᠢᠭᠠᠬᠤ ᠮᠠᠲ᠋ᠧᠷᠢᠶᠠᠯ᠂ ᠵᠢᠭᠠᠬᠤ

ᠠᠷᠭ᠎ᠠ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠡᠨ ᠪᠣᠳᠠᠲᠤ ᠪᠠᠶᠢᠳᠠᠯ ᠢ ᠨᠢᠭᠡ ᠴᠣᠭᠴᠠᠵᠢᠭᠤᠯᠤᠭᠰᠠᠨ

ᠵᠢᠭᠠᠨ ᠰᠤᠷᠭᠠᠯᠲᠠ ᠶᠢ ᠠᠬᠢᠭᠤᠯᠤᠨ᠂ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠬᠠᠷᠢᠴᠠᠯ ᠢ ᠴᠢᠩᠭ᠎ᠠ

ᠨᠠᠶᠢᠳᠠᠪᠤᠷᠢᠵᠢᠭᠤᠯᠵᠤ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ︽ᠬᠤᠣᠰ ᠬᠢᠷᠢ ᠬᠡᠮᠲᠦ︾ ᠪᠠᠭᠰᠢ ᠶᠢᠨ

ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ

ᠳᠡᠭᠡᠭᠰᠢᠯᠡᠭᠦᠯᠬᠦ ᠬᠡᠷᠡᠭᠲᠡᠢ᠃ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ

ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠯᠠᠨ ᠡᠰᠢᠵᠢᠭᠦᠯᠦᠨ ᠵᠣᠯᠭᠠᠭᠤᠯᠬᠤ ᠴᠢᠳᠠᠪᠤᠷᠢᠲᠠᠨ ᠢ ᠬᠥᠮᠦᠵᠢᠭᠦᠯᠬᠦ

ᠵᠠᠭᠪᠤᠷ ᠢ ᠰᠦᠪᠡᠭᠴᠢᠯᠡᠵᠦ᠂ ᠠᠵᠤ ᠦᠢᠯᠡᠳᠪᠦᠷᠢ ᠰᠤᠷᠭᠠᠨ ᠬᠥᠮᠥᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂

ᠬᠤᠲᠠ ᠶᠢᠨ ᠬᠡᠪᠴᠢᠶᠡᠨ ᠤ ᠠᠵᠤ ᠦᠢᠯᠡᠳᠪᠦᠷᠢ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠣᠯᠤᠨ ᠠᠵᠢᠯ

ᠲᠥᠷᠥᠯ ᠤᠨ ᠠᠵᠤ ᠦᠢᠯᠡᠳᠪᠦᠷᠢ ᠰᠤᠷᠭᠠᠨ ᠬᠥᠮᠦᠵᠢᠯ ᠢ ᠠᠭᠤᠰᠬᠠᠭᠰᠠᠨ ᠬᠠᠮᠲᠤ ᠶᠢᠨ ᠴᠣᠭᠴᠠ ᠶᠢᠨ

ᠪᠠᠶᠢᠭᠤᠯᠤᠯᠲᠠ ᠶᠢ ᠰᠠᠶᠢᠲᠤᠷ ᠥᠷᠨᠢᠭᠦᠯᠬᠦ ᠬᠡᠷᠡᠭᠲᠡᠢ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ

ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠱᠦᠵᠢ᠂ ᠰᠤᠷᠭᠠᠭᠤᠯᠢ ᠶᠢᠨ ᠵᠠᠬᠢᠷᠤᠯ

︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ︾᠂ ︽ᠠᠵᠤ ᠠᠬᠤᠶᠢᠯᠠᠯ ᠢ

ᠰᠤᠷᠪᠤᠯᠵᠢᠯᠠᠵᠤ ᠠᠭᠤᠰᠤᠯᠴᠠᠭ᠎ᠠ ᠶᠢ ᠠᠬᠢᠭᠤᠯᠬᠤ︾ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠰᠤᠷᠭᠠᠭᠤᠯᠢ

ᠪᠠ ᠠᠵᠤ ᠠᠬᠤᠶᠢᠯᠠᠯ ᠬᠠᠮᠵᠢᠯᠴᠠᠨ ᠬᠥᠮᠦᠨ ᠬᠥᠮᠦᠵᠢᠭᠦᠯᠬᠦ ᠶᠢ ᠠᠬᠢᠭᠤᠯᠤᠨ᠂ ᠰᠤᠷᠤᠭᠴᠢᠳ ᠤᠨ ᠳᠠᠳᠤᠯᠭ᠎ᠠ ᠬᠢᠬᠦ

ᠠᠵᠢᠯ ᠢ ᠴᠢᠩᠭᠠᠳᠬᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢ

ᠢᠳᠡᠪᠬᠢᠲᠡᠢ ᠠᠬᠢᠭᠤᠯᠵᠤ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠂

ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠵᠦ᠂ ᠪᠦᠬᠦ ᠠᠵᠢᠯᠲᠠᠨ ᠣᠷᠣᠯᠴᠠᠭᠰᠠᠨ

ᠤᠷᠤᠯᠳᠤᠭᠠᠨ ᠤ ᠲᠣᠭᠲᠠᠴᠠ ᠶᠢ ᠪᠠᠶᠢᠭᠤᠯᠤᠨ᠂ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠠᠭ᠎ᠠ ᠶᠢ ᠪᠦᠬᠦ ᠲᠠᠯ᠎ᠠ

 ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ

ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃

           

2.jpg

    

   

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠭᠡᠰᠢᠭᠦᠨ᠂

ᠠᠯᠪᠠᠨ ᠠᠴᠠ ᠡᠷᠬᠢᠯᠡᠭᠰᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠢᠭᠤᠴᠠᠯᠭᠠᠲᠠᠨ᠂

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠭᠠᠵᠠᠷ ᠲᠠᠰᠤᠭ ᠤᠨ

ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map