ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2023 ᠣᠨ ᠢ ᠪᠤᠴᠠᠨ ᠬᠠᠷᠠᠬᠤ︾ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ᠳᠤᠰᠬᠠᠢ ᠲᠠᠯᠠᠪᠤᠷ︶
ᠨᠡᠶᠢᠲᠡᠯᠡᠭᠰᠡᠨ ᠴᠠᠭ᠄
2024/1/12

3ecba362486619420101fec26be40c42_W020240110612932304505_ORIGIN.jpg

   

     1 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ︽2023 ᠣᠨ ᠢ ᠪᠤᠴᠠᠨ ᠬᠠᠷᠠᠬᠤ︾ ᠭᠤᠣᠯ ᠰᠡᠳᠦᠪᠲᠦ ᠰᠢᠷᠢᠰ ᠰᠣᠨᠢᠨ ᠮᠡᠳᠡᠭᠡ          

ᠨᠡᠶᠢᠲᠡᠯᠡᠬᠦ ᠬᠤᠷᠠᠯ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ

ᠲᠤᠰᠬᠠᠢ ᠲᠠᠯᠠᠪᠤᠷ︶ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ

ᠬᠥᠮᠦᠵᠢᠯ ᠤᠨ ᠠᠵᠢᠯ  ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ

ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠭᠤᠣᠯ ᠰᠡᠳᠦᠪᠲᠦ ᠨᠡᠶᠢᠲᠡᠯᠡᠯ

ᠬᠢᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ  ᠤᠨ ᠰᠠᠭᠤᠷᠢ ᠰᠤᠷᠭᠠᠨ ᠬᠥᠮᠦᠵᠢᠯ ᠤᠨ

ᠨᠢᠭᠡᠳᠦᠭᠡᠷ ᠠᠵᠢᠯ ᠤᠨ ᠭᠠᠵᠠᠷ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ᠂ ᠳᠡᠭᠡᠳᠦ ᠰᠤᠷᠭᠠᠭᠤᠯᠢ ᠶᠢᠨ

ᠰᠤᠷᠤᠭᠴᠢ ᠶᠢᠨ ᠠᠵᠢᠯ ᠤᠨ ᠭᠠᠵᠠᠷ᠂ ᠪᠠᠭᠰᠢ ᠶᠢᠨ ᠠᠵᠢᠯ ᠤᠨ ᠭᠠᠵᠠᠷ ᠤᠨ ᠬᠠᠷᠢᠭᠤᠴᠠᠯᠭᠠᠲᠠᠨ ᠰᠣᠨᠢᠨ ᠮᠡᠳᠡᠭᠡ

ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

     ︽2023 ᠣᠨ ᠢ ᠪᠤᠴᠠᠨ ᠬᠠᠷᠠᠬᠤ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠤᠨ

       ᠰᠤᠷᠭᠠᠨ ᠬᠥᠮᠦᠵᠢᠯ ᠤᠨ ᠲᠢᠩᠬᠢᠮ ᠤᠨ ᠲᠤᠰᠬᠠᠢ ᠲᠠᠯᠠᠪᠤᠷ ᠬᠤᠷᠠᠯ ᠤᠨ ᠭᠤᠣᠯ ᠨᠡᠶᠢᠲᠡᠯᠡᠯ ᠤᠨ ᠦᠭᠡ

         ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ

         ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

         ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ

      2023 ᠣᠨ ᠳᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ

ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ

ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ

ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ

ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ

 ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ

ᠤᠳᠤᠷᠢᠳᠤᠯᠭ᠎ᠠ᠂ ᠰᠤᠷᠭᠠᠨ ᠬᠥᠮᠦᠵᠢᠯ ᠤᠨ ᠶᠠᠮᠤᠨ ᠤ ᠵᠢᠯᠣᠭᠤᠳᠣᠯᠭ᠎ᠠ ᠳᠣᠣᠷ᠎ᠠ᠂ ᠠᠷᠠᠳ ᠲᠦᠮᠡᠨ ᠢᠶᠠᠷ ᠭᠤᠣᠯ

ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ

ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ ᠦᠨᠳᠦᠰᠦᠨ

ᠡᠭᠦᠷᠭᠡ ᠶᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ

ᠪᠠᠲᠤ ᠴᠣᠭᠴᠠᠯᠠᠬᠤ ᠭᠤᠣᠯ ᠱᠤᠭᠤᠮ ᠢ ᠰᠤᠷᠭᠠᠭᠤᠯᠢ ᠡᠷᠬᠢᠯᠡᠬᠦ ᠪᠦᠬᠦ ᠶᠠᠪᠤᠴᠠ᠂ ᠡᠯ᠎ᠡ ᠬᠦᠷᠢᠶᠡᠨ ᠳᠤ

ᠲᠤᠭᠤᠰᠢᠯᠠᠭᠤᠯᠵᠤ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠤᠷᠭᠠᠨ

ᠬᠥᠮᠦᠵᠢᠯ ᠤᠨ ᠦᠢᠯᠡᠰ ᠤᠨ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃

      ᠨᠢᠭᠡ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ

ᠪᠠ ᠴᠢᠩᠭᠠᠳᠬᠠᠵᠤ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠲᠤ

ᠡᠵᠡᠮᠳᠡᠪᠡ

      ᠨᠢᠭᠡ ᠳᠤ᠂ ᠵᠣᠬᠢᠶᠠᠨ ᠪᠠᠶᠢᠭᠤᠯᠤᠯᠲᠠ ᠶᠢ ᠠᠳᠬᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂

ᠦᠷᠭᠦᠯᠵᠢᠯᠡᠨ ᠬᠦᠴᠦ ᠪᠠᠨ ᠲᠥᠪᠯᠡᠷᠡᠭᠦᠯᠦᠨ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠪᠡ᠃ ᠪᠦᠬᠦ

ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠢᠮᠠᠭᠲᠠ ᠨᠠᠮ ᠤᠨ ᠤᠯᠤᠰ ᠲᠥᠷᠥ ᠶᠢᠨ

ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠰᠤᠷᠭᠠᠨ ᠬᠥᠮᠦᠵᠢᠯ ᠤᠨ

ᠠᠵᠢᠯ ᠤᠨ ᠡᠯ᠎ᠡ ᠲᠠᠯ᠎ᠠ ᠡᠯ᠎ᠡ ᠭᠤᠭᠴᠤᠭ᠎ᠠ  ᠳᠤ ᠲᠤᠭᠤᠰᠢᠯᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠨᠠᠮ ᠤᠨ

ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ

ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ

ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ  ᠶᠢᠨ ᠳᠦᠷᠢᠮ ᠢ

ᠢᠳᠡᠪᠬᠢᠲᠡᠢ ᠠᠬᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ

ᠭᠦᠨᠵᠡᠭᠡᠢ ᠥᠷᠨᠢᠭᠦᠯᠵᠦ᠂ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠡᠭᠦᠷᠢᠲᠡ ᠨᠠᠮ ᠢᠶᠠᠨ ᠳᠠᠭᠠᠨᠠᠮ︾ ᠭᠡᠬᠦ

ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭᠲᠦ ᠶᠢ ᠪᠦᠬᠦ ᠲᠠᠯ᠎ᠠ ᠪᠠᠷ ᠡᠭᠦᠳᠦᠨ ᠪᠠᠶᠢᠭᠤᠯᠵᠤ᠂ 31 ᠶᠡᠭᠡ

ᠳᠡᠭᠡᠳᠦ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠰᠤᠷᠭᠠᠨ ᠬᠥᠮᠦᠵᠢᠯ ᠤᠨ ᠶᠠᠮᠤᠨ ᠤ ᠰᠢᠨ᠎ᠡ ᠴᠠᠭ

ᠦᠶ᠎ᠡ ᠶᠢᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠢ ᠡᠭᠦᠳᠦᠨ

ᠪᠠᠶᠢᠭᠤᠯᠤᠭᠰᠠᠨ ᠪᠠ ᠴᠢᠨᠠᠷ ᠴᠢᠨᠰᠠᠭᠠᠨ ᠤ ᠰᠢᠯᠢᠳᠡᠭ ᠢ ᠡᠭᠦᠳᠦᠭᠰᠡᠨ ᠨᠢᠭᠡᠴᠢ ᠪᠠᠷ ᠰᠣᠩᠭᠤᠭᠳᠠᠵᠤ᠂ ᠪᠠᠭᠰᠢ

ᠨᠠᠮ ᠤᠨ ᠡᠭᠦᠷ ᠤᠨ ᠱᠦᠵᠢ ᠶᠢᠨ ︽ᠬᠤᠣᠰ ᠳᠠᠭᠠᠭᠤᠯᠤᠭᠴᠢ︾  ᠶᠢᠨ ᠲᠣᠬᠢᠷᠠᠭᠤᠯᠪᠠᠰᠤ ᠵᠣᠬᠢᠰᠲᠠᠢ ᠪᠦᠬᠦᠨ ᠢ

ᠲᠣᠬᠢᠷᠠᠭᠤᠯᠬᠤ ᠶᠢ ᠪᠡᠶᠡᠯᠡᠭᠦᠯᠪᠡ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ

ᠳᠠᠭᠠᠬᠤ︾ ᠣᠯᠠᠨ ᠲᠥᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠠᠭ ᠦᠶ᠎ᠡ 

 ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ ᠢ ᠡᠬᠢᠯᠡᠭᠦᠯᠵᠦ᠂ ︽ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠣᠶᠢᠮᠤᠯᠠᠯ︾ ᠭᠡᠬᠦ

ᠬᠢᠴᠢᠶᠡᠯ ᠢ ᠰᠠᠶᠢᠲᠤᠷ ᠨᠡᠭᠡᠭᠡᠵᠦ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ

ᠥᠭᠦᠯᠡᠯᠲᠡ ᠪᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠤᠬᠠᠢ ᠴᠢᠬᠤᠯᠠ ᠵᠢᠭᠠᠪᠤᠷᠢ ᠶᠢ ᠬᠤᠶᠠᠷ ᠪᠦᠯᠦᠭ

ᠭᠤᠣᠯ ᠰᠡᠳᠦᠪᠲᠦ ᠬᠥᠮᠦᠵᠢᠯ ᠤᠨ ᠵᠠᠪᠠᠯ ᠰᠤᠷᠬᠤ ᠠᠭᠤᠯᠭ᠎ᠠ ᠪᠣᠯᠭᠠᠪᠠ᠃ ᠶᠡᠭᠡ ᠳᠡᠭᠡᠳᠦ ᠰᠤᠷᠭᠠᠭᠤᠯᠢ᠂ ᠳᠤᠮᠳᠠᠳᠤ

ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠶᠢ

ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ

ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢ

ᠬᠠᠮᠲᠤ ᠳᠤ ᠪᠠᠨ ᠣᠷᠣᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠶᠢ ᠥᠪᠥᠷ ᠮᠣᠩᠭᠤᠯ ᠳᠤ ᠠᠮᠢᠳᠤᠯᠢᠭ ᠢᠶᠠᠷ

ᠦᠢᠯᠡᠳᠦᠯᠭᠡᠵᠢᠭᠦᠯᠦᠭᠰᠡᠨ ᠵᠢᠱᠢᠶ᠎ᠡ︾ ᠶᠢ ᠨᠠᠶᠢᠷᠠᠭᠤᠯᠤᠨ ᠪᠢᠴᠢᠵᠦ᠂ ᠥᠷᠭᠡᠨ ᠣᠯᠠᠨ ᠪᠠᠭᠰᠢ ᠰᠤᠷᠤᠭᠴᠢ ᠶᠢᠨ ᠨᠠᠮ

 ᠤᠨ ᠠᠴᠢ  ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠠᠤᠭ᠎ᠠ ᠬᠦᠴᠦᠨ  ᠢ ᠤᠯᠠᠮ

ᠨᠢᠭᠡ ᠠᠯᠬᠤᠮ ᠨᠢᠭᠲᠠᠷᠠᠭᠤᠯᠪᠠ᠃

      ᠬᠤᠶᠠᠷ ᠲᠤ᠂ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠤᠨ ᠬᠥᠮᠦᠵᠢᠯ ᠢ ᠪᠣᠳᠠᠲᠠᠢ᠂ ᠲᠥᠷᠦᠭᠳᠡᠯᠲᠡᠢ  ᠮᠥᠷᠲᠡᠭᠡᠨ ᠪᠦᠲᠦᠮᠵᠢᠲᠡᠢ ᠪᠣᠯᠭᠠᠪᠠ᠃ ᠬᠢᠴᠢᠶᠡᠯ ᠤᠨ

ᠬᠥᠮᠦᠨ ᠬᠥᠮᠦᠵᠢᠭᠦᠯᠬᠦ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠦᠬᠡᠳ ᠤᠨ

ᠴᠡᠴᠡᠷᠯᠢᠭ ᠤᠨ ᠵᠢᠷᠤᠭᠲᠤ ᠳᠡᠪᠲᠡᠷ᠂ ᠪᠠᠭ᠎ᠠ ᠰᠤᠷᠭᠠᠭᠤᠯᠢ ᠶᠢᠨ ᠠᠨᠠᠷ ᠤᠨ ᠦᠷ᠎ᠡ ᠣᠩᠰᠢᠬᠤ ᠪᠢᠴᠢᠭ᠂

︽ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠶᠢᠨ ᠵᠢᠭᠠᠨ

ᠰᠤᠷᠭᠠᠯᠲᠠ ᠶᠢᠨ ᠬᠥᠲᠥᠯᠪᠦᠷᠢ  ᠶᠢ ᠨᠠᠶᠢᠷᠠᠭᠤᠯᠤᠨ ᠲᠠᠷᠬᠠᠭᠠᠵᠤ᠂ ︽ᠭᠤᠷᠪᠠᠨ ᠵᠢᠷᠤᠬᠠᠶᠢᠲᠤ ᠬᠤᠰᠢᠭᠤᠨ ᠤ ᠬᠠᠮᠤᠭ

 ᠤᠨ ᠰᠠᠶᠢᠨ ᠮᠠᠯᠵᠢᠯ ᠤᠨ ᠲᠠᠯᠠᠪᠠᠢ ᠶᠢ ᠰᠠᠨᠰᠠᠷ ᠤᠨ ᠠᠶᠠᠯᠠᠯ ᠳᠤ︾ ᠵᠡᠷᠭᠡ ᠵᠢᠱᠢᠮᠡᠭ ᠬᠢᠴᠢᠶᠡᠯ ᠢ ᠨᠡᠭᠡᠭᠡᠨ

ᠬᠥᠭᠵᠢᠭᠦᠯᠵᠦ᠂ ︽ᠤᠯᠠᠭᠠᠨ ᠠᠨᠠᠷ︾᠂ ︽ᠨᠣᠮᠢᠨ ᠤᠮᠠᠷᠠᠲᠤ ᠬᠢᠯᠢ︾᠂ ︽ᠬᠥᠬᠡᠮᠳᠦᠭ ᠰᠠᠨᠰᠠᠷ ᠤᠨ          

ᠠᠶᠠᠯᠠᠯ︾ ᠭᠡᠬᠦ ᠣᠨᠴᠠᠯᠢᠭᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠪᠠᠶᠢᠭᠤᠯᠵᠤ᠂ ᠪᠦᠬᠦ ᠤᠯᠤᠰ ᠲᠤ

ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠶᠢ ᠵᠠᠪᠠᠯ ᠰᠤᠷᠬᠤ ᠬᠢᠴᠢᠶᠡᠯ ᠢᠶᠠᠷ ᠲᠦᠷᠦᠭᠦᠯᠡᠨ ᠨᠡᠭᠡᠭᠡᠪᠡ᠃ ᠦᠢᠯᠡᠳᠦᠯᠭᠡ ᠪᠠᠷ ᠬᠥᠮᠦᠨ

ᠬᠥᠮᠦᠵᠢᠭᠦᠯᠬᠦ ᠶᠢ ᠴᠢᠩᠭᠠᠳᠬᠠᠵᠤ᠂ ︽ᠦᠵᠡᠯ ᠰᠠᠨᠠᠭ᠎ᠠ ᠤᠯᠤᠰ ᠲᠥᠷᠥ ᠶᠢᠨ ᠨᠡᠭᠦᠳᠡᠯ ᠬᠢᠴᠢᠶᠡᠯᠯᠡᠭᠡ︾ ᠵᠡᠷᠭᠡ

ᠦᠢᠯᠡᠳᠦᠯᠭᠡ ᠶᠢᠨ ᠠᠵᠢᠯᠯᠠᠭ᠎ᠠ ᠶᠢᠨ ᠨᠡᠷᠡᠲᠦ ᠳᠡᠮᠳᠡᠭᠲᠦ ᠶᠢ ᠡᠭᠦᠳᠦᠨ᠂ ᠳᠣᠯᠣᠭᠠᠨ ᠲᠣᠮᠤ ᠲᠥᠷᠥᠯ ᠤᠨ

ᠦᠢᠯᠡᠳᠦᠯᠭᠡ ᠶᠢᠨ ᠰᠠᠭᠤᠷᠢᠨ ᠭᠠᠵᠠᠷ 123᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠳᠠᠭᠤᠷᠢᠶᠠᠯ ᠦᠵᠡᠭᠦᠯᠬᠦ ᠰᠤᠷᠭᠠᠭᠤᠯᠢ 12᠂ ᠠᠶᠢᠮᠠᠭ ᠬᠤᠲᠠ ᠶᠢᠨ

ᠬᠤᠪᠢᠰᠬᠠᠯ ᠤᠨ ᠰᠣᠳᠤᠯᠤᠨ ᠰᠤᠷᠤᠯᠴᠠᠬᠤ ᠭᠠᠵᠠᠷ ᠤᠨ ᠵᠢᠷᠤᠭ 12᠂ ᠬᠤᠪᠢᠰᠬᠠᠯ ᠤᠨ ᠰᠣᠶᠤᠯ ᠤᠨ ᠰᠤᠷᠭᠠᠨ

ᠬᠥᠮᠥᠵᠢᠯ ᠤᠨ ᠰᠠᠭᠤᠷᠢᠨ ᠭᠠᠵᠠᠷ 110᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ

ᠵᠠᠯᠭᠠᠮᠵᠢᠯᠠᠬᠤ ᠰᠠᠭᠤᠷᠢᠨ ᠭᠠᠵᠠᠷ 61 ᠶᠢ ᠪᠠᠶᠢᠭᠤᠯᠵᠤ᠂ ᠡᠯ᠎ᠡ ᠰᠤᠷᠤᠯᠭ᠎ᠠ ᠶᠢᠨ ᠱᠠᠲᠤ ᠶᠢ ᠡᠮᠬᠢ ᠵᠢᠷᠤᠮ ᠲᠠᠢ

ᠵᠣᠯᠭᠠᠭᠤᠯᠤᠭᠰᠠᠨ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ

ᠪᠠᠶᠢᠭᠤᠯᠪᠠ᠃ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠰᠬᠠᠨ ᠬᠥᠮᠥᠵᠢᠭᠦᠯᠬᠦ ᠴᠢᠳᠠᠮᠵᠢ ᠶᠢ ᠪᠠᠳᠠᠷᠠᠭᠤᠯᠵᠤ᠂

ᠰᠤᠷᠭᠠᠭᠤᠯᠢ ᠶᠢᠨ ᠬᠤᠪᠢᠰᠬᠠᠯᠲᠤ ᠲᠡᠦᠬᠡ ᠶᠢᠨ ᠦᠯᠢᠭᠡᠷ 72 ᠢ ᠢᠯᠡᠷᠡᠭᠦᠯᠵᠦ᠂ ᠨᠣᠮᠲᠠᠢ ᠰᠤᠷᠭᠠᠭᠤᠯᠢ ᠶᠢᠨ

ᠬᠦᠷᠢᠶ᠎ᠡ ᠶᠢ ᠪᠠᠶᠢᠭᠤᠯᠤᠨ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠬᠤ ᠢᠨᠵᠧᠨᠧᠷᠢᠩ ᠢ ᠬᠡᠷᠡᠭᠵᠢᠭᠦᠯᠵᠦ᠂

ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ︽ᠨᠢᠭᠡ ᠥᠷᠲᠡᠭᠡ ᠮᠠᠶ᠋ᠢᠭ︾ ᠤᠨ ᠨᠡᠶᠢᠭᠡᠮ ᠲᠣᠭᠤᠷᠢᠭ ᠤᠨ

ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠡᠷᠳᠡᠮ ᠰᠢᠨᠵᠢᠯᠡᠭᠡᠨ ᠤ ᠲᠤᠯᠭᠠᠭᠤᠷᠢᠯᠠᠯ ᠢ ᠴᠢᠩᠭᠠᠳᠬᠠᠵᠤ᠂

ᠮᠠᠷᠺᠰ ᠤᠨ ᠦᠵᠡᠯ ᠤᠨ ᠣᠨᠣᠯ᠂ ᠦᠨᠳᠦᠰᠦᠲᠡᠨ ᠤ ᠤᠬᠠᠭᠠᠨ ᠵᠡᠷᠭᠡ ᠰᠢᠨᠵᠢᠯᠡᠭᠡᠨ ᠤ ᠰᠠᠯᠠᠭ᠎ᠠ ᠳᠤ ᠲᠥᠷᠥᠯ ᠵᠦᠢᠯ

ᠲᠣᠭᠲᠠᠭᠠᠨ ᠳᠡᠮᠵᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠬᠡᠷᠡᠭᠴᠡᠭᠡ ᠳᠤ ᠵᠣᠬᠢᠴᠠᠭᠰᠠᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠳᠣᠭᠲᠠᠯᠴᠠᠭ᠎ᠠ ᠶᠢ

ᠪᠠᠶᠢᠭᠤᠯᠪᠠ᠃ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠢ ᠨᠡᠮᠡᠨ 17 ᠪᠣᠯᠭᠠᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠤᠮᠠᠷᠠᠲᠤ ᠬᠢᠯᠢ ᠶᠢᠨ ᠰᠣᠶᠣᠯ ᠢ

ᠪᠠᠲᠤ ᠴᠣᠭᠴᠠᠯᠠᠬᠤ ᠲᠣᠭᠤᠷᠢᠨ ᠳᠤ ᠣᠨᠣᠯ ᠤᠨ ᠰᠤᠳᠤᠯᠭᠠᠨ ᠥᠷᠨᠢᠭᠦᠯᠪᠡ᠃

      ᠭᠤᠷᠪᠠ ᠳᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠰᠢᠨ᠎ᠡ

ᠦᠷ᠎ᠡ ᠪᠦᠲᠦᠮᠵᠢ ᠣᠯᠪᠠ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ

ᠰᠢᠯᠭᠠᠯᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠲᠥᠷᠥᠯ ᠳᠤ

ᠠᠩᠬ᠎ᠠ ᠤᠳᠠᠭ᠎ᠠ ︽ᠨᠢᠭᠡ ᠰᠢᠯᠭᠠᠯᠲᠠ ᠶᠢᠨ ᠬᠠᠭᠤᠳᠠᠰᠤ ᠪᠠᠷ ᠰᠢᠯᠭᠠᠬᠤ︾ ᠶᠢ ᠬᠡᠷᠡᠭᠵᠢᠭᠦᠯᠦᠭᠰᠡᠨ ᠤ ᠬᠠᠮᠲᠤ

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠡᠳᠦᠪ ᠬᠠᠷᠢᠭᠤᠯᠵᠤ᠂ ᠪᠦᠬᠦ ᠣᠷᠣᠨ ᠤ

ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠨᠢᠭᠡᠳᠦᠭᠡᠷ ᠣᠨ  ᠳᠤ ᠴᠥᠮ ᠤᠯᠤᠰ ᠤᠨ ᠨᠢᠭᠡᠳᠦᠯᠲᠡᠢ

ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠪᠡ᠃ ᠪᠦᠬᠦ ᠣᠷᠣᠨ ᠤ ᠤᠯᠤᠰ ᠤᠨ ᠨᠡᠶᠢᠲᠡᠯᠢᠭ ᠬᠡᠯᠡ ᠶᠢ

ᠵᠢᠷᠤᠮᠵᠢᠭᠤᠯᠤᠭᠰᠠᠨ ᠰᠤᠷᠭᠠᠭᠤᠯᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 93.3% ᠪᠠᠶᠢᠵᠤ᠂ ᠳᠡᠭᠡᠷ᠎ᠡ

ᠵᠢᠯ ᠤᠨ ᠬᠢ ᠠᠴᠠ ᠵᠠᠭᠤᠨ ᠤ 8 ᠶᠢᠨ ᠬᠠᠷᠢᠴᠠᠯ ᠢᠶᠠᠷ ᠳᠡᠭᠡᠭᠰᠢᠯᠡᠪᠡ᠃ ᠨᠡᠶᠢᠲᠡᠯᠢᠭ ᠬᠡᠯᠡ ᠶᠢ ᠳᠡᠯᠭᠡᠷᠡᠭᠦᠯᠦᠨ

ᠬᠡᠷᠡᠭᠯᠡᠬᠦ ᠶᠢ ᠪᠠᠶᠢᠩᠭᠤ ᠶᠢᠨ ᠠᠵᠢᠯ ᠪᠣᠯᠭᠠᠨ ᠴᠥᠬᠦᠷᠡᠰᠢ ᠦᠭᠡᠢ ᠠᠳᠬᠤᠵᠤ᠂ ᠪᠦᠬᠦ ᠣᠷᠣᠨ ᠤ 8.9 ᠲᠦᠮᠡᠨ

ᠠᠵᠢᠯ ᠤᠨ ᠪᠠᠶᠢᠷᠢ ᠳᠤ ᠪᠠᠶᠢᠭ᠎ᠠ ᠠᠯᠪᠠᠲᠠᠨ ᠳᠤ ᠨᠡᠶᠢᠲᠡᠯᠢᠭ ᠬᠡᠯᠡᠨ ᠤ ᠪᠣᠯᠪᠠᠰᠤᠷᠠᠭᠤᠯᠤᠯ ᠤᠨ ᠰᠢᠯᠭᠠᠯᠲᠠ ᠬᠢᠵᠦ᠂

ᠠᠵᠢᠯ ᠤᠨ ᠪᠠᠶᠢᠷᠢ ᠳᠤ ᠪᠠᠶᠢᠭ᠎ᠠ 85% ᠶᠢᠨ ᠠᠯᠪᠠᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠭᠤᠷᠪᠠᠳᠤᠭᠠᠷ

ᠳᠡᠰ ᠤᠨ ᠬᠥᠬᠡ ᠳᠡᠰ ᠠᠴᠠ ᠳᠡᠭᠡᠭᠰᠢ ᠳᠤ ᠬᠦᠷᠭᠡᠪᠡ᠃

      ᠬᠤᠶᠠᠷ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠨᠠᠷ

ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ

ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠪᠡ

      ᠨᠢᠭᠡ ᠳᠤ᠂ ᠰᠠᠭᠤᠷᠢ ᠰᠤᠷᠭᠠᠨ ᠬᠥᠮᠦᠵᠢᠯ ᠤᠨ ᠰᠠᠭᠤᠷᠢ ᠪᠣᠯᠬᠤ ᠦᠢᠯᠡᠳᠦᠯ ᠢ ᠦᠷᠭᠦᠯᠵᠢᠯᠡᠨ          

ᠪᠠᠲᠤᠳᠬᠠᠪᠠ᠃ ᠡᠷᠳᠡᠮ ᠤᠨ ᠴᠣᠯᠠ ᠶᠢᠨ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠵᠦ᠂ ᠪᠦᠬᠦ ᠣᠷᠣᠨ ᠳᠤ

ᠬᠡᠦᠬᠡᠳ ᠤᠨ ᠴᠡᠴᠡᠷᠯᠢᠭ 204᠂ ᠳᠤᠮᠳᠠᠳᠤ ᠪᠠᠭ᠎ᠠ ᠰᠤᠷᠭᠠᠭᠤᠯᠢ 676᠂ ᠣᠨᠴᠠᠭᠠᠢ ᠰᠤᠷᠭᠠᠨ ᠬᠥᠮᠦᠵᠢᠯ ᠤᠨ

ᠰᠤᠷᠭᠠᠭᠤᠯᠢ 13 ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠠᠵᠢᠯ ᠢ ᠪᠥᠬᠦᠨ ᠢ ᠡᠬᠢᠯᠡᠭᠦᠯᠵᠦ᠂          

7.06 ᠲᠥᠮᠡᠨ ᠡᠷᠳᠡᠮ ᠤᠨ ᠴᠤᠯᠠ ᠶᠢ ᠰᠢᠨ᠎ᠡ ᠪᠠᠷ ᠨᠡᠮᠡᠪᠡ᠃ ᠪᠦᠬᠦ ᠣᠷᠣᠨ ᠤ ᠰᠤᠷᠭᠠᠭᠤᠯᠢ ᠶᠢᠨ ᠨᠠᠰᠤᠨ ᠠᠴᠠ

ᠡᠮᠦᠨᠡᠬᠢ ᠭᠤᠷᠪᠠᠨ ᠵᠢᠯ ᠤᠨ ᠬᠡᠦᠬᠡᠳ ᠤᠨ ᠴᠡᠴᠡᠷᠯᠢᠭ ᠲᠤ ᠤᠷᠤᠭᠰᠠᠨ ᠨᠣᠷᠮ᠎ᠠ 94.96%᠂ ᠶᠢᠰᠦᠨ ᠵᠢᠯ ᠤᠨ

ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠳᠬᠠᠭᠰᠠᠨ ᠨᠤᠷᠮ᠎ᠡ 98.3%᠂ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠪᠦᠬᠦ ᠨᠣᠷᠮ᠎ᠠ 95.24% ᠬᠦᠷᠴᠡᠢ᠃ ᠵᠡᠮᠳᠡᠭ

ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠤᠷᠤᠭᠰᠠᠨ ᠨᠤᠷᠮ᠎ᠠ 97% ᠠᠴᠠ

ᠳᠡᠭᠡᠭᠰᠢ ᠪᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠤᠷᠢᠳᠴᠢᠯᠠᠨ

ᠪᠡᠶᠡᠯᠡᠭᠦᠯᠪᠡ᠃ 9 ᠬᠤᠰᠢᠭᠤ ᠰᠢᠶᠠᠨ ︵ᠬᠤᠲᠠ᠂ ᠲᠣᠭᠤᠷᠢᠭ︶ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ

ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯᠲᠤ ᠰᠢᠶᠠᠨ ᠢ ᠰᠢᠯᠭᠠᠨ ᠠᠪᠬᠤ ᠳᠤ ᠬᠢᠷᠢ ᠲᠡᠩᠴᠡᠵᠦ᠂ 10

ᠬᠤᠰᠢᠭᠤ ᠰᠢᠶᠠᠨ ︵ᠬᠤᠲᠠ᠂ ᠲᠣᠭᠤᠷᠢᠭ︶ ᠨᠢ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ

ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠭᠰᠡᠨ ᠮᠤᠵᠢ ᠶᠢᠨ ᠱᠠᠲᠤᠨ ᠤ ᠬᠢᠨᠠᠨ ᠵᠢᠯᠣᠭᠤᠳᠴᠤ ᠦᠨᠡᠯᠡᠨ

ᠵᠢᠱᠢᠬᠦ ᠳᠤ ᠬᠢᠷᠢ ᠲᠡᠩᠴᠡᠵᠦ᠂ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ ᠲᠠᠯ᠎ᠠ ᠪᠠᠷ ᠰᠢᠨ᠎ᠡ ᠠᠬᠢᠴᠠ ᠲᠠᠢ

ᠪᠣᠯᠪᠠ᠃

      ᠬᠤᠶᠠᠷ ᠲᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠤᠣᠯᠯᠠᠭᠴᠢ ᠦᠢᠯᠡᠳᠦᠯ ᠡᠳᠦᠷ ᠢᠷᠡᠬᠦᠶ᠎ᠡ

ᠲᠣᠪᠤᠶᠢᠪᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ

ᠠᠩᠬᠠᠷᠤᠯ ᠢᠶᠠᠨ ᠬᠠᠨᠳᠤᠭᠤᠯᠤᠨ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠦᠲᠦᠴᠡ ᠶᠢᠨ

ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠮᠢᠳᠤ ᠪᠣᠳᠠᠰ᠂ ᠡᠪᠡᠰᠦᠨ ᠤ ᠦᠢᠯᠡᠰ᠂ ᠰᠦᠨ ᠤ

ᠦᠢᠯᠡᠰ᠂ ᠲᠡᠮᠦᠷᠯᠢᠭ ᠬᠠᠶᠢᠯᠤᠭᠤᠯᠬᠤ᠂ ᠰᠢᠨ᠎ᠡ ᠡᠨᠧᠷᠭᠢ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ

ᠰᠠᠯᠠᠭᠠᠨ ᠤ ᠲᠤᠰᠬᠠᠢ ᠮᠡᠷᠭᠡᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ

ᠳᠡᠰ ᠤᠨ ᠠᠵᠤ ᠦᠢᠯᠡᠰ ᠤᠨ ᠳᠡᠭᠡᠳᠦ ᠰᠤᠷᠭᠠᠭᠤᠯᠢ 97 ᠶᠢ ᠪᠠᠶᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ 11

ᠬᠤᠷᠠᠮᠠᠯ ᠪᠣᠭᠤᠮᠲᠠ ᠰᠢᠪᠲᠤᠯᠬᠤ ᠲᠣᠮᠣ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ

ᠬᠥᠮᠦᠵᠢᠭᠦᠯᠬᠦ ᠵᠠᠭᠪᠤᠷ ᠤᠨ ᠰᠢᠨ᠎ᠡ ᠶᠢ ᠴᠢᠷᠮᠠᠶᠢᠨ ᠡᠭᠦᠳᠪᠡ᠃ 2023 ᠣᠨ ᠳᠤ ᠪᠦᠬᠦ ᠣᠷᠣᠨ ᠤ ᠰᠣᠳᠤᠯᠬᠤ

ᠰᠤᠷᠤᠭᠴᠢ ᠡᠯᠰᠡᠬᠦ ᠬᠡᠪᠴᠢᠶ᠎ᠡ ᠶᠢ 14199 ᠬᠥᠮᠦᠨ ᠳᠤ ᠬᠦᠷᠭᠡᠵᠦ᠂ ᠳᠡᠭᠡᠷ᠎ᠡ ᠵᠢᠯ ᠤᠨ ᠬᠢ ᠠᠴᠠ 4.82%

ᠨᠡᠮᠡᠭᠳᠡᠭᠦᠯᠪᠡ᠃ ᠤᠯᠤᠰ ᠤᠨ ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠬᠢᠴᠢᠶᠡᠯ 27 ᠪᠠᠶᠢᠭᠰᠠᠨ ᠢ 81

ᠪᠣᠯᠭᠠᠨ ᠨᠡᠮᠡᠪᠡ᠃ ᠰᠢᠨ᠎ᠡ ᠪᠠᠷ ᠨᠡᠮᠡᠭᠳᠡᠭᠰᠡᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ 38᠂ ᠰᠢᠨ᠎ᠡ ᠡᠨᠧᠷᠭᠢ᠂

ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠶᠢᠨ 20 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠳᠤ ᠮᠠᠨ ᠤ

ᠣᠷᠣᠨ ᠠᠩᠬ᠎ᠠ ᠤᠳᠠᠭ᠎ᠠ ᠲᠠᠷᠬᠠᠯᠲᠠ ᠶᠢᠨ ᠴᠡᠭ ᠢ ᠪᠠᠶᠢᠷᠢᠯᠠᠭᠤᠯᠵᠤ ᠲᠣᠬᠢᠷᠠᠭᠤᠯᠪᠠ᠃ ᠣᠯᠠᠨ ᠤᠯᠤᠰ ᠤᠨ

ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ

ᠣᠷᠣᠰ ᠤᠨ ᠠᠵᠤ ᠠᠬᠤᠢ ᠶᠢᠨ ᠬᠤᠩᠭᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠳᠤᠮᠳᠠᠳᠤ

ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠵᠡᠭᠦᠯᠭᠡ  ᠶᠢ ᠠᠮᠵᠢᠯᠲᠠ ᠲᠠᠢ ᠡᠷᠬᠢᠯᠡᠨ᠂ ᠮᠣᠩᠭᠤᠯ

ᠤᠯᠤᠰ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠶᠠᠮᠤᠨ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂

ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ

ᠲᠤᠯᠭᠠᠭᠤᠷᠢᠯᠠᠨ ᠬᠥᠲᠥᠯᠥᠨ ᠳᠠᠭᠠᠭᠤᠯᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃

      ᠭᠤᠷᠪᠠ ᠳᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠨ ᠣᠳᠣ ᠦᠶ᠎ᠡ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ

ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ

ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠲᠠ ᠶᠢᠨ ᠬᠡᠪᠴᠢᠶᠡᠨ ᠳᠠᠬᠢ ᠠᠵᠤ ᠦᠢᠯᠡᠳᠪᠦᠷᠢ

ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ 6 ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ

ᠳᠡᠰ ᠤᠨ ᠠᠵᠢᠯ ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠬᠠᠮᠲᠤ ᠶᠢᠨ ᠴᠣᠭᠴᠠ

11 ᠪᠠ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠨ ᠦᠢᠯᠡᠳᠦᠯᠭᠡᠵᠢᠭᠦᠯᠬᠦ ᠲᠥᠪ 122 ᠢ

ᠪᠠᠶᠢᠭᠤᠯᠪᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠭᠠᠯᠢ ᠲᠧᠭᠨᠢᠭ᠂ ᠲᠠᠷᠢᠶᠠᠯᠠᠩ᠂ ᠡᠮᠨᠡᠯᠭᠡ ᠶᠢᠨ

ᠲᠥᠷᠥᠯ ᠤᠨ ᠲᠤᠰᠬᠠᠢ ᠮᠡᠷᠭᠡᠵᠢᠯ ᠤᠨ ᠡᠵᠡᠯᠡᠬᠦ ᠬᠠᠷᠢᠴᠠᠯ ᠢ 63.1% ᠳᠤ ᠬᠦᠷᠭᠡᠵᠦ᠂ ᠥᠪᠡᠷᠲᠡᠭᠡᠨ ᠵᠠᠰᠠᠬᠤ

ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠤᠰᠬᠠᠢ ᠮᠡᠷᠭᠡᠵᠢᠯ ᠤᠨ ᠡᠵᠡᠯᠡᠬᠦ ᠬᠠᠷᠢᠴᠠᠯ ᠢ          

77.6% ᠳᠤ ᠬᠦᠷᠭᠡᠨ᠂ ᠴᠢᠳᠠᠪᠤᠷᠢᠲᠠᠨ ᠬᠥᠮᠦᠵᠢᠭᠦᠯᠬᠦ ᠪᠠ ᠠᠵᠤ ᠦᠢᠯᠡᠰ ᠤᠨ ᠬᠥᠭᠵᠢᠯᠲᠡ ᠶᠢ ᠵᠣᠬᠢᠴᠠᠭᠤᠯᠬᠤ

ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ︽ᠵᠠᠬᠢᠶᠠᠯᠠᠭ᠎ᠠ ᠶᠢᠨ ᠠᠩᠭᠢ︾ ︽ᠨᠡᠷ᠎ᠡ ᠬᠠᠳᠠᠬᠤ ᠠᠩᠭᠢ︾ ᠶᠢ

448 ᠡᠷᠭᠢᠯᠡᠵᠦ᠂ ᠨᠤᠲᠤᠭ ᠤᠨ ᠠᠵᠤ ᠠᠬᠤᠶᠢᠯᠠᠯ ᠳᠤ ᠤᠷ᠎ᠠ ᠴᠢᠳᠠᠪᠤᠷᠢᠲᠤ ᠴᠢᠳᠠᠪᠤᠷᠢᠲᠠᠨ 4.15 ᠲᠦᠮᠡᠨ

ᠬᠥᠮᠦᠨ ᠬᠦᠷᠭᠡᠪᠡ᠃ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ

ᠤᠷᠤᠯᠳᠤᠭᠠᠨ ᠢ ᠠᠩᠬ᠎ᠠ ᠤᠳᠠᠭ᠎ᠠ ᠳᠠᠭᠠᠭᠠᠴᠢᠯᠠᠨ ᠡᠷᠬᠢᠯᠡᠵᠦ᠂ ᠨᠢᠭᠡᠳᠦᠭᠡᠷ ᠳᠡᠰ ᠤᠨ ᠱᠠᠩᠨᠠᠯ 8 ᠬᠦᠷᠲᠡᠵᠦ᠂

ᠲᠤᠭ᠎ᠠ ᠨᠢ ᠥᠩᠭᠡᠷᠡᠭᠰᠡᠨ ᠵᠢᠯ ᠤᠨ ᠨᠡᠶᠢᠯᠡᠪᠦᠷᠢ ᠲᠠᠢ ᠣᠶᠢᠷᠠᠲᠤᠵᠤ᠂ ᠬᠤᠶᠠᠳᠤᠭᠠᠷ ᠳᠡᠰ ᠤᠨ ᠱᠠᠩᠨᠠᠯ 17᠂

ᠭᠤᠷᠪᠠᠳᠤᠭᠠᠷ ᠳᠡᠰ ᠤᠨ ᠱᠠᠩᠨᠠᠯ 53 ᠪᠣᠯᠵᠣ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃

      ᠭᠤᠷᠪᠠ᠂ ᠰᠤᠷᠭᠠᠨ ᠬᠥᠮᠥᠵᠢᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠤ

ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ

      ᠨᠢᠭᠡ ᠳᠤ᠂ ︽ᠬᠤᠶᠠᠷ ᠢ ᠬᠥᠩᠭᠡᠷᠡᠭᠦᠯᠬᠦ︾ ᠠᠵᠢᠯ ᠰᠢᠨ᠎ᠡ ᠠᠬᠢᠴᠠ ᠲᠠᠢ ᠪᠣᠯᠪᠠ᠃ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠱᠠᠲᠤᠨ ᠤ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ

ᠪᠠᠶᠢᠭᠤᠯᠤᠮᠵᠢ 2647 ᠶᠢ ᠪᠦᠬᠦᠨ ᠢ ᠪᠠᠭᠠᠰᠠᠬᠪᠠ᠃ ᠬᠢᠴᠢᠶᠡᠯ ᠲᠥᠷᠥᠯ ᠤᠨ ᠬᠡᠯᠪᠡᠷᠢ ᠪᠠᠨ ᠥᠭᠡᠷᠡᠲᠦᠭᠦᠯᠬᠦ ᠶᠢ

ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ

102 ᠢ ᠪᠠᠶᠢᠴᠠᠭᠠᠨ ᠰᠢᠢᠳᠪᠦᠷᠢᠯᠡᠪᠡ᠃ ᠬᠢᠴᠢᠶᠡᠯ ᠲᠥᠷᠥᠯ ᠤᠨ ᠪᠣᠰᠤ ᠰᠤᠷᠭᠠᠭᠤᠯᠢ ᠶᠢᠨ ᠭᠠᠳᠠᠨᠠᠬᠢ

ᠪᠣᠯᠪᠠᠰᠤᠷᠠᠭᠤᠯᠤᠯ ᠢ ᠵᠢᠷᠤᠮᠵᠢᠭᠤᠯᠵᠤ᠂ 31 ᠠᠰᠠᠭᠤᠳᠠᠯ ᠲᠠᠢ ᠪᠠᠶᠢᠭᠤᠯᠤᠮᠵᠢ ᠶᠢ ᠪᠠᠶᠢᠴᠠᠭᠠᠨ ᠰᠢᠢᠳᠪᠦᠷᠢᠯᠡᠵᠦ᠂

︽ᠬᠤᠶᠠᠷ ᠢ ᠬᠥᠩᠭᠡᠷᠡᠭᠦᠯᠬᠦ︾ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠰᠠᠭᠤᠷᠢ ᠶᠢ

ᠪᠠᠲᠤᠳᠬᠠᠪᠠ᠃ ᠡᠯ᠎ᠡ ᠭᠠᠵᠠᠷ ᠤᠨ ᠡᠯ᠎ᠡ ᠰᠤᠷᠭᠠᠭᠤᠯᠢ ᠶᠢ ᠵᠢᠯᠣᠭᠤᠳᠤᠨ ᠵᠤᠨ ᠤ ᠠᠮᠠᠷᠠᠯᠲᠠ ᠶᠢᠨ ᠬᠤᠭᠤᠴᠠᠭᠠᠨ ᠤ

ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠪᠦᠬᠦ ᠲᠠᠯ᠎ᠠ ᠪᠠᠷ ᠬᠠᠩᠭᠠᠵᠤ᠂ ᠭᠡᠷ ᠤᠨ ᠠᠬᠠᠮᠠᠳ ᠤᠨ

︽ᠬᠠᠷᠠᠭᠠᠯᠵᠠᠬᠤ ᠳᠤ ᠬᠦᠴᠢᠷ︾ ᠠᠰᠠᠭᠤᠳᠠᠯ ᠢ ᠦᠨᠡᠨ ᠬᠦ ᠰᠢᠢᠳᠪᠦᠷᠢᠯᠡᠨ᠂ ᠠᠷᠠᠳ ᠣᠯᠠᠨ ᠤ ᠰᠤᠷᠭᠠᠨ

ᠬᠥᠮᠦᠵᠢᠯ ᠤᠨ ᠲᠤᠬᠠᠢ ᠭᠦᠷᠲᠡᠭᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ          

ᠳᠡᠭᠡᠭᠰᠢᠯᠡᠭᠦᠯᠪᠡ᠃

      ᠬᠤᠶᠠᠷ ᠲᠤ᠂ ᠰᠤᠷᠭᠠᠨ ᠬᠥᠮᠦᠵᠢᠯ ᠢ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠰᠢᠨ᠎ᠡ ᠦᠷ᠎ᠡ

ᠪᠦᠲᠦᠮᠵᠢ ᠣᠯᠪᠠ᠃ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠦᠬᠦ ᠣᠷᠣᠨ ᠳᠠᠬᠢ

ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠬᠦ ᠣᠷᠣᠨ ᠤ ᠳᠤᠮᠳᠠᠳᠤ

ᠪᠠᠭ᠎ᠠ ᠰᠤᠷᠭᠠᠭᠤᠯᠢ ᠪᠦᠬᠦᠨ ᠢᠶᠠᠷ ᠢᠶᠠᠨ ᠲᠠᠪᠴᠠᠩ ᠳᠤ ᠳᠠᠩᠰᠠᠯᠠᠭᠤᠯᠬᠤ ᠶᠢ ᠪᠡᠶᠡᠯᠡᠭᠦᠯᠦᠨ᠂ ᠣᠳᠣ ᠪᠣᠯᠲᠠᠯ᠎ᠠ᠂

ᠳᠠᠩᠰᠠᠯᠠᠭᠤᠯᠤᠭᠰᠠᠨ ᠰᠤᠷᠤᠭᠴᠢ ᠶᠢᠨ ᠲᠤᠭ᠎ᠠ 298.42 ᠲᠦᠮᠡ᠂ ᠪᠠᠭᠰᠢ ᠶᠢᠨ ᠲᠤᠭ᠎ᠠ 41.61 ᠲᠦᠮᠡ

ᠬᠦᠷᠴᠦ᠂ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ

ᠬᠠᠶᠢᠭᠰᠠᠨ ᠬᠡᠮᠵᠢᠶ᠎ᠡ 9.91 ᠳ᠋ᠦᠩᠰᠢᠭᠤᠷ ᠤᠳᠠᠭ᠎ᠠ ᠳᠤ ᠬᠦᠷᠴᠡᠢ᠃ ᠲᠠᠪᠴᠠᠩ ᠢᠶᠠᠷ ᠳᠠᠮᠵᠢᠭᠤᠯᠤᠨ ᠰᠠᠭᠤᠷᠢ

ᠰᠤᠷᠭᠠᠨ ᠬᠥᠮᠦᠵᠢᠯ ᠤᠨ ︽ᠰᠦᠯᠵᠢᠶᠡᠨ ᠳᠠᠬᠢ ᠰᠢᠯᠢᠳᠡᠭ ᠬᠢᠴᠢᠶᠡᠯ︾ ᠤᠨ ᠡᠬᠢ ᠪᠠᠶᠠᠯᠢᠭ 3400 ᠭᠠᠷᠤᠢ᠂

ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ 9 ᠬᠢᠴᠢᠶᠡᠯ ᠲᠥᠷᠦᠯ ᠤᠨ ᠡᠬᠢ ᠪᠠᠶᠠᠯᠢᠭ 5302᠂

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠦᠯᠵᠢᠶᠡᠨ ᠳᠠᠬᠢ ᠰᠢᠯᠢᠳᠡᠭ ᠬᠢᠴᠢᠶᠡᠯ 55 ᠶᠢ ᠨᠡᠭᠡᠭᠡᠵᠦ᠂ 

ᠴᠢᠨᠠᠷᠯᠢᠭ ᠲᠣᠭᠠᠵᠢᠭᠰᠠᠨ ᠡᠬᠢ ᠪᠠᠶᠠᠯᠢᠭ ᠤᠨ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠨ᠂ ᠣᠷᠣᠨ ᠪᠦᠰᠡ᠂

ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠰᠤᠷᠭᠠᠨ

ᠬᠥᠮᠦᠵᠢᠯ ᠤᠨ ᠡᠷᠬᠡ ᠲᠡᠭᠰᠢ ᠶᠢ ᠠᠬᠢᠭᠤᠯᠪᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠲᠡᠯᠡᠭᠰᠡᠨ

ᠲᠡᠷᠢᠭᠦᠨ ᠤ ᠬᠢᠴᠢᠶᠡᠯ ᠤᠨ ᠡᠬᠢ ᠪᠠᠶᠠᠯᠢᠭ 72᠂ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ

ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ 208 ᠬᠢᠴᠢᠶᠡᠯ ᠬᠠᠩᠭᠠᠵᠤ᠂ 120 ᠭᠠᠷᠤᠢ ᠲᠦᠮᠡᠨ ᠬᠥᠮᠦᠨ

ᠬᠢᠴᠢᠶᠡᠯ ᠰᠣᠩᠭᠤᠨ ᠰᠤᠷᠤᠯᠴᠠᠪᠠ᠃ ᠤᠯᠠᠮ ᠠᠴᠠ ᠤᠯᠠᠮ ᠣᠯᠠᠨ ᠪᠠᠭᠰᠢ ᠨᠠᠷ ᠣᠶᠤᠨᠴᠢ ᠰᠤᠷᠭᠠᠨ ᠬᠥᠮᠦᠵᠢᠯ ᠤᠨ

ᠲᠠᠪᠴᠠᠩ ᠳᠤ ᠲᠦᠰᠢᠭᠯᠡᠨ ᠬᠢᠴᠢᠶᠡᠯᠯᠡᠭᠡ ᠶᠢ ᠳᠠᠬᠢᠨ ᠪᠠᠶᠢᠭᠤᠯᠵᠤ᠂ ᠣᠨᠴᠠᠯᠢᠭᠲᠤ ᠬᠢᠴᠢᠶᠡᠯ ᠢ ᠥᠷᠭᠡᠳᠬᠡᠵᠦ ᠪᠣᠢ᠃

      ᠭᠤᠷᠪᠠ ᠳᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃ ᠪᠠᠭᠰᠢ ᠶᠢᠨ

ᠮᠣᠷᠠᠯ ᠰᠤᠷᠲᠠᠯ ᠢ ᠤᠷᠢᠳᠴᠢᠯᠠᠨ ᠰᠡᠷᠡᠮᠵᠢᠯᠡᠭᠦᠯᠬᠦ᠂ ᠪᠠᠭᠰᠢ ᠶᠢᠨ ᠮᠣᠷᠠᠯ ᠤᠨ ᠲᠣᠭᠲᠠᠭᠠᠯ ᠠᠴᠠ ᠵᠥᠷᠢᠴᠡᠭᠰᠡᠨ

ᠬᠡᠷᠡᠭ ᠤᠨ ᠵᠢᠱᠢᠶ᠎ᠡ ᠶᠢ ᠮᠡᠳᠡᠭᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠡᠷᠬᠢᠯᠡᠬᠦ ᠶᠢ ᠬᠤᠷᠢᠭᠯᠠᠬᠤ ᠪᠠ

ᠯᠠᠪᠯᠠᠬᠤ ᠪᠠᠷ ᠣᠷᠣᠬᠤ ᠶᠢ ᠵᠥᠪᠰᠢᠶᠡᠷᠡᠬᠦ ᠳᠦᠷᠢᠮ ᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ

ᠬᠤᠭᠤᠴᠠᠭᠠᠨ ᠤ ︽ᠬᠠᠮᠤᠭ ᠤᠨ ᠭᠤᠶᠣ ᠪᠠᠭᠰᠢ︾ ᠶᠢ ᠰᠢᠯᠭᠠᠷᠠᠭᠤᠯᠬᠤ ᠠᠵᠢᠯᠯᠠᠭ᠎ᠠ ᠶᠢ ᠡᠷᠬᠢᠯᠡᠵᠦ᠂ ᠪᠦᠬᠦ

ᠤᠯᠤᠰ ᠤᠨ ᠠᠷᠪᠠᠨ ᠶᠡᠭᠡ ᠬᠠᠮᠤᠭ ᠤᠨ ᠭᠤᠶᠣ ᠪᠠᠭᠰᠢ ᠪᠠᠷ 1 ᠬᠥᠮᠦᠨ ᠰᠣᠩᠭᠤᠭᠳᠠᠵᠤ᠂ ᠰᠢᠨ᠎ᠡ

ᠰᠢᠪᠲᠤᠯᠤᠯᠲᠠ ᠶᠢ ᠪᠡᠶᠡᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠢᠶᠠᠨ ᠠᠴᠠ ᠬᠠᠮᠢᠶᠠᠷᠴᠤ

ᠰᠤᠷᠭᠠᠭᠤᠯᠢ ᠠᠴᠠ ᠤᠷᠢᠬᠤ︾ ᠪᠠ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠶᠡᠷᠦᠩᠬᠡᠢ ᠲᠣᠭᠠᠨ ᠤ

ᠬᠠᠮᠢᠶᠠᠷᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠪᠦᠬᠦ ᠣᠷᠣᠨ ᠤ ᠡᠯ᠎ᠡ ᠱᠠᠲᠤᠨ ᠤ ᠡᠯ᠎ᠡ

ᠲᠥᠷᠥᠯ ᠤᠨ ᠰᠤᠷᠭᠠᠭᠤᠯᠢ ᠶᠢᠨ ᠲᠤᠰᠬᠠᠢ ᠪᠠᠭᠰᠢ ᠶᠢᠨ ᠬᠡᠪᠴᠢᠶ᠎ᠡ ᠶᠢ 31.26 ᠲᠦᠮᠡᠨ ᠬᠥᠮᠦᠨ ᠳᠤ ᠭᠦᠷᠭᠡᠨ᠂

ᠳᠡᠭᠡᠷ᠎ᠡ ᠵᠢᠯ ᠤᠨ ᠬᠢ ᠠᠴᠠ 1.9% ᠨᠡᠮᠡᠭᠳᠡᠭᠦᠯᠦᠨ᠂ ᠲᠤᠰᠬᠠᠢ ᠪᠠᠭᠰᠢ ᠶᠢᠨ ᠰᠤᠷᠤᠯᠭ᠎ᠠ ᠶᠢᠨ ᠨᠠᠮᠲᠠᠷ ᠤᠨ

ᠪᠦᠲᠦᠴᠡ ᠶᠢ ᠢᠯᠡᠳᠲᠡ ᠳᠡᠭᠡᠭᠰᠢᠯᠡᠭᠦᠯᠪᠡ᠃

      ᠳᠥᠷᠪᠡ ᠳᠤ᠂ ᠰᠤᠷᠭᠠᠨ ᠬᠥᠮᠦᠵᠢᠯ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ

ᠨᠡᠮᠡᠭᠳᠡᠭᠦᠯᠪᠡ᠃ 2023 ᠣᠨ ᠳᠤ᠂ ᠪᠦᠬᠦ ᠣᠷᠣᠨ ᠡᠯ᠎ᠡ ᠲᠥᠷᠥᠯ ᠤᠨ ᠰᠤᠷᠤᠭᠴᠢᠳ ᠢ ᠳᠡᠳᠬᠦᠨ ᠲᠤᠰᠠᠯᠠᠬᠤ

ᠪᠡᠯᠡ ᠮᠥᠩᠭᠦ ᠶᠢ 48.1 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠰᠤᠷᠤᠯᠭ᠎ᠠ ᠶᠢᠨ ᠲᠡᠳᠬᠦᠮᠵᠢ ᠶᠢᠨ

ᠵᠢᠭᠡᠯᠡᠯᠭᠡ ᠶᠢ 14.04 ᠳ᠋ᠦᠩᠰᠢᠭᠤᠷ ᠲᠥᠭᠦᠷᠢᠭ ᠲᠠᠯᠪᠢᠨ᠂ ᠰᠤᠷᠤᠭᠴᠢ ᠶᠢᠨ ᠢᠷᠡᠯᠲᠡ ᠶᠢᠨ ᠭᠠᠵᠠᠷ ᠤᠨ

ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠨᠢᠭᠡ

ᠰᠤᠷᠤᠭᠴᠢ ᠶᠢ ᠴᠤ ᠭᠡᠷ ᠪᠦᠯᠢ ᠶᠢᠨ ᠠᠵᠤ ᠠᠬᠤᠢ ᠨᠢ ᠬᠦᠴᠢᠷᠲᠡᠢ ᠠᠴᠠ ᠪᠣᠯᠵᠤ ᠰᠤᠷᠤᠯᠭ᠎ᠠ ᠠᠯᠳᠠᠭᠤᠯᠬᠤ        

ᠦᠭᠡᠢ︾ ᠭᠡᠬᠦ ᠲᠥᠪ ᠴᠢᠩᠭ᠎ᠠ ᠠᠮᠠᠯᠠᠯᠲᠠ ᠶᠢ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠪᠡ᠃ ᠵᠠᠰᠠᠭ ᠤᠨ

ᠶᠠᠪᠤᠳᠠᠯ ᠤᠨ ᠦᠢᠯᠡᠴᠢᠯᠡᠭᠡ ᠶᠢ ᠨᠢᠭᠡᠳᠦᠯᠲᠡᠢ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ 16 ᠣᠯᠠᠨ

ᠨᠡᠶᠢᠲᠡ ᠶᠢᠨ ᠦᠢᠯᠡᠴᠢᠯᠡᠭᠡᠨ ᠤ ᠵᠦᠢᠯ ᠢ ︽ᠮᠥᠩᠬᠡ ᠰᠤᠪᠠᠭ︾ ᠲᠤ ᠵᠠᠯᠭᠠᠨ ᠣᠷᠣᠭᠤᠯᠵᠤ᠂ ᠬᠡᠷᠡᠭᠯᠡᠭᠴᠢ 631

ᠲᠦᠮᠡᠨ ᠤᠳᠠᠭ᠎ᠠ ᠪᠠᠶᠢᠴᠠᠭᠠᠨ ᠯᠠᠪᠯᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ

ᠪᠠ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ

ᠪᠦᠬᠦ ᠲᠠᠯ᠎ᠠ ᠪᠠᠷ ᠪᠡᠶᠡᠯᠡᠭᠦᠯᠦᠨ᠂ ᠠᠩᠬ᠎ᠠ ᠵᠡᠷᠭᠡ ᠶᠢᠨ ᠪᠠ  ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠦᠨᠡᠮᠯᠡᠯ ᠪᠠ ︽ᠭᠤᠷᠪᠠ ᠰᠢᠯᠢᠳᠡᠭ          

ᠰᠤᠷᠤᠭᠴᠢ︾᠂ ︽ᠬᠥᠳᠡᠭᠡ ᠲᠣᠰᠬᠤᠨ ᠤ ᠪᠠᠭᠰᠢ ᠶᠢᠨ ᠠᠵᠢᠯ ᠤᠨ 20 ᠵᠢᠯ︾ ᠤᠨ ᠢᠷᠠᠭᠤ ᠠᠯᠳᠠᠷ ᠤᠨ ᠦᠨᠡᠮᠯᠡᠯ

ᠵᠡᠷᠭᠡ ᠡᠯᠧᠺᠲᠷᠣᠨ ᠦᠨᠡᠮᠯᠡᠯ ᠤᠨ ᠦᠢᠯᠡᠴᠢᠯᠡᠭᠡ ᠶᠢ ᠶᠡᠭᠡ ᠪᠠᠷ ᠠᠬᠢᠭᠤᠯᠵᠤ᠂ ᠮᠡᠳᠡᠭᠦᠯᠬᠦ ᠮᠠᠲ᠋ᠧᠷᠢᠶᠠᠯ ᠢ ᠴᠣᠮᠬᠠᠳᠬᠠᠨ᠂

ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠦᠢᠯᠡᠳᠦᠯ ᠪᠠ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃

      2024 ᠣᠨ ᠳᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ

ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ

ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ

ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ

ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠠᠶᠢᠳᠠᠪᠤᠷᠢᠵᠢᠭᠤᠯᠤᠨ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ

ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ

ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ

ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠥᠳᠲᠡᠷ

ᠲᠦᠷᠭᠡᠨ ᠪᠠᠶᠢᠭᠤᠯᠵᠤ᠂ ᠲᠦᠷᠭᠡᠨ ᠮᠥᠷᠲᠡᠭᠡᠨ ᠯᠠᠪᠳᠠᠭᠤᠨ ᠢᠶᠠᠷ ᠭᠦᠢᠴᠡᠳᠭᠡᠵᠦ᠂ ᠬᠤᠶᠠᠷ ᠶᠡᠭᠡ ᠶᠠᠪᠤᠳᠠᠯ ᠢ

ᠰᠠᠶᠢᠲᠤᠷ ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ᠃

      ᠨᠢᠭᠡ ᠳᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠰᠡᠳᠬᠢᠯ ᠢ ᠨᠢᠭᠲᠠᠷᠠᠭᠤᠯᠵᠤ ᠰᠦᠭ ᠢ ᠴᠥᠬᠦᠷᠡᠰᠢ

ᠦᠭᠡᠢ ᠴᠣᠭᠴᠠᠯᠠᠬᠤ ᠶᠢ ᠪᠠᠷᠢᠮᠲᠠᠯᠠᠨ᠎ᠠ᠃ ︽ᠴᠠᠭ ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ          

ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠴᠢᠨᠠᠷ

ᠴᠢᠨᠰᠠᠭᠠᠨ ᠤ ᠳᠡᠭᠡᠭᠰᠢᠯᠡᠯᠲᠡ ᠶᠢ ᠠᠬᠢᠭᠤᠯᠤᠨ᠂ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠨᠠᠮ ᠢᠶᠠᠨ          

ᠳᠠᠭᠠᠨᠠᠮ︾ ᠭᠡᠬᠦ ᠨᠠᠮ ᠤᠨ ᠪᠠᠶᠢᠭᠤᠯᠤᠯᠲᠠ ᠶᠢᠨ ᠨᠡᠷᠡᠲᠦ  ᠲᠡᠮᠳᠡᠭᠲᠦ ᠶᠢ ᠡᠭᠦᠳᠴᠦ᠂ ᠴᠢᠨᠠᠷᠯᠢᠭ ᠨᠠᠮ ᠤᠨ

ᠪᠠᠶᠢᠭᠤᠯᠤᠯᠲᠠ ᠪᠠᠷ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃

      ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ

ᠳᠠᠭᠤᠷᠢᠶᠠᠯ ᠦᠵᠡᠭᠦᠯᠬᠦ ᠣᠷᠣᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠤᠨ ᠬᠥᠮᠦᠵᠢᠯ ᠤᠨ ᠳᠠᠭᠤᠷᠢᠶᠠᠯ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠲᠤᠬᠠᠢ

ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶᠢᠨ ᠬᠦᠷᠢᠶᠡᠨ ᠳᠤ ︽ᠤᠮᠠᠷᠠᠲᠤ ᠬᠢᠯᠢ ᠶᠢᠨ

ᠰᠣᠶᠣᠯ︾ ᠤᠨ ᠨᠡᠷᠡᠲᠦ ᠳᠡᠮᠳᠡᠭᠲᠦ ᠢ ᠳᠠᠭᠤᠷᠢᠰᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠰᠤᠳᠤᠯᠭᠠᠨ ᠤ ᠰᠢᠨᠵᠢᠯᠡᠭᠡᠨ ᠤ ᠰᠠᠯᠭᠠᠨ ᠤ

ᠳᠣᠭᠲᠠᠯᠴᠠᠭ᠎ᠠ᠂ ᠡᠷᠳᠡᠮ ᠰᠢᠨᠵᠢᠯᠡᠭᠡᠨ ᠤ ᠳᠣᠭᠲᠠᠯᠴᠠᠭ᠎ᠠ ᠪᠠ ᠦᠭᠡ ᠬᠡᠯᠡᠨ  ᠤ ᠳᠣᠭᠲᠠᠯᠴᠠᠭ᠎ᠠ ᠶᠢ ᠪᠠᠶᠢᠭᠤᠯᠤᠨ

ᠲᠡᠭᠦᠯᠳᠡᠷᠵᠢᠭᠦᠯᠪᠡ᠃

      ᠭᠤᠷᠪᠠ ᠳᠤ᠂ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ

ᠲᠦᠷᠭᠡᠳᠬᠡᠨ᠎ᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯᠲᠤ

ᠠᠮᠤᠷ ᠲᠦᠪᠰᠢᠨ ᠴᠢᠨᠠᠷᠯᠢᠭ ᠬᠥᠭᠵᠢᠯᠲᠡ ᠶᠢ ᠠᠬᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ

ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠡᠩ ᠤᠨ

ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠᠯᠢᠭᠲᠤ ᠣᠯᠠᠨ ᠶᠠᠩᠵᠤᠴᠢᠯᠠᠭᠰᠠᠨ ᠬᠥᠭᠵᠢᠯᠲᠡ ᠶᠢ

ᠠᠬᠢᠭᠤᠯᠵᠤ᠂ ᠤᠯᠤᠰ ‍ᠤᠨ‌ᠡᠭᠦᠳᠡᠨ ᠳᠠᠬᠢ ᠰᠤᠷᠭᠠᠭᠤᠯᠢ ᠶᠢ ᠰᠠᠶᠢᠲᠤᠷ ᠡᠷᠬᠢᠯᠡᠨ᠎ᠡ᠃

      ᠳᠥᠷᠪᠡ ᠳᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨᠲᠤ ᠬᠥᠭᠵᠢᠯᠲᠡ ᠶᠢ

ᠠᠬᠢᠭᠤᠯᠤᠨ᠎ᠠ᠃ ︽ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠠᠪᠤᠨ ᠵᠢᠯ ᠤᠨ

ᠠᠵᠢᠯᠯᠠᠭᠠᠨ ᠤ ᠲᠥᠯᠥᠪᠯᠡᠭᠡ︾ ᠶᠢ ᠡᠬᠢᠯᠡᠭᠦᠯᠵᠦ᠂ ᠤᠯᠤᠰ ᠤᠨ ᠳᠡᠰ ᠤᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ

ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠠᠮᠢᠳᠤ ᠪᠣᠳᠠᠰ ᠤᠨ ᠤᠬᠠᠭᠠᠨ᠂ ᠢᠳᠡᠭᠡᠨ ᠤ

ᠰᠢᠨᠵᠢᠯᠡᠬᠦ ᠤᠬᠠᠭᠠᠨ᠂ ᠠᠮᠢ ᠠᠬᠤᠢ ᠶᠢᠨ ᠤᠬᠠᠭᠠᠨ᠂ ᠡᠪᠡᠰᠦᠨ ᠤ ᠰᠤᠳᠤᠯᠤᠯ᠂ ᠲᠡᠮᠦᠷᠯᠢᠭ ᠪᠣᠯᠪᠠᠰᠤᠷᠠᠭᠤᠯᠬᠤ᠂

ᠬᠤᠪᠣᠷ ᠰᠢᠷᠣᠢ᠂ ᠰᠢᠨ᠎ᠡ ᠡᠨᠧᠷᠭᠢ ᠵᠢᠴᠢ ᠦᠨᠳᠦᠰᠦᠲᠡᠨ ᠤ ᠰᠤᠳᠤᠯᠤᠯ ᠵᠡᠷᠭᠡ ᠳᠠᠪᠠᠭᠤᠯᠢᠭ ᠣᠨᠴᠠᠯᠢᠭᠲᠤ

ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠨ᠎ᠡ᠃ ᠬᠤᠪᠣᠷ ᠰᠢᠷᠤᠢ᠂ ᠰᠦᠨ ᠤ ᠦᠢᠯᠡᠰ᠂

ᠡᠨᠧᠷᠭᠢ᠂ ᠲᠡᠷᠢᠭᠦᠨ ᠤ  ᠦᠢᠯᠡᠳᠬᠦ ᠦᠢᠯᠡᠰ ᠤᠨ ᠬᠡᠪᠴᠢᠶᠡᠨ ᠳᠠᠬᠢ ᠪᠠ ᠰᠤᠷᠭᠠᠨ ᠬᠥᠮᠦᠵᠢᠯ ᠤᠨ ᠶᠠᠮᠤᠨ ᠤ

ᠬᠠᠮᠲᠤᠷᠠᠨ ᠪᠠᠶᠢᠭᠤᠯᠤᠭᠰᠠᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠲᠣᠭᠤᠷᠢᠨ ᠳᠤ᠂ ᠶᠡᠭᠡ ᠳᠡᠭᠡᠳᠦ

ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠦᠲᠦᠴᠡ ᠶᠢ ᠦᠷᠭᠦᠯᠵᠢᠯᠡᠨ

ᠲᠣᠬᠢᠷᠠᠭᠤᠯᠤᠨ ᠰᠢᠯᠢᠳᠡᠭᠵᠢᠭᠦᠯᠵᠦ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ

ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃

      ᠲᠠᠪᠤ ᠳᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ

ᠪᠠᠶᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ᠂ ᠠᠵᠤ ᠦᠢᠯᠡᠳᠪᠦᠷᠢ ᠪᠠ

ᠰᠤᠷᠭᠠᠨ ᠬᠥᠮᠦᠵᠢᠯ ᠢ ᠠᠭᠤᠰᠬᠠᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠠᠭᠤᠰᠬᠠᠬᠤ ᠶᠢ 

ᠭᠦᠨᠵᠡᠭᠡᠶᠢᠷᠡᠭᠦᠯᠦᠨ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠬᠡᠯᠪᠡᠷᠢ ᠶᠢᠨ ᠠᠵᠤ

ᠠᠬᠤᠶᠢᠯᠠᠯ ᠢ 50 ᠪᠣᠯᠭᠠᠨ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ ︽ᠤᠷᠠᠨ ᠳᠠᠷᠬᠠᠨ ᠤ

ᠠᠩᠭᠢ︾᠂ ︽ᠵᠠᠬᠢᠶᠠᠯᠠᠭ᠎ᠠ  ᠶᠢᠨ ᠠᠩᠭᠢ︾ ᠶᠢᠨ ᠲᠥᠯᠥᠪᠯᠡᠭᠡ ᠶᠢ ᠪᠠᠶᠢᠭᠤᠯᠵᠤ᠂ ᠠᠵᠤ ᠦᠢᠯᠡᠰ ᠤᠨ

ᠬᠥᠭᠵᠢᠯᠲᠡ ᠳᠤ ᠲᠠᠰᠤᠷᠠᠯᠲᠠ ᠥᠬᠡᠶ ᠥᠨᠳᠥᠷ ᠬᠡᠪ ᠪᠣᠯᠪᠠᠰᠤᠷᠠᠯ ᠲᠠᠢ ᠤᠷ᠎ᠠ  ᠴᠢᠳᠠᠪᠤᠷᠢᠲᠤ ᠴᠢᠳᠠᠪᠤᠷᠢᠲᠠᠨ ᠢ 

ᠬᠥᠮᠥᠵᠢᠭᠦᠯᠦᠨ᠎ᠡ᠃

      ᠵᠢᠷᠭᠤᠭ᠎ᠠ ᠳᠤ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠦᠨ᠎ᠡ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂

ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠪᠠ ᠡᠩ

ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢ

ᠯᠠᠪᠳᠠᠭᠤᠨ ᠢᠶᠠᠷ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠶᠢ ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠶᠢ

ᠭᠦᠨᠵᠡᠭᠡᠶᠢᠷᠡᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ ᠬᠠᠮᠢᠶᠠᠷᠤᠯᠲᠠ ᠶᠢ

ᠠᠬᠢᠭᠤᠯᠵᠤ᠂ ᠠᠵᠢᠯ ᠤᠨ ᠬᠢᠷᠢ ᠪᠦᠲᠦᠮᠵᠢ ᠶᠢᠨ ᠴᠠᠯᠢᠩ ᠢ ᠰᠢᠯᠭᠠᠨ ᠬᠢᠨᠠᠭᠰᠠᠨ ᠦᠷ᠎ᠡ ᠳ᠋ᠦᠩ ᠲᠠᠢ

ᠬᠤᠯᠪᠣᠭᠳᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠰᠤᠷᠭᠠᠨ

ᠬᠥᠮᠦᠵᠢᠯ ᠢ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ ︽ᠬᠤᠶᠠᠷ ᠢ

ᠬᠥᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠢᠴᠢᠶᠡᠯᠯᠡᠭᠡ᠂ ᠳᠠᠰᠬᠠᠯ ᠤᠨ ᠬᠠᠮᠢᠶᠠᠷᠤᠯᠲᠠ᠂

ᠬᠢᠴᠢᠶᠡᠯ  ᠤᠨ ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃

 

      ᠳᠤᠮᠳᠠᠳᠤ ᠤᠯᠤᠰ ᠤᠨ ᠠᠵᠤ ᠠᠬᠤᠢ ᠶᠢᠨ ᠬᠥᠲᠦᠯᠬᠦ ᠰᠣᠨᠢᠨ ᠤ ᠰᠤᠷᠪᠤᠯᠵᠢᠯᠠᠭᠴᠢ ᠄ ᠲᠠ ᠰᠠᠶᠢᠨ ᠤᠤ︖

ᠣᠶᠢᠷ᠎ᠠ ᠶᠢᠨ ᠵᠢᠯ ᠮᠠᠨ ᠤ ᠣᠷᠣᠨ ᠰᠤᠷᠭᠠᠨ ᠬᠥᠮᠦᠵᠢᠯ ᠤᠨ ᠬᠦᠷᠢᠶᠡᠨ  ᠳᠠᠬᠢ ᠦᠨᠳᠦᠰᠦᠨ ᠣᠯᠠᠨ ᠨᠡᠶᠢᠲᠡ ᠶᠢᠨ

ᠦᠢᠯᠡᠴᠢᠯᠡᠭᠡᠨ ᠤ ᠳᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠣᠯᠵᠤ ᠬᠠᠷᠠᠯ᠎ᠠ᠂ ᠥᠪᠡᠷᠲᠡᠭᠡᠨ

ᠵᠠᠰᠠᠬᠤ ᠣᠷᠣᠨ ᠰᠠᠭᠤᠷᠢ ᠰᠤᠷᠭᠠᠨ ᠬᠥᠮᠦᠵᠢᠯ ᠤᠨ ᠬᠦᠷᠢᠶᠡᠨ ᠳᠠᠬᠢ ᠠᠷᠠᠳ ᠣᠯᠠᠨ ᠤ ᠪᠠᠴᠢᠮᠳᠠᠯ ᠬᠦᠴᠢᠷᠳᠡᠯ

ᠵᠣᠪᠠᠨᠢᠯ ᠬᠦᠰᠡᠯ ᠤᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠪᠣᠳᠠᠲᠠᠢ ᠶᠠᠮᠠᠷ ᠠᠵᠢᠯ ᠬᠢᠭᠰᠡᠨ ᠪᠣᠢ︖ ᠳᠠᠷᠠᠭ᠎ᠠ

ᠠᠯᠬᠤᠮ ᠳᠤ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠤᠢ︖

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ

ᠰᠤᠷᠭᠠᠨ ᠬᠥᠮᠦᠵᠢᠯ ᠤᠨ ᠨᠢᠭᠡᠳᠦᠭᠡᠷ ᠭᠠᠵᠠᠷ ᠤᠨ ᠳᠠᠷᠤᠭ᠎ᠠ ᠯᠢᠦ ᠰᠢᠩ ᠴᠧᠩ᠄ ᠲᠠᠨ ᠳᠤ ᠲᠠᠯᠠᠷᠬᠠᠵᠤ ᠪᠠᠶᠢᠨ᠎ᠠ᠂

2023 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂

ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠠᠩᠬᠠᠷᠤᠯ  ᠢᠶᠠᠨ

ᠬᠠᠨᠳᠤᠭᠤᠯᠤᠨ᠂ ᠣᠯᠠᠨ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠯᠭᠠᠮ᠎ᠠ

ᠬᠡᠷᠡᠭᠴᠡᠭᠡ ᠶᠢ ᠢᠳᠡᠪᠬᠢᠲᠡᠢ ᠬᠠᠩᠭᠠᠪᠠ᠃

      ᠨᠢᠭᠡ ᠳᠤ᠂ ᠡᠷᠳᠡᠮ ᠤᠨ ᠴᠣᠯᠠ ᠣᠯᠭᠤᠬᠤ ᠶᠢ ᠦᠷᠭᠦᠯᠵᠢᠯᠡᠨ ᠥᠷᠭᠡᠳᠭᠡᠪᠡ᠃ 2023 ᠣᠨ ᠳᠤ ᠪᠦᠬᠦ

ᠣᠷᠣᠨ ᠳᠤ ᠬᠡᠦᠬᠡᠳ ᠤᠨ ᠴᠡᠴᠡᠷᠯᠢᠭ 204᠂ ᠳᠤᠮᠳᠠᠳᠤ ᠪᠠᠭ᠎ᠠ ᠰᠤᠷᠭᠠᠭᠤᠯᠢ 676᠂ ᠣᠨᠴᠠᠭᠠᠢ ᠰᠤᠷᠭᠠᠨ

ᠬᠥᠮᠦᠵᠢᠯ ᠤᠨ ᠰᠤᠷᠭᠠᠭᠤᠯᠢ 13 ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠵᠢᠯ ᠤᠨ ᠳᠣᠲᠣᠷ᠎ᠠ

649 ᠰᠠᠭᠤᠷᠢ ᠪᠠᠷᠢᠯᠭ᠎ᠠ ᠶᠢ ᠳᠠᠭᠤᠰᠬᠠᠬᠤ ᠪᠠᠷ ᠲᠥᠯᠦᠪᠯᠡᠨ᠂ ᠣᠳᠣ ᠨᠢᠭᠡᠨᠲᠡ 665 ᠰᠠᠭᠤᠷᠢ ᠪᠠᠷᠢᠯᠭ᠎ᠠ ᠶᠢ

ᠳᠠᠭᠤᠰᠬᠠᠵᠤ᠂ 7.06 ᠲᠦᠮᠡᠨ ᠡᠷᠳᠡᠮ ᠤᠨ ᠴᠣᠯᠠ ᠢ ᠰᠢᠨ᠎ᠡ ᠪᠠᠷ ᠨᠡᠮᠡᠪᠡ᠃ 2023 ᠣᠨ ᠳᠤ ᠲᠥᠪ ᠤᠨ ᠪᠠ

ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠢ

ᠪᠡᠯᠡ ᠮᠥᠩᠭᠦ ᠶᠢ 12.81 ᠳ᠋ᠦᠩᠰᠢᠭᠤᠷ ᠲᠥᠭᠦᠷᠢᠭ ᠪᠠᠭᠤᠯᠭᠠᠵᠤ᠂ ᠲᠦᠭᠡᠮᠡᠯ ᠬᠠᠷᠠᠭᠠᠯᠵᠠᠯᠲᠤ ᠡᠬᠢ ᠪᠠᠶᠠᠯᠢᠭ ᠤᠨ

ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠰᠢᠯᠢᠳᠡᠭᠵᠢᠭᠦᠯᠪᠡ︔ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠪᠡᠯᠡ

ᠮᠥᠩᠭᠦ ᠶᠢ 10.55 ᠳ᠋ᠦᠩᠰᠢᠭᠤᠷ ᠲᠥᠭᠦᠷᠢᠭ ᠪᠠᠭᠤᠯᠭᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠰᠤᠷᠭᠠᠭᠤᠯᠢ  ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ︔ ᠡᠩ ᠤᠨ ᠳᠡᠭᠡᠳᠦ

ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ

ᠥᠭᠡᠷᠡᠴᠢᠯᠡᠯᠲᠡ ᠶᠢ ᠲᠤᠰᠬᠠᠢ ᠬᠥᠭᠵᠢᠭᠦᠯᠬᠦ ᠪᠡᠯᠡ ᠮᠥᠩᠭᠦ ᠶᠢ 6.95 ᠳ᠋ᠦᠩᠰᠢᠭᠤᠷ ᠲᠥᠭᠦᠷᠢᠭ ᠪᠠᠭᠤᠯᠭᠠᠨ᠂

ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ

ᠰᠠᠶᠢᠵᠢᠷᠠᠭᠤᠯᠬᠤ ᠶᠢ ᠳᠡᠮᠵᠢᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ

ᠲᠦᠪᠰᠢᠨ ᠤ ᠰᠢᠯᠭᠠᠯᠲᠠ ᠪᠠ ᠡᠩ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ          

ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ

ᠠᠬᠢᠭᠤᠯᠪᠠ᠃ ︽ᠴᠡᠴᠡᠷᠯᠢᠭ ᠲᠤ ᠣᠷᠣᠬᠤ ᠳᠤ ᠦᠨᠡᠲᠡᠢ︾᠂ ︽ᠴᠡᠴᠡᠷᠯᠢᠭ ᠲᠤ ᠣᠷᠣᠬᠤ ᠳᠤ          

ᠬᠦᠴᠢᠷᠲᠡᠢ︾᠂ ︽ᠰᠤᠷᠭᠠᠭᠤᠯᠢ ᠳᠤ ᠣᠷᠣᠬᠤ ᠳᠤ ᠬᠦᠴᠢᠷᠲᠡᠢ︾ ᠪᠠᠶᠢᠬᠤ ᠵᠥᠷᠢᠴᠡᠯ ᠢ ᠪᠦᠲᠦᠮᠵᠢᠲᠡᠢ          

ᠨᠠᠮᠳᠠᠭᠤᠯᠪᠠ᠃

      ᠬᠤᠶᠠᠷ ᠲᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ

ᠠᠬᠢᠭᠤᠯᠪᠠ᠃ ︽ᠴᠢᠨᠠᠷᠯᠢᠭ ᠲᠡᠩᠴᠡᠭᠦᠷᠢᠲᠡᠢ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ

ᠦᠢᠯᠡᠴᠢᠯᠡᠭᠡᠨ ᠤ ᠳᠣᠭᠲᠠᠯᠴᠠᠭ᠎ᠠ ᠶᠢ ᠪᠠᠶᠢᠭᠤᠯᠬᠤ ᠲᠤᠬᠠᠢ ᠵᠢᠯᠣᠭᠤᠳᠬᠤ ᠰᠠᠨᠠᠯ︾᠂ ︽ᠰᠠᠭᠤᠷᠢ ᠰᠤᠷᠭᠠᠨ

ᠬᠥᠮᠦᠵᠢᠯ ᠤᠨ ᠰᠢᠯᠢᠳᠡᠭ ᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢᠨ

ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠬᠦ᠂

ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠪᠠᠭᠰᠢ ᠶᠢᠨ ᠬᠢᠷᠢ ᠲᠦᠪᠰᠢᠨ ᠶᠢ ᠳᠡᠭᠡᠭᠰᠢᠯᠡᠭᠦᠯᠬᠦ᠂

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠪᠣᠳᠠᠲᠠᠢ

ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠴᠢᠨᠠᠷᠯᠢᠭ ᠲᠡᠩᠴᠡᠭᠦᠷᠢᠲᠡᠢ ᠬᠤᠰᠢᠭᠤ ᠰᠢᠶᠠᠨ ᠢ

ᠡᠭᠦᠳᠦᠨ ᠪᠠᠶᠢᠭᠤᠯᠵᠤ ᠰᠢᠯᠭᠠᠨ ᠠᠪᠬᠤ ᠠᠵᠢᠯ ᠢ ᠥᠷᠨᠢᠭᠦᠯᠵᠦ᠂ ᠣᠳᠣᠬᠠᠨ ᠳᠤ 10 ᠬᠤᠰᠢᠭᠤ ᠰᠢᠶᠠᠨ ︵ᠬᠤᠲᠠ᠂

ᠲᠣᠭᠤᠷᠢᠭ︶ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ

ᠬᠥᠭᠵᠢᠭᠦᠯᠦᠭᠰᠡᠨ ᠮᠤᠵᠢ ᠶᠢᠨ ᠱᠠᠲᠤᠨ ᠤ ᠬᠢᠨᠠᠨ ᠵᠢᠯᠣᠭᠤᠳᠴᠤ ᠦᠨᠡᠯᠡᠨ ᠵᠢᠱᠢᠬᠦ ᠳᠤ ᠬᠢᠷᠢ ᠲᠡᠩᠴᠡᠵᠦ᠂ ᠴᠢᠨᠠᠷᠯᠢᠭ

ᠲᠡᠩᠴᠡᠭᠦᠷᠢᠲᠡᠢ ᠬᠥᠭᠵᠢᠯᠲᠡ ᠰᠢᠨ᠎ᠡ ᠭᠠᠷᠤᠭ᠎ᠠ ᠳᠤ ᠭᠠᠷᠪᠠ᠃

      ᠭᠤᠷᠪᠠ ᠳᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ

ᠬᠥᠭᠵᠢᠭᠦᠯᠬᠦ ᠶᠢ ᠠᠬᠢᠭᠤᠯᠪᠠ᠃ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠦᠯᠦᠭᠵᠢᠭᠦᠯᠦᠨ ᠰᠤᠷᠭᠠᠭᠤᠯᠢ

ᠡᠷᠬᠢᠯᠡᠬᠦ ᠵᠢᠯᠣᠭᠤᠳᠬᠤ ᠰᠠᠨᠠᠯ︾ ᠢ ᠨᠡᠶᠢᠲᠡᠯᠡᠵᠦ᠂ ᠡᠯ᠎ᠡ ᠭᠠᠵᠠᠷ ᠤᠨ ᠬᠢᠨ ᠢ ᠵᠢᠯᠣᠭᠤᠳᠤᠨ ᠨᠡᠷᠡᠲᠦ

ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠡᠷᠬᠢᠯᠡᠬᠦ᠂ ᠬᠦᠴᠦᠷᠬᠡᠭ ᠰᠤᠷᠭᠠᠭᠤᠯᠢ ᠨᠢ ᠪᠠᠭᠤᠷᠠᠢ ᠰᠤᠷᠭᠠᠭᠤᠯᠢ ᠪᠠᠨ

ᠳᠠᠭᠠᠭᠤᠯᠬᠤ᠂ ᠰᠢᠶᠠᠨ ᠤ ᠬᠡᠪᠴᠢᠶᠡᠨ ᠤ ᠬᠤᠯᠪᠣᠭ᠎ᠠ ᠵᠡᠷᠭᠡ ᠵᠠᠭᠪᠤᠷ ᠢᠶᠠᠷ ᠳᠠᠮᠵᠢᠭᠤᠯᠤᠨ ᠰᠢᠯᠢᠳᠡᠭ ᠰᠤᠷᠭᠠᠨ

ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠶᠢ ᠠᠬᠢᠭᠤᠯᠪᠠ᠃ 2026 ᠣᠨ

ᠪᠣᠯᠬᠤ ᠳᠤ᠂ ᠪᠦᠬᠦ ᠣᠷᠣᠨ ᠤ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠰᠤᠷᠭᠠᠭᠤᠯᠢ ᠶᠢᠨ ᠪᠦᠷᠬᠦᠴᠡ ᠶᠢᠨ

ᠨᠣᠷᠮ᠎ᠠ ᠶᠢ 50% ᠬᠦᠷᠭᠡᠵᠦ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ ᠪᠦᠷᠬᠦᠴᠡ ᠶᠢᠨ

ᠨᠣᠷᠮ᠎ᠠ ᠶᠢ 100% ᠬᠦᠷᠭᠡᠨ᠎ᠡ᠃ ᠬᠤᠲᠠ ᠶᠢᠨ ᠲᠣᠭᠤᠷᠢᠭ ᠤᠨ ᠰᠢᠯᠢᠳᠡᠭ ᠪᠠᠭᠰᠢ 1122 ᠢ ᠰᠣᠩᠭᠤᠨ

ᠲᠣᠮᠢᠯᠠᠵᠤ ᠬᠥᠳᠡᠭᠡ ᠲᠣᠰᠬᠤᠨ ᠤ ᠪᠠᠭᠤᠷᠠᠢ ᠰᠤᠷᠭᠠᠭᠤᠯᠢ ᠳᠤ ᠣᠴᠢᠭᠤᠯᠤᠨ ︽ᠪᠦᠯᠬᠦᠮ ᠪᠠᠶᠢᠭᠤᠯᠬᠤ ᠮᠠᠶ᠋ᠢᠭ︾ ᠢᠶᠠᠷ

ᠬᠤᠷᠰᠢᠶᠠᠯᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠬᠠᠮᠲᠤ ᠳᠤ ᠪᠠᠨ ᠵᠢᠭᠠᠬᠤ ᠶᠢ ᠰᠤᠳᠤᠯᠬᠤ᠂

ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ᠂ ᠬᠢᠴᠢᠶᠡᠯ ᠰᠣᠨᠣᠰᠴᠤ ᠣᠨᠣᠰᠢᠯᠠᠬᠤ ᠵᠡᠷᠭᠡ ᠣᠯᠠᠨ ᠵᠦᠢᠯ ᠤᠨ ᠠᠷᠭ᠎ᠠ

ᠮᠠᠶ᠋ᠢᠭ ᠢᠶᠠᠷ ᠳᠠᠮᠵᠢᠭᠤᠯᠤᠨ ᠲᠤᠰᠠᠯᠠᠮᠵᠢ ᠬᠦᠷᠲᠡᠬᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠠ

ᠪᠠᠭᠰᠢ ᠶᠢᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃

      ᠳᠥᠷᠪᠡ ᠳᠤ᠂ ︽ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ︾ ᠪᠠ ︽ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ︾ ᠶᠢ ᠨᠢᠭᠡ ᠯᠡ ᠰᠦᠯᠵᠢᠶ᠎ᠡ ᠪᠠᠷ ᠨᠡᠶᠢᠲᠡᠮ

ᠭᠦᠢᠴᠡᠳᠭᠡᠬᠦ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠦᠨ ᠤ

ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ

ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ

ᠵᠡᠷᠭᠡ 7 ᠲᠢᠩᠬᠢᠮ ᠲᠣᠪᠴᠢᠶ᠎ᠠ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠴᠡᠴᠡᠷᠯᠢᠭ ᠲᠤ ᠣᠷᠣᠬᠤ ᠰᠤᠷᠭᠠᠭᠤᠯᠢ ᠳᠤ ᠣᠷᠣᠬᠤ ᠨᠢᠭᠡ ᠶᠠᠪᠤᠳᠠᠯ ᠢ ᠭᠦᠢᠴᠡᠳᠭᠡᠬᠦ ᠲᠤᠬᠠᠢ ᠵᠢᠯᠣᠭᠤᠳᠬᠤ          

ᠰᠠᠨᠠᠯ︾ ᠢ ᠳᠠᠷᠤᠮᠠᠯᠯᠠᠨ ᠲᠠᠷᠬᠠᠭᠠᠵᠤ᠂ ᠴᠡᠴᠡᠷᠯᠢᠭ ᠲᠤ ᠣᠷᠣᠬᠤ ᠰᠤᠷᠭᠠᠭᠤᠯᠢ ᠳᠤ ᠣᠷᠣᠬᠤ ᠶᠢ ᠨᠢᠭᠡ ᠯᠡ

ᠰᠦᠯᠵᠢᠶ᠎ᠡ ᠪᠠᠷ ᠨᠡᠶᠢᠲᠡᠮ ᠭᠦᠢᠴᠡᠳᠭᠡᠬᠦ ᠶᠢ ᠪᠦᠬᠦ ᠲᠠᠯ᠎ᠠ ᠪᠠᠷ ᠬᠡᠷᠡᠭᠵᠢᠭᠦᠯᠪᠡ᠃ 2023 ᠣᠨ ᠤ ᠨᠠᠮᠤᠷ ᠤᠨ

ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠠᠶᠢᠮᠠᠭ ᠬᠤᠲᠠ ᠴᠥᠮ ︽ᠨᠢᠭᠡ ᠯᠡ

ᠳᠠᠷᠤᠪᠴᠢ ᠪᠠᠷ ᠴᠡᠴᠡᠷᠯᠢᠭ ᠲᠤ ᠣᠷᠣᠬᠤ︾ ᠪᠠ ︽ᠨᠢᠭᠡ ᠯᠡ ᠳᠠᠷᠤᠪᠴᠢ ᠪᠠᠷ ᠰᠤᠷᠭᠠᠭᠤᠯᠢ ᠳᠤ ᠣᠷᠣᠬᠤ︾ ᠮᠡᠳᠡᠭᠡ

ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠭᠰᠠᠨ ᠤ ᠬᠠᠮᠲᠤ ᠠᠰᠢᠭᠯᠠᠯᠲᠠ ᠳᠤ ᠣᠷᠣᠭᠤᠯᠵᠤ᠂

ᠪᠦᠷᠢᠳᠬᠡᠯ ᠢ ᠦᠨᠳᠦᠰᠦᠯᠡᠪᠡᠯ᠂ ᠪᠠᠷᠤᠭ 36.4 ᠲᠦᠮᠡᠨ ᠰᠢᠨ᠎ᠡ ᠰᠤᠷᠤᠭᠴᠢ ᠲᠤᠰ ᠰᠢᠰᠲ᠋ᠧᠮ ᠳᠤ ᠨᠡᠷ᠎ᠡ

ᠮᠡᠳᠡᠭᠦᠯᠵᠦ᠂ ᠭᠡᠷ ᠤᠨ ᠠᠬᠠᠮᠠᠳ ᠰᠤᠷᠭᠠᠭᠤᠯᠢ ᠳᠤ ᠨᠡᠷ᠎ᠡ ᠮᠡᠳᠡᠭᠦᠯᠬᠦ ᠭᠠᠷ ᠭᠦᠢᠴᠡᠳᠭᠡᠯ ᠬᠢᠬᠦ ᠦᠶ᠎ᠡ ᠳᠤ

ᠰᠦᠯᠵᠢᠶᠡᠨ ᠭᠠᠳᠠᠨ᠎ᠠ ᠣᠯᠠᠨ ᠰᠠᠯᠠᠭ᠎ᠠ ᠮᠥᠴᠢᠷ ᠠᠴᠠ ᠨᠣᠮᠧᠷ ᠠᠪᠴᠤ ᠮᠥᠷᠯᠡᠨ᠂ ᠠᠬᠤᠢ ᠲᠠᠯᠠᠪᠠᠢ ᠳᠤ ᠮᠠᠲ᠋ᠧᠷᠢᠶᠠᠯ

 ᠢᠶᠠᠨ ᠬᠢᠨᠠᠨ ᠪᠠᠶᠢᠴᠠᠭᠠᠯᠭᠠᠵᠤ ᠪᠠᠶᠢᠭᠰᠠᠨ ᠢ ᠰᠦᠯᠵᠢᠶᠡᠨ ᠳᠤ ᠨᠢᠭᠡ ᠯᠡ ᠳᠠᠷᠤᠪᠴᠢ ᠪᠠᠷ ᠨᠡᠷ᠎ᠡ ᠮᠡᠳᠡᠭᠦᠯᠵᠦ ᠦᠷ᠎ᠡ

ᠳ᠋ᠦᠩ ᠢ ᠬᠦᠯᠢᠶᠡᠬᠦ ᠪᠣᠯᠭᠠᠵᠤ᠂ ᠰᠤᠷᠭᠠᠭᠤᠯᠢ ᠳᠤ ᠣᠷᠣᠬᠤ ᠭᠠᠷ ᠭᠦᠢᠴᠡᠳᠭᠡᠯ ᠢ ᠬᠢᠬᠦ ᠶᠠᠪᠤᠴᠠ ᠳᠤ ᠣᠯᠠᠨ

ᠭᠠᠵᠠᠷ ᠲᠤ ᠭᠦᠶᠦᠬᠦ᠂ ᠣᠯᠠᠨ ᠤᠳᠠᠭ᠎ᠠ ᠭᠦᠶᠦᠬᠦ᠂ ᠮᠠᠲ᠋ᠧᠷᠢᠶᠠᠯ ᠣᠯᠠᠨ᠂ ᠳᠡᠰ ᠳᠠᠷᠠᠭᠠᠯᠠᠯ ᠪᠤᠳᠤᠯᠢᠶᠠᠨᠲᠠᠢ ᠵᠡᠷᠭᠡ

ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠭᠡᠷ ᠤᠨ ᠠᠬᠠᠮᠠᠳ ᠤᠨ ︽ᠠᠯᠠᠭᠠᠨ ᠳᠡᠭᠡᠷ᠎ᠡ ᠨᠡᠷ᠎ᠡ ᠮᠡᠳᠡᠭᠦᠯᠬᠦ︾ ᠶᠢ

ᠪᠡᠶᠡᠯᠡᠭᠦᠯᠪᠡ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠥᠪ ᠪᠠ

ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ ᠳᠡᠭᠡᠳᠦ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ

ᠭᠤᠭᠴᠤᠭ᠎ᠠ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠳᠡᠮᠵᠢᠬᠦ ᠲᠤᠰᠬᠠᠢ ᠪᠡᠯᠡ ᠮᠥᠩᠭᠦ ᠶᠢ ᠦᠷᠭᠦᠯᠵᠢᠯᠡᠨ ᠰᠠᠶᠢᠲᠤᠷ

ᠬᠡᠷᠡᠭᠯᠡᠵᠦ᠂ ᠲᠦᠭᠡᠮᠡᠯ  ᠬᠠᠷᠠᠭᠠᠯᠵᠠᠯᠲᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ

ᠪᠠᠶᠠᠯᠢᠭ ᠢ ᠦᠷᠭᠦᠯᠵᠢᠯᠡᠨ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ

ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠂ ᠰᠢᠶᠠᠨ ᠤ ᠬᠡᠪᠴᠢᠶᠡᠨ ᠤ ᠡᠩ ᠤᠨ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢ ᠰᠠᠶᠢᠲᠤᠷ ᠡᠷᠬᠢᠯᠡᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ

ᠰᠤᠷᠭᠠᠭᠤᠯᠢ ᠶᠢᠨ ᠣᠯᠠᠨ ᠶᠠᠩᠵᠤᠴᠢᠯᠠᠭᠰᠠᠨ ᠥᠪᠡᠷᠮᠢᠴᠡ ᠣᠨᠴᠠᠯᠢᠭᠲᠤ ᠬᠥᠭᠵᠢᠯᠲᠡ ᠶᠢ ᠠᠬᠢᠭᠤᠯᠤᠨ᠂ ᠮᠠᠨ ᠤ

ᠣᠷᠣᠨ ᠤ ᠨᠠᠩ ᠡᠷᠬᠡ ᠲᠡᠭᠰᠢ᠂ ᠨᠠᠩ ᠴᠢᠨᠠᠷᠯᠢᠭ ᠰᠠᠭᠤᠷᠢ ᠰᠤᠷᠭᠠᠨ ᠬᠥᠮᠦᠵᠢᠯ ᠢ ᠦᠨᠡᠨ ᠬᠦ ᠰᠠᠶᠢᠲᠤᠷ ᠡᠷᠬᠢᠯᠡᠨ᠎ᠡ᠃

      ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠲᠠ ᠰᠠᠶᠢᠨ ᠤᠤ︖ ᠰᠠᠶ᠋ᠢᠬᠠᠨ

ᠲᠠᠨᠢᠯᠴᠠᠭᠤᠯᠤᠭᠰᠠᠨ ᠢ ᠦᠨᠳᠦᠰᠦᠯᠡᠪᠡᠯ᠂ ᠣᠶᠢᠷ᠎ᠠ ᠶᠢᠨ ᠵᠢᠯ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠬᠤ

ᠴᠢᠳᠠᠪᠤᠷᠢ ᠢᠯᠡᠳᠲᠡ ᠳᠡᠭᠡᠭᠰᠢᠯᠡᠪᠡ᠂ ᠪᠢᠳᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ

ᠮᠡᠷᠭᠡᠵᠢᠯ ᠤᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ ᠲᠠᠯ᠎ᠠ ᠪᠠᠷ ᠶᠠᠮᠠᠷ ᠦᠷ᠎ᠡ ᠪᠦᠲᠦᠮᠵᠢ

ᠣᠯᠤᠭᠰᠠᠨ  ᠢ ᠨᠠᠷᠢᠨ ᠣᠶᠢᠯᠠᠭᠠᠶ᠎ᠠ ᠭᠡᠵᠦ ᠪᠣᠳᠣᠵᠤ ᠪᠠᠶᠢᠨ᠎ᠠ᠂ ᠳᠠᠷᠠᠭ᠎ᠠ ᠠᠯᠬᠤᠮ ᠳᠤ ᠥᠪᠡᠷᠲᠡᠭᠡᠨ ᠵᠠᠰᠠᠬᠤ

ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠠᠪᠬᠤ ᠪᠣᠢ︖

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠭᠡᠳᠦ

ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠢᠳᠡᠷ᠄ ᠮᠠᠨ ᠤ ᠣᠷᠣᠨ ᠰᠤᠷᠭᠠᠨ ᠬᠥᠮᠦᠵᠢᠯ ᠤᠨ

ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ︽ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ

ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ

ᠥᠭᠡᠷᠡᠴᠢᠯᠡᠯᠲᠡ ᠶᠢᠨ ᠲᠥᠰᠦᠯ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ

ᠵᠠᠰᠠᠬᠤ ᠣᠷᠣᠨ ᠤ ᠳᠡᠰ ᠤᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠨᠢᠭᠡᠳᠦᠯᠲᠡᠢ

ᠲᠥᠯᠥᠪᠵᠢᠭᠦᠯᠬᠦ ᠪᠠ ᠬᠠᠮᠢᠶᠠᠷᠬᠤ ᠶᠢ ᠴᠢᠩᠭᠠᠳᠬᠠᠨ᠂ ᠳᠡᠭᠡᠳᠦ ᠰᠤᠷᠭᠠᠭᠤᠯᠢ ᠶᠢ ᠵᠢᠯᠣᠭᠤᠳᠴᠤ ᠰᠢᠨᠵᠢᠯᠡᠭᠡᠨ ᠤ

ᠰᠠᠯᠠᠭᠠᠨ ᠤ ᠲᠤᠰᠬᠠᠢ ᠮᠡᠷᠭᠡᠵᠢᠯ ᠢ ᠲᠣᠬᠢᠷᠠᠭᠤᠯᠬᠤ ᠠᠵᠢᠯ ᠢ ᠰᠠᠶᠢᠲᠤᠷ  ᠬᠢᠵᠦ ᠢᠳᠡᠪᠬᠢᠲᠡᠢ ᠦᠷ᠎ᠡ ᠪᠦᠲᠦᠮᠵᠢ

ᠣᠯᠪᠠ᠃

      ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠡᠨᠡ ᠵᠢᠯ᠂ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ

︽ᠲᠡᠷᠢᠭᠦᠨ ᠤ ᠰᠢᠨᠵᠢᠯᠡᠭᠡᠨ ᠤ ᠰᠠᠯᠠᠭ᠎ᠠ︾ ᠶᠢ ᠪᠦᠲᠦᠭᠡᠨ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠵᠢᠴᠢ

ᠪᠦᠲᠦᠭᠡᠨ ᠪᠠᠶᠢᠭᠤᠯᠤᠭᠰᠠᠨ ᠰᠢᠨᠵᠢᠯᠡᠭᠡᠨ ᠤ ᠰᠠᠯᠠᠭᠠᠨ ᠤ ᠨᠡᠷᠡᠰ ᠢ ᠨᠡᠶᠢᠲᠡᠯᠡᠵᠦ᠂ ᠲᠡᠷᠢᠭᠦᠨ ᠤ ᠣᠷᠦ᠋ᠢᠯᠠᠭᠰᠠᠨ

ᠰᠢᠨᠵᠢᠯᠡᠭᠡᠨ ᠤ ᠰᠠᠯᠠᠭ᠎ᠠ 2᠂ ᠲᠡᠷᠢᠭᠦᠨ ᠤ ᠣᠷᠦ᠋ᠢᠯᠠᠭᠰᠠᠨ ᠬᠥᠮᠥᠵᠢᠭᠦᠯᠬᠦ ᠰᠢᠨᠵᠢᠯᠡᠭᠡᠨ ᠤ ᠰᠠᠯᠠᠭ᠎ᠠ 19᠂

ᠲᠡᠷᠢᠭᠦᠨ ᠤ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ 14 ᠳᠤ ᠲᠥᠷᠦᠯ ᠵᠦᠢᠯ ᠲᠣᠭᠲᠠᠭᠠᠵᠤ᠂ ᠳᠡᠰ

ᠳᠠᠪᠬᠤᠷᠭ᠎ᠠ ᠬᠤᠪᠢᠶᠠᠨ ᠪᠦᠲᠦᠭᠡᠨ  ᠪᠠᠶᠢᠭᠤᠯᠬᠤ ᠶᠢ ᠳᠡᠮᠵᠢᠪᠡ᠃ ᠲᠠᠪᠤᠳᠤᠭᠠᠷ ᠡᠭᠡᠯᠵᠢ ᠶᠢᠨ ᠰᠢᠨᠵᠢᠯᠡᠭᠡᠨ ᠤ

ᠰᠠᠯᠠᠭᠠᠨ ᠤ ᠦᠨᠡᠯᠡᠨ ᠵᠢᠱᠢᠯᠲᠡ ᠳᠤ᠂ ᠥᠪᠥᠷ ᠮᠣᠩᠭᠤᠯ ᠤᠨ ᠲᠠᠷᠢᠶᠠᠯᠠᠩ  ᠤᠨ ᠶᠡᠭᠡ ᠰᠤᠷᠭᠠᠭᠤᠯᠢ ᠶᠢᠨ ᠡᠪᠡᠰᠦᠨ ᠤ

ᠤᠬᠠᠭᠠᠨ ᠪᠦᠬᠦ ᠤᠯᠤᠰ ᠤᠨ ᠳᠡᠰ ᠤᠨ ᠵᠢᠭᠰᠠᠭᠠᠯᠲᠠ ᠶᠢᠨ ᠡᠮᠦᠨ᠎ᠡ 10% ᠳᠤ ᠣᠷᠣᠵᠤ᠂ ᠲᠡᠦᠬᠡᠲᠦ ᠴᠢᠨᠠᠷᠲᠠᠢ

ᠰᠢᠪᠲᠤᠯᠤᠯᠲᠠ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ C ᠳᠡᠰ ᠠᠴᠠ ᠳᠡᠭᠡᠭᠰᠢᠬᠢ ᠰᠢᠨᠵᠢᠯᠡᠭᠡᠨ ᠤ

ᠰᠠᠯᠠᠭ᠎ᠠ 59 ᠪᠠᠶᠢᠵᠤ᠂ ᠳᠥᠷᠪᠡᠳᠦᠭᠡᠷ ᠡᠭᠡᠯᠵᠢ ᠶᠢᠨ ᠬᠢ ᠠᠴᠠ 31% ᠨᠡᠮᠡᠭᠳᠡᠪᠡ᠃ ᠥᠪᠥᠷ ᠮᠣᠩᠭᠤᠯ ᠤᠨ

ᠦᠨᠳᠦᠰᠦᠲᠡᠨ ᠤ ᠶᠡᠭᠡ ᠰᠤᠷᠭᠠᠭᠤᠯᠢ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠤᠨ

︽ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ︾ ᠶᠢᠨ ᠳᠥᠷᠪᠡᠨ ᠠᠷᠭ᠎ᠠ ᠬᠡᠮᠵᠢᠶ᠎ᠡ ᠶᠢ ᠵᠡᠷᠭᠡ ᠪᠠᠷ ᠠᠳᠬᠤᠪᠠ᠄ ᠣᠷᠣᠨ

ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠮᠠᠰᠲ᠋ᠧᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠲᠠᠢ

ᠰᠣᠳᠤᠯᠬᠤ ᠰᠤᠷᠤᠭᠴᠢ ᠶᠢᠨ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠠᠷᠭ᠎ᠠ ᠵᠠᠮ ᠤᠨ ᠰᠦᠪᠡᠭᠴᠢᠯᠡᠯᠲᠡ

ᠪᠠ ᠦᠢᠯᠡᠳᠦᠯᠭᠡ︾ ᠨᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ︵ᠰᠣᠳᠤᠯᠬᠤ ᠰᠤᠷᠤᠭᠴᠢ︶ ᠤᠨ ᠤᠯᠤᠰ ᠤᠨ

ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ ᠬᠦᠷᠲᠡᠪᠡ᠃

      ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ︽2023 - 2025 ᠣᠨ ᠳᠤ ᠪᠠᠴᠢᠮ ᠬᠡᠷᠡᠭᠴᠡᠭᠡ ᠲᠠᠢ ᠪᠠᠴᠢᠮ ᠳᠤᠲᠠᠭᠳᠠᠵᠤ ᠪᠠᠶᠢᠭ᠎ᠠ

ᠠᠰᠠᠭᠤᠳᠠᠯ / ᠮᠡᠳᠡᠭᠦᠯᠬᠦ ᠶᠢ ᠬᠢᠵᠠᠭᠠᠷᠯᠠᠬᠤ ᠲᠤᠰᠬᠠᠢ ᠮᠡᠷᠭᠡᠵᠢᠯ ᠤᠨ ᠰᠠᠨᠠᠭᠤᠯᠭ᠎ᠠ ᠶᠢᠨ ᠭᠠᠷᠴᠠᠭ︾ ᠢ ᠨᠠᠶᠢᠷᠠᠭᠤᠯᠤᠨ

ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠶᠢᠨ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ

ᠰᠠᠨᠠᠭᠠᠴᠢᠯᠠᠭ᠎ᠠ ᠠᠴᠠ ᠪᠠᠨ  ᠦᠢᠯᠡᠴᠢᠯᠡᠬᠦ ᠶᠢ ᠬᠥᠲᠦᠯᠦᠨ ᠵᠢᠯᠣᠭᠤᠳᠴᠤ᠂ ᠲᠤᠰᠬᠠᠢ ᠮᠡᠷᠭᠡᠵᠢᠯ ᠤᠨ

ᠪᠠᠶᠢᠷᠢᠯᠠᠭᠤᠯᠤᠯᠲᠠ ᠶᠢᠨ ᠵᠣᠯᠭᠠᠭᠤᠯᠬᠤ ᠬᠡᠮᠵᠢᠶ᠎ᠡ᠂ ᠵᠣᠬᠢᠴᠠᠭᠤᠯᠬᠤ ᠬᠡᠮᠵᠢᠶ᠎ᠡ ᠶᠢ ᠳᠡᠭᠡᠭᠰᠢᠯᠡᠭᠦᠯᠪᠡ᠃ ᠡᠨᠡ ᠵᠢᠯ᠂

ᠮᠠᠨ ᠤ ᠣᠷᠣᠨ 12 ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ 38 ᠶᠢ

ᠰᠢᠨ᠎ᠡ ᠪᠠᠷ ᠨᠡᠮᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠣᠭᠠᠵᠢᠭᠰᠠᠨ ᠬᠥᠮᠦᠨ

ᠨᠡᠶᠢᠭᠡᠮ ᠤᠨ ᠲᠤᠰᠬᠠᠢ ᠮᠡᠷᠭᠡᠵᠢᠯ ᠢ ᠭᠠᠷᠴᠠᠭ ᠠᠴᠠ ᠭᠠᠳᠠᠨᠠᠬᠢ ᠲᠤᠰᠬᠠᠢ ᠮᠡᠷᠭᠡᠵᠢᠯ ᠢᠶᠠᠷ ᠰᠢᠨ᠎ᠡ ᠪᠠᠷ ᠨᠡᠮᠡᠬᠦ ᠪᠠᠷ

ᠵᠦᠪᠰᠢᠶᠡᠷᠡᠭᠦᠯᠵᠦ᠂ ᠪᠦᠬᠦ ᠤᠯᠤᠰ ᠤᠨ ᠠᠩᠬᠠᠳᠠᠭᠴᠢ ᠲᠤᠰ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ

ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠪᠣᠯᠪᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠶᠡᠭᠡ ᠰᠤᠷᠭᠠᠭᠤᠯᠢ ᠶᠢᠨ ᠰᠢᠨ᠎ᠡ ᠡᠨᠧᠷᠭᠢ ᠶᠢᠨ ᠮᠠᠲ᠋ᠧᠷᠢᠶᠠᠯ ᠪᠣᠯᠤᠨ ᠲᠣᠨᠣᠭᠯᠠᠭᠠᠰᠤ᠂ ᠥᠪᠥᠷ

ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠢᠳᠠᠮᠵᠢᠲᠤ ᠮᠠᠲ᠋ᠧᠷᠢᠶᠠᠯ᠂ ᠥᠪᠥᠷ ᠮᠣᠩᠭᠤᠯ ᠤᠨ

ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠣᠶᠤᠨᠴᠢ ᠲᠣᠨᠣᠭᠯᠠᠯ ᠤᠨ ᠢᠨᠵᠧᠨᠧᠷᠢᠩ ᠵᠡᠷᠭᠡ 20

ᠲᠤᠰᠬᠠᠢ ᠮᠡᠷᠭᠡᠵᠢᠯ ᠮᠠᠨ ᠤ ᠣᠷᠣᠨ ᠳᠤ ᠠᠩᠬ᠎ᠠ ᠤᠳᠠᠭ᠎ᠠ ᠴᠡᠭ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ

ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ

ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠬᠦᠷᠢᠶᠡᠨ ᠤ ᠲᠤᠰᠬᠠᠢ ᠮᠡᠷᠭᠡᠵᠢᠯ ᠤᠨ

ᠪᠠᠶᠢᠷᠢᠯᠠᠭᠤᠯᠤᠯᠲᠠ ᠶᠢᠨ ᠬᠤᠭᠤᠰᠣᠨ ᠢ ᠨᠥᠬᠦᠪᠥᠷᠢᠯᠡᠪᠡ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ

ᠠᠩᠬᠠᠷᠤᠯ ᠢᠶᠠᠨ ᠬᠠᠨᠳᠤᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠣᠷᠣᠨ ᠪᠠᠶᠢᠷᠢ ᠳᠡᠪᠰᠢᠭᠦᠯᠦᠨ ᠳᠡᠰ

ᠳᠡᠪᠰᠢᠭᠦᠯᠬᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ

ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠶᠡᠭᠡ ᠳᠡᠭᠡᠳᠦ

ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ

ᠰᠢᠯᠢᠳᠡᠭᠵᠢᠭᠦᠯᠬᠦ ᠠᠴᠠ ᠭᠠᠷᠳᠠᠨ᠂ ᠲᠡᠷᠢᠭᠦᠨ ᠤ ᠰᠢᠨᠵᠢᠯᠡᠭᠡᠨ ᠤ ᠰᠠᠯᠠᠭ᠎ᠠ᠂ ᠲᠡᠷᠢᠭᠦᠨ ᠤ ᠲᠤᠰᠬᠠᠢ ᠮᠡᠷᠭᠡᠵᠢᠯ ᠤᠨ

ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ  ᠤ

ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂

ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠲᠡᠢ

ᠴᠢᠳᠠᠪᠤᠷᠢᠲᠠᠨ ᠤ ᠪᠠᠲᠤᠯᠠᠭ᠎ᠠ ᠪᠠ ᠣᠶᠤᠨ ᠤ ᠲᠤᠯᠭᠠᠭᠤᠷᠢᠯᠠᠯ ᠬᠠᠩᠭᠠᠨ᠎ᠠ᠃

      ᠨᠢᠭᠡ ᠳᠤ᠂ ᠵᠠᠷᠤᠳᠠᠯ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠡᠪᠡᠰᠦᠨ ᠤ ᠤᠬᠠᠭᠠᠨ᠂

ᠠᠮᠢᠳᠤ ᠪᠣᠳᠠᠰ ᠤᠨ ᠤᠬᠠᠭᠠᠨ ᠵᠡᠷᠭᠡ ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭᠠᠨ ᠤ ᠪᠡᠯᠡ

ᠣᠷᠣᠭᠤᠯᠤᠯᠲᠠ ᠶᠢᠨ ᠣᠨ ᠤ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ 5000 ᠲᠦᠮᠡᠨ ᠲᠥᠭᠦᠷᠢᠭ ᠠᠴᠠ

ᠳᠣᠣᠷ᠎ᠠ ᠦᠭᠡᠢ ᠪᠠᠶᠢᠯᠭᠠᠵᠤ᠂ ᠢᠳᠡᠭᠡᠨ ᠤ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ ᠠᠮᠢ ᠠᠬᠤᠢ ᠶᠢᠨ

ᠤᠬᠠᠭᠠᠨ᠂ ᠬᠥᠳᠡᠯᠭᠡᠬᠦ ᠬᠦᠴᠦᠨ ᠤ ᠢᠨᠵᠧᠨᠧᠷᠢᠩ ᠵᠢᠴᠢ ᠢᠨᠵᠧᠨᠧᠷᠢᠩ ᠤᠨ ᠢᠯᠴᠢ ᠶᠢᠨ ᠹᠢᠽᠢᠺ᠂ ᠲᠡᠮᠦᠷᠯᠢᠭ

ᠪᠣᠯᠪᠠᠰᠤᠷᠠᠭᠤᠯᠬᠤ ᠢᠨᠵᠧᠨᠧᠷᠢᠩ ᠵᠡᠷᠭᠡ ᠳᠤ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠲᠤᠯᠭᠠᠭᠤᠷᠢ ᠠᠵᠤ

ᠦᠢᠯᠡᠰ ᠤᠨ ᠲᠡᠷᠢᠭᠦᠨ ᠤ ᠣᠷᠦ᠋ᠢᠯᠠᠭᠰᠠᠨ ᠬᠥᠮᠦᠵᠢᠭᠦᠯᠬᠦ ᠰᠢᠨᠵᠢᠯᠡᠭᠡᠨ ᠤ ᠰᠠᠯᠠᠭᠠᠨ ᠤ ᠪᠡᠯᠡ ᠣᠷᠣᠭᠤᠯᠤᠯᠲᠠ ᠶᠢᠨ

ᠣᠨ ᠤ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ 3000 ᠲᠦᠮᠡᠨ ᠲᠥᠭᠦᠷᠢᠭ ᠠᠴᠠ ᠳᠣᠣᠷ᠎ᠠ ᠦᠭᠡᠢ ᠪᠠᠶᠢᠯᠭᠠᠵᠤ᠂

ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠳᠤ ᠤᠯᠤᠰ ᠤᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠰᠢᠨ᠎ᠡ

ᠰᠢᠪᠲᠤᠯᠤᠯᠲᠠ ᠶᠢ ᠲᠦᠷᠭᠡᠬᠡᠨ ᠪᠡᠶᠡᠯᠡᠭᠦᠯᠬᠦ ᠶᠢ ᠠᠬᠢᠭᠤᠯᠤᠨ᠎ᠠ᠃

      ᠬᠤᠶᠠᠷ ᠲᠤ᠂ ᠳᠡᠭᠡᠳᠦ ᠳᠡᠰ ᠤᠨ ᠰᠢᠨᠵᠢᠯᠡᠭᠡᠨ ᠤ ᠰᠠᠯᠠᠭᠠᠨ ᠤ ᠲᠠᠪᠴᠠᠩ ᠤᠨ ᠪᠠᠶᠢᠭᠤᠯᠤᠯᠲᠠ ᠶᠢ

ᠴᠢᠩᠭᠠᠳᠬᠠᠨ᠎ᠠ᠃ ᠡᠬᠢ ᠪᠠᠶᠠᠯᠢᠭ ᠪᠣᠯᠤᠨ ᠣᠷᠴᠢᠨ ᠲᠣᠭᠤᠷᠢᠨ᠂ ᠮᠠᠲ᠋ᠧᠷᠢᠶᠠᠯ ᠪᠣᠯᠤᠨ ᠬᠢᠮᠢ ᠶᠢᠨ ᠠᠵᠤ

ᠦᠢᠯᠡᠳᠪᠦᠷᠢ᠂ ᠡᠨᠧᠷᠭᠢ ᠪᠠ ᠬᠥᠳᠡᠯᠭᠡᠬᠦ ᠬᠦᠴᠦᠨ᠂ ᠰᠢᠷᠣᠢ ᠮᠣᠳᠣᠨ ᠤ ᠤᠰᠤᠨ ᠠᠰᠢᠭᠯᠠᠯᠲᠠ᠂ ᠲᠠᠷᠢᠶᠠᠯᠠᠩ᠂

ᠮᠠᠯ ᠡᠮᠨᠡᠯᠭᠡ ᠵᠡᠷᠭᠡ ᠬᠦᠷᠢᠶ᠎ᠡ ᠴᠠᠷᠠᠭᠠᠨ ᠳᠤ ᠳ᠋ᠣᠺᠲ᠋ᠣᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ

ᠣᠯᠭᠤᠬᠤ ᠴᠡᠭ ᠢ 10 ᠣᠷᠴᠢᠮ ᠪᠠᠶᠢᠷᠢᠰᠢᠭᠤᠯᠤᠨ ᠪᠠᠶᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠪᠣᠯᠤᠨ

ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠰᠣᠳᠤᠯᠭᠠᠨ᠂ ᠡᠮᠴᠢᠯᠡᠭᠡᠨ ᠤ ᠠᠨᠠᠭᠠᠬᠤ ᠤᠬᠠᠭᠠᠨ᠂ ᠣᠯᠠᠨ ᠨᠡᠶᠢᠲᠡ ᠶᠢᠨ

ᠡᠷᠡᠭᠦᠯ ᠬᠠᠮᠠᠭᠠᠯᠠᠯ ᠪᠣᠯᠤᠨ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ᠂ ᠰᠤᠷᠭᠠᠨ ᠬᠥᠮᠥᠵᠢᠭᠦᠯᠬᠦ ᠤᠬᠠᠭᠠᠨ᠂

ᠬᠡᠷᠡᠭᠯᠡᠭᠡᠨ ᠤ ᠠᠵᠤ ᠠᠬᠤᠢ ᠶᠢᠨ ᠤᠬᠠᠭᠠᠨ ᠵᠡᠷᠭᠡ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠳ᠋ᠣᠺᠲ᠋ᠣᠷ ᠤᠨ

ᠡᠷᠳᠡᠮ ᠤᠨ ᠴᠣᠯᠠ ᠬᠠᠮᠠᠭᠠᠯᠠᠬᠤ ᠴᠡᠭ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ 2027 ᠣᠨ ᠪᠣᠯᠬᠤ ᠳᠤ᠂

ᠥᠪᠡᠷᠲᠡᠭᠡᠨ ᠵᠠᠰᠠᠬᠤ ᠣᠷᠣᠨ ᠤ ᠳ᠋ᠣᠺᠲ᠋ᠣᠷ ᠤᠨ ᠡᠷᠳᠡᠮ ᠤᠨ ᠴᠣᠯᠠ ᠬᠠᠮᠠᠭᠠᠯᠠᠬᠤ ᠴᠡᠭ ᠤᠨ ᠶᠡᠷᠦᠩᠬᠡᠢ ᠲᠤᠭ᠎ᠠ ᠶᠢ

70 ᠣᠷᠴᠢᠮ ᠳᠤ ᠬᠦᠷᠭᠡᠬᠦ ᠪᠠᠷ ᠴᠢᠷᠮᠠᠶᠢᠨ᠎ᠠ᠃ ᠰᠦᠨ ᠤ ᠦᠢᠯᠡᠰ᠂ ᠬᠤᠪᠣᠷ ᠰᠢᠷᠣᠢ᠂ ᠰᠢᠨ᠎ᠡ ᠡᠨᠧᠷᠭᠢ ᠵᠡᠷᠭᠡ

ᠬᠦᠷᠢᠶ᠎ᠡ ᠴᠠᠷᠠᠭᠠᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ

ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠳᠡᠰ ᠤᠨ

ᠰᠤᠳᠤᠯᠭᠠᠨ ᠤ ᠬᠦᠷᠢᠶᠡᠯᠡᠩ ᠢ ᠵᠣᠬᠢᠶᠠᠨ ᠪᠠᠶᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠰᠢᠨ᠎ᠡ ᠶᠢ

ᠡᠭᠦᠳᠬᠦ ᠲᠠᠪᠴᠠᠩ ᠢ ᠪᠠᠶᠢᠭᠤᠯᠵᠤ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠪᠠᠴᠢᠮ ᠬᠡᠷᠡᠭᠴᠡᠭᠡ ᠲᠠᠢ

ᠪᠠᠴᠢᠮ ᠳᠤᠲᠠᠭᠳᠠᠵᠤ ᠪᠦᠬᠦᠢ ᠳᠡᠭᠡᠳᠦ ᠳᠡᠰ ᠤᠨ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠶᠢ ᠲᠦᠷᠭᠡᠳᠬᠡᠨ

ᠳᠡᠭᠡᠭᠰᠢᠯᠡᠭᠦᠯᠦᠨ᠎ᠡ᠃

      ᠭᠤᠷᠪᠠ ᠳᠤ᠂ ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ

ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠥᠪᠡᠷᠲᠡᠭᠡᠨ ᠵᠠᠰᠠᠬᠤ ᠣᠷᠣᠨ ᠤ

ᠬᠤᠶᠠᠷ ᠶᠡᠭᠡ ᠶᠠᠪᠤᠳᠠᠯ ᠳᠤ ᠦᠢᠯᠡᠴᠢᠯᠡᠭᠦᠯᠬᠦ ᠲᠣᠭᠤᠷᠢᠨ ᠳᠤ᠂ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ

ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠡᠭ ᠢ ᠪᠠᠶᠢᠭᠤᠯᠬᠤ

ᠴᠢᠨᠠᠷ ᠴᠢᠨᠰᠠᠭ᠎ᠠ ᠶᠢ ᠦᠷᠭᠦᠯᠵᠢᠯᠡᠨ ᠴᠢᠩᠭᠠᠳᠬᠠᠵᠤ᠂ ᠳᠠᠭᠤᠷᠢᠶᠠᠯ ᠦᠵᠡᠭᠦᠯᠵᠦ ᠨᠥᠯᠥᠭᠡᠯᠡᠬᠦ ᠦᠢᠯᠡᠳᠦᠯ ᠢ

ᠭᠦᠢᠴᠡᠳ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠣᠳᠣ ᠦᠶ᠎ᠡ ᠶᠢᠨ ᠠᠵᠤ ᠦᠢᠯᠡᠰ  ᠤᠨ

ᠳᠡᠭᠡᠳᠦ ᠰᠤᠷᠭᠠᠭᠤᠯᠢ᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ᠂ ᠢᠷᠡᠭᠡᠳᠦᠢ ᠶᠢᠨ ᠮᠡᠷᠭᠡᠵᠢᠯ ᠤᠨ

ᠳᠡᠭᠡᠳᠦ ᠰᠤᠷᠭᠠᠭᠤᠯᠢ ᠪᠣᠯᠤᠨ ᠰᠠᠭᠤᠷᠢ ᠰᠢᠨᠵᠢᠯᠡᠭᠡᠨ ᠤ ᠰᠠᠯᠠᠭᠠᠨ  ᠤ ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ

ᠰᠠᠭᠤᠷᠢᠨ ᠭᠠᠵᠠᠷ ᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠰᠢᠯᠭᠠᠷᠠᠭᠰᠠᠨ ᠣᠷᠦ᠋ᠢᠯᠠᠭᠰᠠᠨ ᠴᠢᠳᠠᠪᠤᠷᠢᠲᠠᠨ ᠢ

ᠶᠡᠭᠡ ᠪᠠᠷ ᠬᠥᠮᠦᠵᠢᠭᠦᠯᠵᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠨ ᠬᠥᠮᠦᠵᠢᠭᠦᠯᠬᠦ ᠴᠢᠳᠠᠪᠤᠷᠢ ᠪᠣᠯᠤᠨ ᠠᠵᠤ ᠠᠬᠤᠢ

ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃

      ᠰᠢᠨᠬᠤᠸᠠ ᠰᠦᠯᠵᠢᠶᠡᠨ ᠤ ᠰᠤᠷᠪᠤᠯᠵᠢᠯᠠᠭᠴᠢ᠄ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ

ᠠᠮᠢᠳᠤᠷᠠᠯ ᠭᠡᠳᠡᠭ ᠢ ᠪᠢᠳᠡ ᠣᠶᠢᠯᠠᠭᠠᠵᠤ ᠪᠣᠢ᠂ ᠥᠪᠡᠷᠲᠡᠭᠡᠨ ᠵᠠᠰᠠᠬᠤ ᠣᠷᠣᠨ ᠠᠴᠠ ᠶᠡᠭᠡ ᠳᠡᠭᠡᠳᠦ ᠰᠤᠷᠭᠠᠭᠤᠯᠢ

ᠲᠡᠭᠦᠰᠦᠭᠰᠡᠳ ᠤᠨ ᠴᠢᠨᠠᠷᠯᠢᠭ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠠᠯ᠎ᠠ ᠪᠠᠷ ᠶᠠᠮᠠᠷ ᠠᠵᠢᠯ ᠬᠢᠭᠰᠡᠨ          

ᠪᠣᠢ︖

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠭᠡᠳᠦ

ᠰᠤᠷᠭᠠᠭᠤᠯᠢ ᠶᠢᠨ ᠰᠤᠷᠤᠭᠴᠢ ᠶᠢᠨ ᠭᠠᠵᠠᠷ ᠤᠨ ᠳᠠᠷᠤᠭ᠎ᠠ ᠸᠠᠩ ᠶᠥᠩ᠄ ᠲᠠᠨ ᠳᠤ ᠲᠠᠯᠠᠷᠬᠠᠵᠤ ᠪᠠᠶᠢᠨ᠎ᠠ᠃ ᠲᠠᠨ ᠤ

ᠬᠡᠯᠡᠭᠰᠡᠨᠴᠢᠯᠡᠨ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ᠂ ᠪᠠᠰᠠ ᠴᠤ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ

ᠪᠠ ᠬᠠᠯᠠᠮᠵᠢᠯᠠᠵᠤ ᠪᠠᠶᠢᠭ᠎ᠠ ᠬᠦᠷᠢᠶ᠎ᠡ ᠴᠠᠷᠠᠭ᠎ᠠ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ

ᠠᠵᠢᠯ ᠢ ᠰᠠᠶᠢᠲᠤᠷ ᠬᠢᠬᠦ ᠪᠣᠯ ᠰᠤᠷᠭᠠᠨ ᠬᠥᠮᠦᠵᠢᠯ ᠤᠨ ᠲᠢᠩᠬᠢᠮ ᠤᠨ ᠴᠢᠬᠤᠯᠠ ᠠᠴᠠ ᠴᠢᠬᠤᠯᠠ ᠠᠵᠢᠯ ᠡᠭᠦᠷᠭᠡ

ᠮᠥᠨ᠃ 2023 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠢᠨᠲ᠋ᠧᠷ

ᠰᠦᠯᠵᠢᠶ᠎ᠡ + ᠠᠵᠢᠯ ᠣᠯᠭᠤᠯᠲᠠ︾ ᠶᠢᠨ ᠰᠢᠨ᠎ᠡ ᠵᠠᠭᠪᠤᠷ ᠢ ᠬᠦᠴᠦᠯᠡᠨ ᠪᠣᠢ ᠪᠣᠯᠭᠠᠵᠤ᠂ ︽ᠥᠪᠥᠷ ᠮᠣᠩᠭᠤᠯ

24365 ᠤᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ︾ ᠢ ᠦᠷᠭᠦᠯᠵᠢᠯᠡᠨ

ᠲᠡᠭᠦᠯᠳᠡᠷᠵᠢᠭᠦᠯᠦᠨ ᠳᠡᠰ ᠳᠡᠪᠰᠢᠭᠦᠯᠬᠦ ᠪᠠᠷ ᠳᠠᠮᠵᠢᠨ᠂ 24 ᠴᠠᠭ 365 ᠡᠳᠦᠷ ᠲᠤ ︽ᠪᠦᠬᠦ ᠴᠠᠭᠴᠢᠯᠠᠭᠰᠠᠨ᠂

ᠤᠶᠤᠨᠴᠢᠯᠠᠭᠰᠠᠨ︾ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠤᠨ

︽ᠡᠭᠦᠯᠡᠨ ᠳᠠᠪᠴᠠᠩ ᠳᠤ ᠠᠵᠢᠯ ᠡᠷᠢᠬᠦ︾ ᠶᠢ ᠲᠣᠭᠠᠵᠢᠭᠤᠯᠪᠠ᠃ ᠣᠳᠣ ᠪᠣᠯᠲᠠᠯ᠎ᠠ᠂ ᠲᠠᠪᠴᠠᠩ ᠢ ᠰᠤᠷᠪᠤᠯᠵᠢᠯᠠᠭᠰᠠᠨ

ᠬᠡᠮᠵᠢᠶ᠎ᠡ 14 ᠳ᠋ᠦᠩᠰᠢᠭᠤᠷ ᠬᠥᠮᠦᠨ ᠤᠳᠠᠭ᠎ᠠ ᠶᠢ ᠳᠠᠪᠠᠵᠠᠢ᠃

      ᠨᠢᠭᠡ ᠳᠤ᠂ ︽ᠡᠭᠦᠯᠡᠨ ᠳᠠᠪᠴᠠᠩ ᠳᠤ ᠤᠷᠢᠬᠤ︾ ᠪᠠᠷ ᠬᠠᠩᠭᠠᠯᠭ᠎ᠠ ᠪᠠ ᠬᠡᠷᠡᠭᠴᠡᠭᠡ ᠶᠢ ᠣᠨᠣᠪᠴᠢᠲᠠᠢ

ᠵᠣᠯᠭᠠᠭᠤᠯᠬᠤ ᠶᠢ ᠠᠬᠢᠭᠤᠯᠪᠠ᠃ 2023 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠰᠦᠯᠵᠢᠶᠡᠨ ᠭᠠᠳᠠᠨᠠᠬᠢ ︽ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ

ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ︾ ᠠᠵᠢᠯᠯᠠᠭ᠎ᠠ᠂ ︽ᠲᠦᠮᠡᠨ ᠠᠵᠤ ᠠᠬᠤᠶᠢᠯᠠᠯ ᠢ ᠰᠤᠷᠭᠠᠭᠤᠯᠢ ᠶᠢᠨ

ᠬᠦᠷᠢᠶᠡᠨ ᠳᠤ ᠣᠷᠣᠭᠤᠯᠬᠤ︾ ᠠᠵᠢᠯᠲᠠᠨ ᠤᠷᠢᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠭᠰᠡᠨ ᠤ ᠬᠠᠮᠲᠤ᠂

ᠰᠦᠯᠵᠢᠶᠡᠨ ᠳᠠᠬᠢ ᠰᠤᠷᠭᠠᠭᠤᠯᠢ ᠶᠢᠨ ᠬᠦᠷᠢᠶᠡᠨ ᠳᠤ ᠠᠵᠢᠯᠲᠠᠨ ᠤᠷᠢᠬᠤ ᠠᠵᠢᠯᠯᠠᠭᠠᠨ ᠤ ᠰᠦᠯᠵᠢᠶ᠎ᠡ ᠶᠢ ᠬᠦᠴᠦᠯᠡᠨ

ᠨᠢᠭᠲᠠᠷᠠᠭᠤᠯᠵᠤ᠂ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠨ ᠤᠷᠢᠳ

ᠬᠤᠵᠢᠳ ︽ᠡᠭᠦᠯᠡᠨ ᠳᠠᠪᠴᠠᠩ ᠤᠨ ᠰᠢᠭᠤᠳ ᠨᠡᠪᠲᠡᠷᠡᠭᠦᠯᠭᠡ︾᠂ ︽ᠡᠭᠦᠯᠡᠨ ᠳᠠᠪᠴᠠᠩ ᠳᠤ ᠠᠵᠢᠯ ᠤᠨ

ᠪᠠᠶᠢᠷᠢ ᠳᠤ ᠳᠠᠭᠠᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ 300 ᠭᠠᠷᠤᠢ ᠲᠠᠯᠠᠪᠤᠷ ᠲᠤᠰᠬᠠᠶᠢᠵᠢᠭᠰᠠᠨ᠂

ᠠᠵᠢᠯ ᠳᠥᠷᠥᠯᠵᠢᠭᠰᠡᠨ ᠰᠦᠯᠵᠢᠶᠡᠨ ᠳᠠᠬᠢ ᠠᠵᠢᠯᠲᠠᠨ ᠤᠷᠢᠬᠤ ᠠᠵᠢᠯᠯᠠᠭ᠎ᠠ ᠶᠢ ᠡᠷᠬᠢᠯᠡᠵᠦ᠂ 8.5 ᠲᠦᠮᠡᠨ

ᠵᠤᠷᠪᠤᠰ ᠠᠵᠢᠯᠲᠠᠨ ᠤᠷᠢᠬᠤ ᠮᠡᠳᠡᠭᠡ ᠵᠠᠩᠭᠢ ᠶᠢ ᠨᠡᠶᠢᠲᠡᠯᠡᠨ᠂ 62 ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂

ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠬᠤ ᠦᠢᠯᠡᠴᠢᠯᠡᠭᠡ ︽ᠰᠠᠭᠠᠳ ᠦᠭᠡᠢ︾ ᠪᠠᠶᠢᠬᠤ ᠶᠢ ᠪᠦᠬᠦ

ᠬᠦᠴᠦᠨ ᠢᠶᠠᠷ ᠢᠶᠠᠨ ᠪᠠᠲᠤᠯᠠᠪᠠ᠃

      ᠬᠤᠶᠠᠷ ᠲᠤ᠂ ︽ᠡᠭᠦᠯᠡᠨ ᠳᠠᠪᠴᠠᠩ ᠳᠤ ᠵᠢᠯᠣᠭᠤᠳᠬᠤ︾ ᠪᠠᠷ ᠠᠵᠢᠯ ᠣᠯᠭᠤᠵᠤ ᠬᠥᠮᠦᠨ ᠬᠥᠮᠦᠵᠢᠭᠦᠯᠬᠦ

ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠶᠡᠭᠡ ᠳᠡᠭᠡᠳᠦ ᠰᠤᠷᠭᠠᠭᠤᠯᠢ ᠳᠤ ︽ᠨᠢᠭᠤᠷᠲᠠᠨ︾ ᠠᠵᠢᠯ ᠣᠯᠭᠤᠬᠤ ᠵᠢᠯᠣᠭᠤᠳᠣᠯᠭ᠎ᠠ ᠥᠷᠨᠢᠭᠦᠯᠬᠦ ᠶᠢ

ᠠᠬᠢᠭᠤᠯᠬᠤ ᠶᠢᠨ ᠬᠠᠮᠲᠤ᠂ ᠠᠵᠢᠯ ᠮᠡᠷᠭᠡᠵᠢᠯ ᠤᠨ ᠠᠮᠢᠳᠤᠷᠠᠬᠤᠢ ᠶᠢᠨ ᠲᠥᠯᠥᠪᠵᠢᠭᠦᠯᠭᠡ ᠪᠠ ᠠᠵᠢᠯ ᠣᠯᠭᠤᠯᠲᠠ ᠶᠢ

ᠵᠢᠯᠣᠭᠤᠳᠬᠤ ᠬᠢᠴᠢᠶᠡᠯ ᠤᠨ ︽ᠳᠡᠯᠭᠡᠴᠡ ᠪᠠᠷ ᠬᠤᠯᠪᠣᠬᠤ︾ ᠶᠢ ᠪᠡᠶᠡᠯᠡᠭᠦᠯᠬᠦ ᠶᠢ ᠲᠠᠰᠤᠷᠠᠯᠲᠠ ᠥᠬᠡᠶ ᠠᠬᠢᠭᠤᠯᠵᠤ᠂

2023 ᠣᠨ ᠳᠤ ᠲᠡᠭᠦᠰᠦᠭᠰᠡᠳ ᠲᠤ ᠬᠠᠨᠳᠤᠭᠤᠯᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ

ᠪᠣᠳᠣᠯᠭ᠎ᠠ ᠶᠢᠨ ᠲᠣᠮᠤ ᠲᠤᠰᠬᠠᠢ ᠰᠡᠳᠦᠪᠲᠦ ᠲᠠᠶᠢᠯᠤᠮᠵᠢ ᠶᠢ 6 ᠬᠤᠭᠤᠴᠠᠭ᠎ᠠ ᠥᠷᠨᠢᠭᠦᠯᠪᠡ︔ ᠡᠯ᠎ᠡ ᠲᠥᠷᠥᠯ ᠤᠨ

ᠨᠡᠶᠢᠲᠡ ᠶᠢᠨ ᠠᠰᠠᠷᠠᠮᠵᠢ ᠶᠢᠨ ᠬᠢᠴᠢᠶᠡᠯ ᠢ 1500 ᠭᠠᠷᠤᠢ ᠬᠢᠴᠢᠶᠡᠯ ᠲᠠᠯᠪᠢᠵᠤ᠂ ᠣᠷᠣᠯᠴᠠᠭᠰᠠᠨ ᠰᠤᠷᠤᠭᠴᠢ 120

ᠲᠦᠮᠡᠨ ᠬᠥᠮᠦᠨ ᠤᠳᠠᠭ᠎ᠠ ᠶᠢ ᠳᠠᠪᠠᠪᠠ᠃ ᠡᠭᠦᠨ ᠠᠴᠠ ᠭᠠᠳᠠᠨ᠎ᠠ᠂ ᠪᠠᠰᠠ ᠲᠠᠪᠴᠠᠩ ᠳᠤ ᠲᠦᠰᠢᠭᠯᠡᠨ

ᠰᠦᠯᠵᠢᠶᠡᠨ ᠳᠠᠬᠢ ᠠᠵᠢᠯ ᠮᠡᠷᠭᠡᠵᠢᠯ ᠤᠨ ᠰᠢᠯᠭᠠᠨ ᠦᠨᠡᠯᠡᠯᠲᠡ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ

ᠪᠠᠶᠢᠷᠢ ᠳᠤ ᠰᠢᠯᠭᠠᠨ ᠡᠯᠰᠡᠬᠦ ᠸᠢᠳᠢᠣ᠋ ᠶᠢᠨ ᠡᠬᠢ ᠪᠠᠶᠠᠯᠢᠭ᠂ ︽ᠭᠡᠷᠡᠯ ᠭᠢᠯᠪᠠᠭᠠᠲᠤ ᠡᠳᠦᠷ︾ ᠭᠡᠬᠦ ᠨᠡᠶᠢᠲᠡᠯᠢᠭ

ᠤᠬᠠᠭᠤᠯᠤᠨ ᠲᠠᠶᠢᠯᠪᠤᠷᠢᠯᠠᠯᠲᠠ ᠵᠡᠷᠭᠡ ᠭᠡᠰᠡᠭ ᠢ ᠲᠣᠬᠢᠷᠠᠭᠤᠯᠵᠤ᠂ ᠠᠮᠢᠳᠤᠷᠠᠬᠤᠢ ᠶᠢᠨ ᠬᠥᠮᠦᠵᠢᠯ ᠤᠨ

ᠠᠴᠢᠶᠠᠯᠠᠪᠤᠷᠢ ᠶᠢ ᠤᠯᠠᠮ ᠨᠢᠭᠡ ᠠᠯᠬᠤᠮ ᠥᠷᠭᠡᠳᠬᠡᠪᠡ᠃

      ᠭᠤᠷᠪᠠ ᠳᠤ᠂ ︽ᠡᠭᠦᠯᠡᠨ ᠳᠠᠪᠴᠠᠩ ᠳᠠᠬᠢ ᠦᠢᠯᠡᠴᠢᠯᠡᠭᠡ︾ ᠨᠢ ᠠᠵᠢᠯ ᠣᠯᠬᠤ ︽ᠡᠴᠦᠰ ᠤᠨ ᠨᠢᠭᠡ 

ᠺᠢᠯᠤᠮᠧᠲᠷ︾ ᠢ ᠨᠡᠪᠲᠡᠷᠡᠭᠦᠯᠪᠡ᠃ ᠠᠵᠢᠯ ᠳᠤ ᠣᠷᠣᠬᠤ ᠨᠡᠷ᠎ᠡ ᠮᠡᠳᠡᠭᠦᠯᠬᠦ ᠦᠨᠡᠮᠯᠡᠯ ᠤᠨ ᠳᠦᠷᠢᠮ ᠢ ᠬᠦᠴᠦᠨ

ᠦᠭᠡᠢ ᠪᠣᠯᠭᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂

ᠬᠠᠩᠭᠠᠯᠭ᠎ᠠ ᠪᠠ ᠬᠡᠷᠡᠭᠴᠡᠭᠡᠨ ᠤ ᠬᠤᠶᠠᠷ ᠲᠠᠯ᠎ᠠ ᠶᠢᠨ ᠠᠵᠢᠯᠲᠠᠨ ᠤᠷᠢᠬᠤ ᠢ ᠳᠥᠲᠡᠴᠢᠯᠡᠬᠦ᠂ ᠳᠥᠭᠦᠮ

ᠦᠵᠡᠭᠦᠯᠬᠦ ᠠᠴᠠ ᠭᠠᠷᠳᠠᠵᠤ᠂ ︽ᠲᠡᠭᠦᠰᠦᠭᠰᠡᠳ ᠲᠤ ᠠᠵᠢᠯ ᠣᠯᠭᠤᠬᠤ ᠨᠢᠭᠡ ᠶᠠᠪᠤᠳᠠᠯ︾ ᠪᠠ ︽ᠬᠥᠮᠦᠨ ᠬᠡᠷᠡᠭᠯᠡᠬᠦ

ᠨᠢᠭᠡᠴᠢ ᠤᠷᠢᠬᠤ ᠨᠢᠭᠡ ᠶᠠᠪᠤᠳᠠᠯ︾ ᠭᠡᠬᠦ ᠲᠤᠰᠬᠠᠢ ᠪᠤᠯᠤᠩ ᠢ ᠪᠠᠶᠢᠭᠤᠯᠵᠤ᠂ ᠲᠡᠭᠦᠰᠦᠭᠰᠡᠳ ᠪᠠ ᠬᠥᠮᠦᠨ ᠬᠡᠷᠡᠭᠯᠡᠬᠦ

ᠨᠢᠭᠡᠴᠢ ᠳᠤ ᠬᠠᠨᠳᠤᠭᠤᠯᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠤᠨ ᠪᠠᠶᠢᠷᠢ ᠶᠢᠨ ᠬᠠᠶᠢᠯᠲᠠ᠂

ᠨᠢᠭᠤᠷᠳᠠᠨ ᠰᠢᠯᠭᠠᠯᠲᠠ᠂ ᠠᠵᠢᠯ ᠤᠨ ᠪᠠᠶᠢᠷᠢ ᠲᠠᠨᠢᠯᠴᠠᠭᠤᠯᠬᠤ᠂ ᠳᠠᠩᠰᠠ ᠡᠪᠬᠡᠮᠡᠯ ᠢ ᠰᠢᠯᠵᠢᠭᠦᠯᠦᠨ ᠬᠦᠷᠭᠡᠬᠦ ᠵᠡᠷᠭᠡ

ᠪᠦᠬᠦ ᠲᠠᠯ᠎ᠠ ᠶᠢᠨ ᠵᠢᠯᠣᠭᠤᠳᠬᠤ ᠦᠢᠯᠡᠴᠢᠯᠡᠭᠡ ᠬᠠᠩᠭᠠᠪᠠ︔ 2023 ᠣᠨ ᠳᠤ 7.27 ᠲᠦᠮᠡᠨ ᠳᠡᠭᠡᠳᠦ

ᠰᠤᠷᠭᠠᠭᠤᠯᠢ ᠲᠡᠭᠦᠰᠦᠭᠰᠡᠳ ᠳᠠᠪᠴᠠᠩ ᠢ ᠬᠡᠷᠡᠭᠯᠡᠨ ᠭᠡᠷ᠎ᠡ ᠳᠣᠭᠲᠠᠵᠤ᠂ ︽ᠮᠡᠳᠡᠭᠡ ᠵᠠᠩᠭᠢ ᠶᠢ ᠢᠯᠡᠭᠦᠬᠡᠨ

ᠭᠦᠶᠦᠯᠭᠡᠵᠦ᠂ ᠰᠤᠷᠤᠭᠴᠢ ᠶᠢ ᠳᠤᠲᠠᠭᠤ ᠭᠦᠶᠦᠯᠭᠡᠬᠦ︾ ᠶᠢ ᠪᠡᠶᠡᠯᠡᠭᠦᠯᠪᠡ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠢᠨᠲ᠋ᠧᠷ

ᠰᠦᠯᠵᠢᠶ᠎ᠡ + ᠠᠵᠢᠯ ᠣᠯᠭᠤᠯᠲᠠ︾ ᠭᠡᠬᠦ ᠰᠢᠨ᠎ᠡ ᠵᠠᠭᠪᠤᠷ ᠢ ᠦᠷᠭᠦᠯᠵᠢᠯᠡᠨ ᠰᠠᠶᠢᠲᠤᠷ ᠬᠡᠷᠡᠭᠯᠡᠵᠦ᠂ ᠮᠡᠳᠡᠭᠡ

ᠵᠠᠩᠭᠢ ᠶᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠤᠭ᠎ᠠ ᠪᠠᠷᠢᠮᠲᠠ ᠶᠢ

ᠵᠠᠳᠠᠯᠬᠤ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠡᠭᠦᠰᠦᠭᠰᠡᠳ ᠲᠤ ᠨᠡᠩ ᠣᠯᠠᠨ ᠠᠵᠢᠯ ᠤᠨ

ᠪᠠᠶᠢᠷᠢ ᠶᠢᠨ ᠡᠬᠢ ᠪᠠᠶᠠᠯᠢᠭ ᠢ  ᠢᠯᠡᠷᠡᠭᠦᠯᠦᠨ ᠥᠭᠴᠦ᠂ ᠨᠡᠩ ᠣᠯᠠᠨ ᠠᠵᠢᠯ ᠤᠨ ᠮᠡᠳᠡᠭᠡ ᠵᠠᠩᠭᠢ ᠶᠢ ᠬᠠᠩᠭᠠᠵᠤ᠂

ᠠᠵᠢᠯ ᠡᠷᠢᠬᠦ ︽ᠳᠡᠯᠭᠡᠴᠡ︾ ᠳᠤ ᠬᠦᠴᠦᠨ ᠨᠡᠮᠡᠷᠢᠯᠡᠨ᠎ᠡ᠃

      ᠥᠪᠥᠷ ᠮᠣᠩᠭᠤᠯ ᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠪᠠᠭᠰᠢ ᠪᠣᠯ ᠰᠤᠷᠭᠠᠨ ᠬᠥᠮᠦᠵᠢᠯ ᠤᠨ

ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ ᠡᠬᠢ ᠰᠤᠷᠪᠤᠯᠵᠢ ᠮᠥᠨ᠂ ᠮᠠᠨ ᠤ ᠣᠷᠣᠨ ᠪᠠᠭᠰᠢ ᠶᠢᠨ

ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠠᠲᠤᠯᠠᠬᠤ

ᠲᠠᠯ᠎ᠠ ᠪᠠᠷ ᠶᠠᠮᠠᠷ ᠠᠵᠢᠯ ᠬᠢᠭᠰᠡᠨ ᠪᠤᠢ︖ ᠦᠷ᠎ᠡ ᠪᠦᠲᠦᠮᠵᠢ ᠶᠠᠭᠤ ᠪᠤᠢ︖

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠠᠭᠰᠢ ᠶᠢᠨ

ᠠᠵᠢᠯ ᠤᠨ ᠭᠠᠵᠠᠷ ᠤᠨ ᠳᠠᠷᠤᠭ᠎ᠠ ᠸᠠᠩ ᠵᠢᠶᠦ᠋ᠨ ᠸᠧᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠪᠦᠬᠦ ᠨᠡᠶᠢᠭᠡᠮ ᠤᠨ ᠬᠠᠯᠠᠮᠵᠢᠯᠠᠯ ᠳᠡᠮᠵᠢᠯᠭᠡ

ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠪᠠᠭᠰᠢ ᠶᠢᠨ ᠲᠤᠬᠠᠢ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ  ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ

ᠪᠠᠷᠢᠮᠲᠠᠯᠠᠨ᠂ ᠡᠩᠨᠡᠭᠡ ᠪᠠᠨ ᠬᠦᠴᠦᠷᠬᠡᠭᠵᠢᠭᠦᠯᠵᠦ᠂ ᠪᠦᠲᠦᠴᠡ ᠪᠠᠨ ᠰᠢᠯᠢᠳᠡᠭᠵᠢᠭᠦᠯᠦᠨ᠂ ᠴᠢᠨᠠᠷ ᠴᠢᠨᠰᠠᠭ᠎ᠠ ᠪᠠᠨ

ᠳᠡᠭᠡᠭᠰᠢᠯᠡᠭᠦᠯᠵᠦ᠂ ᠬᠠᠷᠠᠭᠠᠯᠵᠠᠯ ᠢ ᠪᠠᠲᠤᠯᠠᠨ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠠᠮᠢᠵᠢᠷᠠᠯ ᠤᠨ

ᠬᠦᠴᠦᠨ ᠢ ᠪᠠᠳᠠᠷᠠᠭᠤᠯᠪᠠ᠃

      ᠨᠢᠭᠡ᠂ ᠬᠡᠪᠴᠢᠶᠡᠵᠢᠯ ᠬᠡᠪ ᠴᠢᠨᠠᠷ ᠲᠣᠭᠲᠠᠭᠤᠨ ᠢᠶᠠᠷ ᠳᠡᠭᠡᠭᠰᠢᠯᠡᠪᠡ᠂ ᠡᠨᠡ ᠨᠢᠭᠡ ᠵᠢᠯ  ᠳᠤ᠂ ᠪᠢᠳᠡ

ᠳᠤᠲᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭᠠᠨ ᠤ ᠪᠠᠭᠰᠢ ᠶᠢ ᠨᠥᠬᠦᠪᠥᠷᠢᠯᠡᠬᠦ ᠶᠢ ᠴᠢᠩᠭᠠᠳᠬᠠᠵᠤ᠂ ᠬᠤᠲᠠ

ᠪᠠᠯᠭᠠᠰᠤᠨ ᠤ ᠰᠢᠯᠢᠳᠡᠭ ᠪᠠᠭᠰᠢ᠂ ᠰᠤᠷᠭᠠᠭᠤᠯᠢ ᠶᠢᠨ ᠵᠠᠬᠢᠷᠤᠯ ᠢ ᠬᠥᠳᠡᠭᠡ ᠲᠣᠰᠬᠤᠨ ᠤ ᠰᠤᠷᠭᠠᠭᠤᠯᠢ᠂ ᠪᠠᠭᠤᠷᠠᠢ

ᠰᠤᠷᠭᠠᠭᠤᠯᠢ ᠲᠡᠶᠢᠰᠢ ᠰᠢᠯᠵᠢᠭᠦᠯᠬᠦ ᠶᠢ ᠭᠤᠣᠯᠳᠠᠯᠭ᠎ᠠ ᠲᠠᠢ ᠴᠢᠩᠭᠠᠳᠬᠠᠵᠤ᠂ ᠪᠦᠬᠦ ᠣᠷᠣᠨ ᠳᠤ ᠳᠤᠮᠳᠠᠳᠤ ᠪᠠᠭ᠎ᠠ

ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢ ᠲᠦᠮᠡ ᠰᠢᠬᠠᠮ ᠤᠷᠢᠵᠤ᠂ ᠡᠭᠦᠨ ᠳᠤ ᠬᠥᠳᠡᠭᠡ

ᠲᠣᠰᠬᠤᠨ ᠤ ᠪᠠᠭᠰᠢ 1000 ᠭᠠᠷᠤᠢ ᠪᠠᠶᠢᠵᠤ᠂ 6700 ᠭᠠᠷᠤᠢ ᠪᠠᠭᠰᠢ᠂ ᠰᠤᠷᠭᠠᠭᠤᠯᠢ ᠶᠢᠨ ᠵᠠᠬᠢᠷᠤᠯ

ᠠᠵᠢᠯ ᠤᠨ ᠪᠠᠶᠢᠷᠢ ᠰᠣᠯᠢᠯᠴᠠᠬᠤ ᠠᠵᠢᠯ ᠳᠤ ᠣᠷᠣᠯᠴᠠᠪᠠ᠃ ᠣᠳᠣ ᠪᠣᠯᠲᠠᠯ᠎ᠠ᠂ ᠪᠦᠬᠦ ᠣᠷᠣᠨ ᠤ ᠪᠠᠭᠰᠢ

ᠠᠵᠢᠯᠲᠠᠨ ᠤ ᠶᠡᠷᠦᠩᠬᠡᠢ ᠲᠤᠭ᠎ᠠ 41.38 ᠲᠦᠮᠡᠨ ᠬᠥᠮᠦᠨ ᠳᠤ ᠬᠦᠷᠴᠦ᠂ ᠡᠭᠦᠨ ᠳᠤ ᠲᠤᠰᠬᠠᠢ ᠪᠠᠭᠰᠢ 31.26

ᠲᠦᠮᠡᠨ ᠬᠥᠮᠦᠨ ᠪᠠᠶᠢᠵᠤ᠂ ᠳᠡᠭᠡᠷ᠎ᠡ ᠨᠢᠭᠡ ᠵᠢᠯ ᠤᠨ ᠬᠢ  ᠠᠴᠠ 1.9% ᠨᠡᠮᠡᠭᠳᠡᠪᠡ᠃ ᠬᠤᠲᠠ᠂ ᠬᠥᠳᠡᠭᠡ

ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠢᠩᠬᠢᠨᠢ ᠠᠩᠭᠢ ᠠᠴᠠ ᠳᠡᠭᠡᠭᠰᠢᠬᠢ

ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ ᠢ ᠳᠡᠭᠡᠷ᠎ᠡ ᠵᠢᠯ ᠤᠨ ᠬᠢ ᠠᠴᠠ ᠲᠤᠰ ᠲᠤᠰ

1.16% ᠪᠠ 2.72% ᠨᠡᠮᠡᠭᠳᠡᠭᠦᠯᠵᠦ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠰᠣᠳᠤᠯᠤᠨ ᠰᠤᠷᠤᠭᠴᠢ ᠶᠢᠨ ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ ᠢ 19.09% 

ᠬᠦᠷᠭᠡᠵᠦ᠂ ᠶᠡᠭᠡ ᠳᠡᠭᠡᠳᠦ ᠰᠤᠷᠭᠠᠭᠤᠯᠢ ᠶᠢᠨ ᠳ᠋ᠣᠺᠲ᠋ᠣᠷ ᠤᠨ ᠡᠷᠳᠡᠮ ᠤᠨ ᠴᠣᠯᠠ ᠲᠠᠢ ᠪᠠᠭᠰᠢ ᠶᠢᠨ ᠡᠵᠡᠯᠡᠬᠦ

ᠬᠠᠷᠢᠴᠠᠯ ᠢ 21.57% ᠬᠦᠷᠭᠡᠵᠦ᠂ ᠪᠠᠭᠰᠢ ᠶᠢ  ᠬᠥᠭᠵᠢᠭᠦᠯᠬᠦ ᠪᠠᠲᠤᠯᠠᠭ᠎ᠠ ᠬᠦᠴᠦᠲᠡᠢ ᠪᠣᠯᠵᠤ᠂ ᠪᠠᠭᠰᠢ ᠶᠢᠨ

ᠡᠩᠨᠡᠭᠡᠨ ᠤ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃

      ᠬᠤᠶᠠᠷ᠂ ᠪᠠᠭᠰᠢ ᠶᠢᠨ ᠮᠣᠷᠠᠯ ᠰᠤᠷᠲᠠᠯ ᠢ ᠦᠷᠭᠦᠯᠵᠢᠯᠡᠨ ᠰᠠᠶᠢᠵᠢᠷᠠᠭᠤᠯᠪᠠ᠂ ᠡᠨᠡ ᠨᠢᠭᠡ ᠵᠢᠯ ᠳᠤ᠂ ᠪᠢᠳᠡ

ᠪᠠᠭᠰᠢ ᠶᠢᠨ ᠮᠣᠷᠠᠯ ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠯᠠᠪᠳᠠᠭᠤᠨ ᠪᠠᠲᠤᠲᠠᠢ

ᠠᠬᠢᠭᠤᠯᠤᠨ᠂ ᠤᠯᠤᠰ ᠲᠥᠷᠥ ᠶᠢᠨ ᠪᠠᠶᠢᠭᠤᠯᠤᠯᠲᠠ ᠶᠢᠨ ︽ᠦᠵᠡᠯ ᠰᠠᠨᠠᠭᠠᠨ ᠤ ᠰᠦᠭ ᠢ ᠱᠤᠭᠤᠬᠤ︾ ᠵᠡᠷᠭᠡ 6

ᠵᠦᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠪᠠᠭᠰᠢ ᠶᠢᠨ ᠮᠣᠷᠠᠯ ᠰᠤᠷᠲᠠᠯ ᠢ ᠤᠷᠢᠳᠴᠢᠯᠠᠨ ᠰᠡᠷᠡᠮᠵᠢᠯᠡᠭᠦᠯᠬᠦ᠂

ᠪᠠᠭᠰᠢ ᠶᠢᠨ ᠮᠣᠷᠠᠯ ᠰᠤᠷᠲᠠᠯ ᠳᠤ ᠬᠤᠯᠪᠣᠭᠳᠠᠭᠰᠠᠨ ᠬᠡᠷᠡᠭ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ᠪᠠᠭᠰᠢ ᠶᠢᠨ

ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ ᠢᠯᠡᠴᠢᠯᠡᠬᠦ ᠲᠣᠭᠲᠠᠴᠠ ᠶᠢ 

ᠲᠡᠭᠦᠯᠳᠡᠷᠵᠢᠭᠦᠯᠵᠦ᠂ ᠪᠠᠭᠰᠢ ᠶᠢᠨ ᠠᠵᠢᠯ ᠡᠷᠬᠢᠯᠡᠬᠦ ᠶᠢ ᠬᠤᠷᠢᠭᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂

ᠪᠠᠭᠰᠢ ᠠᠵᠢᠯᠲᠠᠨ ᠠᠵᠢᠯᠴᠢᠨ ᠪᠠᠶᠢᠴᠠᠭᠠᠨ ᠯᠠᠪᠯᠠᠬᠤ ᠪᠠᠷ ᠣᠷᠣᠬᠤ ᠶᠢ ᠵᠦᠪᠰᠢᠶᠡᠷᠡᠬᠦ ᠶᠢ ᠪᠦᠬᠦ ᠲᠠᠯ᠎ᠠ ᠪᠠᠷ

ᠬᠡᠷᠡᠭᠵᠢᠭᠦᠯᠵᠦ᠂ ᠰᠢᠰᠲ᠋ᠧᠮ ᠪᠦᠷᠢᠨ ᠲᠡᠭᠦᠯᠳᠡᠷ᠂ ᠬᠡᠷᠡᠭᠵᠢᠭᠦᠯᠦᠯᠲᠡ ᠬᠦᠴᠦᠲᠡᠢ᠂ ᠬᠠᠷᠢᠭᠤᠴᠠᠯᠭ᠎ᠠ ᠨᠡᠬᠡᠮᠵᠢᠯᠡᠭᠰᠡᠨ

ᠦᠨᠳᠦᠰᠦ ᠪᠠᠷᠢᠮᠲᠠ ᠲᠠᠢ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ

ᠲᠣᠭᠲᠠᠴᠠ ᠶᠢ ᠪᠠᠶᠢᠭᠤᠯᠪᠠ᠃ ᠪᠠᠭᠰᠢ ᠶᠢᠨ ᠮᠣᠷᠠᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠣᠢ

ᠪᠣᠯᠭᠠᠵᠤ᠂ ᠠᠩᠬᠠᠳᠤᠭᠠᠷ ᠬᠤᠭᠤᠴᠠᠭᠠᠨ ᠤ ᠬᠠᠮᠤᠭ ᠤᠨ ᠭᠤᠶᠣ ᠪᠠᠭᠰᠢ ᠶᠢᠨ ᠱᠠᠩᠨᠠᠯ ᠣᠯᠭᠤᠬᠤ ᠦᠳᠡᠰᠢᠯᠡᠭᠡ ᠶᠢ

ᠡᠷᠭᠢᠯᠡᠵᠦ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠨ ᠱᠠᠨ ᠫᠷᠤᠹᠧᠰᠰᠤᠷ ᠪᠦᠬᠦ

ᠤᠯᠤᠰ ᠤᠨ ᠠᠷᠪᠠᠨ ᠶᠡᠭᠡ ︽ᠬᠠᠮᠤᠭ ᠤᠨ ᠭᠤᠶᠣ ᠪᠠᠭᠰᠢ︾ ᠪᠠᠷ ᠦᠨᠡᠯᠡᠭᠳᠡᠵᠦ᠂ ᠨᠡᠶᠢᠲᠡᠯᠢᠭ ᠵᠢᠱᠢᠶ᠎ᠡ ᠶᠢ

ᠰᠣᠩᠭᠤᠨ ᠬᠥᠮᠦᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠰᠤᠷᠲᠠᠯ ᠴᠢᠬᠡᠴᠢ ᠣᠪᠣᠷ ᠲᠥᠪ

ᠬᠥᠮᠦᠨ ᠬᠥᠮᠦᠵᠢᠭᠦᠯᠬᠦ ᠠᠭᠤᠷ ᠠᠮᠢᠰᠬᠤᠯ ᠨᠡᠩ ᠭᠦᠨ ᠵᠤᠵᠠᠭᠠᠨ ᠪᠣᠯᠪᠠ᠃

      ᠭᠤᠷᠪᠠ᠂ ᠪᠣᠯᠪᠠᠰᠤᠷᠠᠭᠤᠯᠤᠨ ᠬᠠᠪᠰᠤᠷᠤᠨ ᠲᠡᠳᠬᠦᠬᠦ ᠠᠵᠢᠯ ᠤᠳᠠᠭᠠᠨ ᠳᠠᠭᠠᠭᠠᠮᠠᠭᠠᠢ ᠠᠮᠵᠢᠯᠲᠠ ᠪᠦᠲᠦᠮᠵᠢ

ᠭᠠᠷᠭᠠᠪᠠ᠂ ᠡᠨᠡ ᠨᠢᠭᠡ ᠵᠢᠯ ᠳᠤ᠂ ᠪᠢᠳᠡ ᠨᠠᠷᠢᠯᠢᠭ ᠣᠨᠣᠴᠠᠲᠠᠢ ᠪᠣᠯᠪᠠᠰᠤᠷᠠᠯ ᠤᠨ ᠥᠭᠡᠷᠡᠴᠢᠯᠡᠯᠲᠡ ᠶᠢ ᠠᠬᠢᠭᠤᠯᠵᠤ᠂

ᠥᠪᠡᠷᠲᠡᠭᠡᠨ ᠵᠠᠰᠠᠬᠤ ᠣᠷᠣᠨ ᠤ ᠳᠡᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠭᠠᠨ

ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠦᠯᠦᠭ ᠬᠤᠪᠢᠶᠠᠨ ᠪᠠᠶᠢᠭᠤᠯᠪᠠ︔ ᠪᠡᠯᠡ ᠮᠥᠩᠭᠦ ᠶᠢ

7500 ᠲᠦᠮᠡᠨ ᠲᠥᠭᠦᠷᠢᠭ ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ

ᠪᠠᠭᠰᠢ ᠶᠢ 2.5 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ

ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠣᠶᠤᠨᠴᠢ ᠰᠤᠷᠭᠠᠨ

ᠬᠥᠮᠦᠵᠢᠯ ᠤᠨ ᠲᠠᠪᠴᠠᠩ ᠤᠨ ᠪᠠᠭᠰᠢ ᠶᠢᠨ ᠵᠤᠨ ᠤ ᠠᠮᠠᠷᠠᠯᠲᠠ ᠶᠢᠨ ᠰᠦᠯᠵᠢᠶᠡᠨ ᠳᠠᠬᠢ ᠰᠤᠳᠤᠯᠤᠨ

ᠰᠤᠷᠤᠯᠴᠠᠬᠤ ᠶᠢ ᠥᠷᠨᠢᠭᠦᠯᠵᠦ᠂ ᠣᠷᠣᠯᠴᠠᠭᠰᠠᠨ ᠪᠠᠭᠰᠢ ᠶᠢᠨ ᠲᠤᠭ᠎ᠠ 24 ᠲᠦᠮᠡ ᠶᠢ ᠳᠠᠪᠠᠪᠠ᠃ ᠪᠦᠯᠬᠦᠮ

ᠪᠠᠶᠢᠭᠤᠯᠬᠤ ᠬᠡᠯᠪᠡᠷᠢ ᠪᠠᠷ ᠬᠠᠪᠰᠤᠷᠤᠨ ᠲᠡᠳᠬᠦᠬᠦ ᠶᠢ ᠭᠦᠨᠵᠡᠭᠡᠢ ᠥᠷᠨᠢᠭᠦᠯᠵᠦ᠂ 1122 ᠪᠠᠭᠰᠢ ᠶᠢ ᠨᠢᠭᠡᠳᠦᠯᠲᠡᠢ

ᠲᠥᠯᠥᠪᠵᠢᠭᠦᠯᠦᠨ ᠰᠣᠩᠭᠤᠨ ᠲᠣᠮᠢᠯᠠᠵᠤ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠬᠥᠳᠡᠭᠡ ᠲᠣᠰᠬᠤᠨ ᠤ

ᠰᠤᠷᠭᠠᠭᠤᠯᠢ᠂ ᠪᠠᠭᠤᠷᠠᠢ ᠰᠤᠷᠭᠠᠭᠤᠯᠢ ᠳᠤ ᠣᠴᠢᠭᠤᠯᠤᠨ ᠰᠤᠷᠭᠠᠨ ᠬᠥᠮᠦᠵᠢᠯ ᠢ ᠳᠡᠮᠵᠢᠭᠦᠯᠵᠦ᠂ ᠬᠥᠮᠦᠨ ᠤ

ᠲᠤᠭ᠎ᠠ 2022 ᠣᠨ ᠤ ᠬᠢ ᠠᠴᠠ 105 ᠨᠡᠮᠡᠭᠳᠡᠵᠦ᠂ ᠰᠤᠷᠭᠠᠭᠤᠯᠢ ᠶᠢ ᠳᠡᠮᠵᠢᠨ ᠨᠠᠷᠠᠲᠤ ᠵᠠᠬᠢᠷᠤᠯ ᠨᠡᠷᠡᠲᠦ

ᠪᠠᠭᠰᠢ ᠶᠢᠨ ᠠᠵᠢᠯᠯᠠᠬᠤ ᠭᠠᠵᠠᠷ ᠢ ᠠᠰᠢᠭᠯᠠᠨ ᠲᠤᠰᠠᠯᠠᠮᠵᠢ ᠬᠦᠷᠲᠡᠬᠦ ᠰᠤᠷᠭᠠᠭᠤᠯᠢ ᠶᠢᠨ ᠪᠠᠭᠰᠢ ᠰᠤᠷᠤᠯᠭᠠᠲᠠᠨ ᠢ

ᠤᠷᠢᠨ ᠴᠤᠭᠯᠠᠭᠤᠯᠵᠤ᠂ 11500 ᠭᠠᠷᠤᠢ ᠤᠳᠠᠭ᠎ᠠ ᠵᠢᠭᠠᠬᠤ ᠶᠢ ᠰᠤᠳᠤᠯᠬᠤ ᠠᠵᠢᠯᠯᠠᠭ᠎ᠠ ᠶᠢ ᠥᠷᠨᠢᠭᠦᠯᠪᠡ︔

ᠲᠤᠰᠠᠯᠠᠮᠵᠢ ᠬᠦᠷᠲᠡᠬᠦ ᠰᠤᠷᠭᠠᠭᠤᠯᠢ 435 ᠰᠢᠯᠭᠠᠷᠠᠭᠰᠠᠨ ᠪᠠᠭᠰᠢ ᠶᠢ ᠰᠣᠩᠭᠤᠵᠤ᠂ ᠰᠤᠷᠭᠠᠭᠤᠯᠢ ᠳᠤ ᠬᠦᠷᠴᠦ

ᠠᠵᠢᠯ ᠤᠨ ᠪᠠᠶᠢᠷᠢ ᠳᠠᠭᠠᠵᠤ ᠰᠤᠷᠤᠯᠴᠠᠬᠤ ᠶᠢ ᠳᠡᠮᠵᠢᠪᠡ᠃ ︽ᠭᠤᠷᠪᠠᠨ ᠣᠷᠣᠨ︾ ᠤ ᠴᠢᠳᠠᠪᠤᠷᠢᠲᠠᠨ ᠢ ᠳᠡᠮᠵᠢᠬᠦ

ᠲᠥᠯᠥᠪᠯᠡᠭᠡ ᠶᠢᠨ ᠪᠠᠭᠰᠢ ᠶᠢᠨ ᠲᠤᠰᠬᠠᠢ ᠲᠥᠯᠥᠪᠯᠡᠭᠡ ᠪᠠ ᠳᠤᠮᠳᠠᠳᠤ ᠪᠠᠭ᠎ᠠ ᠰᠤᠷᠭᠠᠭᠤᠯᠢ ᠶᠢᠨ ᠪᠤᠭᠤᠷᠤᠯᠴᠤᠳ ᠤᠨ

ᠶᠠᠷᠢᠶᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ 454 ᠰᠢᠯᠢᠳᠡᠭ ᠰᠤᠷᠭᠠᠭᠤᠯᠢ ᠶᠢᠨ ᠵᠠᠬᠢᠷᠤᠯ᠂

ᠪᠠᠭᠰᠢ ᠶᠢ ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠳᠡᠮᠵᠢᠭᠦᠯᠵᠦ᠂ ᠰᠤᠳᠤᠯᠭᠠᠨ ᠢ  ᠳᠡᠮᠵᠢᠭᠦᠯᠦᠨ᠂ ᠰᠤᠷᠭᠠᠨ

ᠬᠥᠮᠦᠵᠢᠯ ᠤᠨ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠭᠤᠷᠢ ᠲᠠᠯᠪᠢᠵᠤ ᠡᠨᠧᠷᠭᠢ

ᠣᠯᠭᠤᠪᠠ᠃

      ᠳᠥᠷᠪᠡ᠂ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠪᠠ᠃ ᠡᠨᠡ ᠨᠢᠭᠡ

ᠵᠢᠯ ᠳᠤ᠂ ᠪᠢᠳᠡ ᠡᠯ᠎ᠡ ᠰᠠᠯᠠᠭ᠎ᠠ ᠮᠥᠴᠢᠷ ᠤᠨ ᠠᠵᠢᠯ ᠤᠨ ᠬᠠᠮ ᠬᠦᠴᠦᠨ  ᠢ ᠲᠥᠪᠯᠡᠷᠡᠭᠦᠯᠵᠦ᠂ ᠪᠠᠭᠰᠢ ᠶᠢᠨ

ᠡᠩᠨᠡᠭᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠯᠠᠪᠳᠠᠭᠤᠨ ᠪᠠᠲᠤᠲᠠᠢ ᠦᠷ᠎ᠡ ᠪᠦᠲᠦᠮᠵᠢ          

ᠣᠯᠪᠠ᠃ 12 ᠶᠡᠭᠡ ᠳᠡᠭᠡᠳᠦ ᠰᠤᠷᠭᠠᠭᠤᠯᠢ  ᠶᠢᠨ ᠬᠢᠨᠠᠨ ᠲᠣᠭᠲᠠᠭᠠᠭᠰᠠᠨ ᠠᠵᠢᠯᠲᠠᠨ ᠤ ᠶᠡᠷᠦᠩᠬᠡᠢ ᠲᠤᠭ᠎ᠠ

18684 ᠪᠠᠶᠢᠵᠤ᠂ ᠰᠢᠨ᠎ᠡ  ᠪᠠᠷ ᠨᠡᠮᠡᠭᠰᠡᠨ ᠡᠵᠡᠮᠳᠡᠯ ᠲᠤᠭ᠎ᠠ 3326 ᠪᠣᠯᠪᠠ︔ ︽ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ︾ ᠶᠢ ᠨᠡᠶᠢᠲᠡᠯᠡᠭᠰᠡᠨ          

ᠪᠥᠭᠡᠳ ᠪᠠᠷᠢᠮᠵᠢᠶ᠎ᠠ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠰᠢᠵᠤ᠂ ᠡᠭᠦᠨ ᠠᠴᠠ ᠡᠬᠢᠯᠡᠨ᠂ ᠮᠠᠨ ᠤ

ᠣᠷᠣᠨ ᠤ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢᠨ ᠪᠠᠷᠢᠮᠵᠢᠶ᠎ᠠ ᠶᠢᠨ ᠳᠣᠭᠲᠠᠯᠴᠠᠭ᠎ᠠ ᠪᠦᠬᠦ

ᠰᠤᠷᠭᠠᠭᠤᠯᠢ ᠶᠢᠨ ᠱᠠᠲᠤ ᠶᠢ ᠬᠠᠮᠤᠷᠪᠠ︔ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ          

 ᠤᠨ ᠰᠤᠷᠭᠠᠨ ᠬᠥᠮᠦᠵᠢᠯ ᠤᠨ ︽ᠬᠤᠣᠰ ᠬᠢᠷᠢ ᠬᠡᠮᠲᠦ︾ ᠪᠠᠭᠰᠢ ᠶᠢ ᠮᠠᠭᠠᠳᠯᠠᠨ ᠲᠣᠭᠲᠠᠭᠠᠵᠤ᠂ ︽ᠬᠤᠣᠰ ᠬᠢᠷᠢ          

ᠬᠡᠮᠲᠦ︾ ᠪᠠᠭᠰᠢ 9702 ᠢ ᠮᠠᠭᠠᠳᠯᠠᠨ ᠲᠣᠭᠲᠠᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ

ᠮᠡᠷᠭᠡᠵᠢᠯ ᠤᠨ ᠬᠢᠴᠢᠶᠡᠯ ᠤᠨ ᠪᠠᠭᠰᠢ ᠶᠢᠨ ᠶᠡᠷᠦᠩᠬᠡᠢ ᠲᠣᠭᠠᠨ ᠤ 57.78% ᠶᠢ ᠡᠵᠡᠯᠡᠪᠡ︔ ᠳᠤᠮᠳᠠᠳᠤ ᠪᠠᠭ᠎ᠠ

ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠲᠤᠷᠰᠢᠯᠲᠠ ᠶᠢᠨ ᠴᠡᠭ ᠢ

ᠪᠦᠬᠦ ᠲᠠᠯ᠎ᠠ ᠪᠠᠷ ᠳᠡᠯᠭᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠳᠤ ᠪᠠᠶᠢᠬᠤ ᠠᠵᠢᠯ ᠤᠨ

ᠪᠠᠶᠢᠷᠢ ᠳᠤ ᠪᠠᠶᠢᠬᠤ ᠪᠠᠭᠰᠢ ᠶᠢ ᠬᠠᠮᠤᠷᠴᠤ᠂ ᠳᠡᠪᠰᠢᠭᠦᠯᠵᠦ ᠪᠣᠯᠬᠤ ᠪᠠ ᠪᠠᠭᠤᠯᠭᠠᠵᠤ ᠪᠣᠯᠬᠤ ᠬᠢᠨᠠᠨ ᠰᠢᠯᠭᠠᠬᠤ

ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃

      ᠲᠠᠪᠤ᠂ ᠳᠡᠭᠡᠳᠦ ᠳᠡᠰ ᠤᠨ ᠴᠢᠳᠠᠪᠤᠷᠢᠲᠠᠨ ᠢ ᠬᠥᠲᠥᠯᠥᠨ ᠬᠥᠮᠦᠵᠢᠭᠦᠯᠬᠦ ᠠᠵᠢᠯ ᠰᠢᠨ᠎ᠡ ᠰᠢᠪᠲᠤᠯᠤᠯᠲᠠ ᠲᠠᠢ

ᠪᠣᠯᠪᠠ᠃ ᠡᠨᠡ ᠨᠢᠭᠡ ᠵᠢᠯ ᠳᠤ᠂ ᠪᠢᠳᠡ ︽ᠭᠠᠳᠠᠭᠰᠢ ᠭᠠᠷᠭᠠᠬᠤ᠂ ᠣᠷᠣᠭᠤᠯᠤᠨ ᠠᠪᠴᠢᠷᠠᠬᠤ︾ ᠶᠢ ᠪᠠᠷᠢᠮᠲᠠᠯᠠᠵᠤ᠂

︽ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ︾ ᠶᠢ ᠴᠢᠬᠤᠯᠠᠴᠢᠯᠠᠨ᠂ ᠳᠡᠭᠡᠳᠦ ᠳᠡᠰ ᠤᠨ ᠴᠢᠳᠠᠪᠤᠷᠢᠲᠠᠨ ᠢ

ᠬᠥᠮᠦᠵᠢᠭᠦᠯᠵᠦ ᠦᠯᠡᠳᠡᠭᠡᠨ ᠬᠡᠷᠡᠭᠯᠡᠬᠦ ᠪᠠᠶᠢᠭᠤᠯᠤᠯ ᠲᠣᠭᠲᠠᠴᠠ ᠶᠢ ᠨᠡᠩ ᠪᠣᠯᠪᠠᠰᠤᠷᠠᠩᠭᠤᠢ ᠪᠣᠯᠭᠠᠪᠠ᠃ ᠪᠢᠳᠡ ︽ᠡᠬᠢ

ᠡᠭᠦᠰᠦᠯ ᠠᠴᠠ ᠨᠢ ᠬᠦᠴᠦᠷᠬᠡᠭ ᠢ ᠪᠣᠶᠢᠵᠢᠭᠤᠯᠬᠤ︾ ᠶᠢ ᠪᠠᠷᠢᠮᠲᠠᠯᠠᠨ᠂ 4 ᠬᠥᠮᠦᠨ ︽ᠴᠠᠩ ᠵᠢᠶᠠᠩ ᠡᠷᠳᠡᠮᠲᠡᠨ ᠢ

ᠬᠥᠬᠢᠭᠦᠯᠦᠨ ᠱᠠᠩᠨᠠᠬᠤ ᠲᠥᠯᠥᠪᠯᠡᠭᠡ︾ ᠶᠢᠨ ᠣᠨᠴᠠ ᠤᠷᠢᠭᠰᠠᠨ ᠫᠷᠤᠹᠧᠰᠰᠤᠷ ᠢᠶᠠᠷ ᠰᠣᠩᠭᠤᠭᠳᠠᠪᠠ︔ 1 ᠬᠥᠮᠦᠨ

ᠵᠠᠯᠠᠭᠤᠴᠤᠳ ᠤᠨ ᠴᠠᠩ ᠵᠢᠶᠠᠩ ᠲᠥᠷᠥᠯ ᠵᠦᠢᠯ ᠳᠤ ᠰᠣᠩᠭᠤᠭᠳᠠᠪᠠ︔ 2 ᠬᠥᠮᠦᠨ ᠤᠯᠤᠰ ᠤᠨ ᠳᠡᠭᠡᠳᠦ ᠳᠡᠰ ᠤᠨ

ᠴᠢᠳᠠᠪᠤᠷᠢᠲᠠᠨ ᠢ ᠣᠨᠴᠠᠭᠠᠢ ᠳᠡᠮᠵᠢᠬᠦ ᠲᠥᠯᠥᠪᠯᠡᠭᠡ ᠶᠢᠨ ᠵᠠᠯᠠᠭᠤ ᠣᠷᠦ᠋ᠢᠯᠠᠭᠰᠠᠨ ᠴᠢᠳᠠᠪᠤᠷᠢᠲᠠᠨ ᠢᠶᠠᠷ

ᠰᠣᠩᠭᠤᠭᠳᠠᠵᠤ᠂ 2 ᠬᠥᠮᠦᠨ ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠢ ᠣᠨᠴᠠᠭᠠᠢ ᠳᠡᠮᠵᠢᠬᠦ

ᠲᠥᠯᠥᠪᠯᠡᠭᠡ ᠶᠢᠨ ᠵᠢᠭᠠᠨ ᠰᠤᠷᠭᠠᠯᠲᠠ ᠶᠢᠨ ᠨᠡᠷᠡᠲᠦ ᠪᠠᠭᠰᠢ ᠪᠠᠷ ᠰᠣᠩᠭᠤᠬᠳᠠᠨ᠂ 2 ᠪᠦᠯᠬᠦᠮ ᠨᠡᠶᠢᠲᠡ ᠪᠦᠬᠦ

ᠤᠯᠤᠰ ᠤᠨ ᠬᠤᠸᠠᠩ ᠳ᠋ᠠ ᠨᠢᠶᠠᠨ ᠮᠠᠶ᠋ᠢᠭ ᠤᠨ ᠪᠠᠭᠰᠢ ᠶᠢᠨ ᠪᠦᠯᠬᠦᠮ ᠢᠶᠠᠷ ᠰᠣᠩᠭᠤᠭᠳᠠᠪᠠ︔ 8 ᠪᠠᠭᠰᠢ

ᠰᠤᠷᠭᠠᠭᠤᠯᠢ ᠶᠢᠨ ᠵᠠᠬᠢᠷᠤᠯ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠬᠤᠣᠰ ᠨᠡᠷᠡᠲᠦ︾ ᠶᠢᠨ

ᠲᠥᠯᠥᠪᠯᠡᠭᠡ ᠳᠤ ᠰᠣᠩᠭᠤᠭᠳᠠᠵᠤ᠂ 6 ᠪᠠᠭᠰᠢ ᠰᠤᠷᠭᠠᠭᠤᠯᠢ ᠶᠢᠨ ᠵᠠᠬᠢᠷᠤᠯ ᠤᠯᠤᠰ ᠤᠨ ᠠᠵᠢᠯ ᠮᠡᠷᠭᠡᠵᠢᠯ ᠤᠨ

ᠰᠤᠷᠭᠠᠭᠤᠯᠢ ᠶᠢᠨ ︽ᠭᠤᠷᠪᠠᠨ ᠨᠡᠷᠡᠲᠦ︾ ᠶᠢᠨ ᠲᠥᠯᠥᠪᠯᠡᠭᠡ ᠳᠤ  ᠰᠣᠩᠭᠤᠭᠳᠠᠨ᠂ ︽ᠳᠠᠭᠤᠷᠢᠰᠬᠠᠯ︾ ᠪᠠᠭᠰᠢ ᠶᠢᠨ

ᠡᠩᠨᠡᠭᠡᠨ ᠤ ᠬᠥᠮᠦᠵᠢᠯ ᠰᠢᠨ᠎ᠡ ᠠᠬᠢᠴᠠ ᠲᠠᠢ ᠪᠣᠯᠪᠠ᠃

      ᠳᠠᠷᠠᠭ᠎ᠠ ᠠᠯᠬᠤᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂

ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠨᠳᠥᠷ ᠬᠡᠪ ᠴᠢᠨᠠᠷ ᠲᠠᠢ ᠪᠠᠭᠰᠢ ᠶᠢᠨ

ᠡᠩᠨᠡᠭᠡ ᠶᠢ ᠬᠥᠮᠦᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ

ᠳᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂

ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠷᠠᠭᠠᠯᠵᠠᠯ ᠢ

ᠪᠠᠲᠤᠯᠠᠬᠤ ᠡᠷᠴᠢᠮ ᠢ ᠴᠢᠩᠭᠠᠷᠠᠭᠤᠯᠤᠨ᠂ ᠢᠷᠠᠭᠤ ᠠᠯᠳᠠᠷ ᠢ ᠬᠥᠬᠢᠭᠦᠯᠦᠨ ᠱᠠᠩᠨᠠᠬᠤ ᠳᠣᠭᠲᠠᠯᠴᠠᠭ᠎ᠠ ᠶᠢ

ᠲᠡᠭᠦᠯᠳᠡᠷᠵᠢᠭᠦᠯᠵᠦ᠂ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ

ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠂ ᠪᠠᠭᠰᠢ ᠶᠢᠨ ᠠᠵᠢᠯ ᠢ ᠬᠠᠮᠤᠭ ᠤᠨ ᠨᠡᠶᠢᠭᠡᠮ ᠤᠨ ᠬᠦᠨᠳᠦᠳᠬᠡᠯ

ᠪᠠ ᠬᠥᠮᠦᠰ ᠤᠨ ᠪᠠᠭ᠋ᠠᠷᠬᠠᠯ ᠢ ᠭᠦᠷᠲᠡᠳᠡᠭ ᠠᠵᠢᠯ ᠮᠡᠷᠭᠡᠵᠢᠯ ᠪᠣᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ

ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ

ᠮᠠᠨᠳᠤᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map