ᠴᠢᠬᠤᠯᠠ ᠮᠡᠳᠡᠭᠡ︕ 2024 ᠣᠨ ᠤ ᠪᠦᠬᠦ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/12
      1 ᠰᠠᠷ᠎ᠠ ᠶᠢᠨ 11 ᠤ ᠡᠳᠦᠷ᠂ 2024 ᠣᠨ ᠤ ᠪᠦᠬᠦ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠢ ᠪᠡᠭᠡᠵᠢᠩ ᠳᠤ ᠬᠤᠷᠠᠯᠳᠤᠭᠤᠯᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ ᠢᠶᠠᠨ ᠳ᠋ᠦᠩᠨᠡᠨ᠂ ᠪᠠᠶᠢᠳᠠᠯ ᠢ ᠵᠠᠳᠠᠯᠵᠤ᠂ ᠪᠦᠬᠦ ᠵᠢᠯ ᠤᠨ ᠰᠤᠷᠭᠠᠨ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠳᠠᠷᠤᠭ᠎ᠠ᠂ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤᠸᠠᠢ ᠶᠢᠨ ᠫᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1.jpg

2.jpg

      ᠬᠤᠷᠠᠯ ᠠᠴᠠ᠂ ︽ᠬᠤᠶᠠᠷ ᠢ ᠳᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ

ᠣᠶᠢᠯᠠᠭᠠᠵᠤ᠂ ᠲᠣᠭᠲᠠᠭᠤᠨ ᠢᠶᠠᠷ ᠤᠷᠤᠭᠰᠢᠯᠠᠵᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠤᠨ᠂

ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ

ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠬᠤ ᠪᠠᠷ

ᠠᠵᠢᠯ ᠤᠨ ᠭᠤᠣᠯ ᠰᠢᠵᠢᠮ ᠪᠣᠯᠭᠠᠨ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠦᠨ ᠴᠢᠨᠠᠷ ᠴᠢᠨᠰᠠᠭ᠎ᠠ ᠶᠢ

ᠪᠦᠬᠦ ᠲᠠᠯ᠎ᠠ ᠪᠠᠷ ᠳᠡᠭᠡᠭᠰᠢᠯᠡᠭᠦᠯᠬᠦ᠂ ᠥᠨᠳᠥᠷ ᠲᠦᠪᠰᠢᠨᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠᠷ

ᠲᠤᠯᠭᠠᠭᠤᠷᠢᠯᠠᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂

ᠥᠭᠡᠷᠡᠴᠢᠯᠡᠯᠲᠡ ᠶᠢ ᠴᠠᠭᠠᠰᠢᠲᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠦᠨᠳᠦᠰᠦᠨ ᠬᠥᠳᠡᠯᠭᠡᠬᠦ ᠬᠦᠴᠦᠨ

ᠪᠣᠯᠭᠠᠨ᠂ ᠰᠤᠷᠭᠠᠨ ᠬᠥᠮᠦᠵᠢᠯ ᠤᠨ ᠲᠣᠭᠠᠵᠢᠭᠤᠯᠤᠯᠲᠠ᠂ ᠳᠡᠯᠡᠬᠡᠶᠢᠵᠢᠯᠲᠡ᠂ ᠪᠣᠬᠢᠷᠲᠤᠯ ᠦᠭᠡᠢ ᠴᠢᠭᠯᠡᠯ ᠲᠡᠶᠢᠰᠢ

ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠵᠦ᠂ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ

ᠥᠳᠲᠡᠷ ᠲᠦᠷᠭᠡᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ

ᠡᠷᠬᠢᠯᠡᠨ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠪᠦᠬᠦ

ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂

ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ

ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠰᠠᠶ᠋ᠢᠬᠠᠨ ᠥᠩᠭᠡᠷᠡᠭᠰᠡᠨ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ

ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠨᠢᠭᠡ ᠵᠢᠯ᠂ ︽ᠠᠷᠪᠠᠨ ᠳᠥᠷᠪᠡᠳᠦᠭᠡᠷ

ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ

ᠵᠠᠩᠭᠢᠯᠠᠭ᠎ᠠ ᠶᠢᠨ ᠨᠢᠭᠡ ᠵᠢᠯ᠂ ᠪᠠᠰᠠ ᠴᠤ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠤ ᠳᠠᠷᠠᠭᠠᠬᠢ ᠰᠢᠯᠵᠢᠯᠲᠡ ᠶᠢᠨ ᠱᠠᠲᠤᠨ ᠤ ᠠᠵᠤ ᠠᠬᠤᠢ ᠶᠢᠨ

ᠰᠡᠷᠭᠦᠯᠲᠡ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ᠂

ᠪᠠᠶᠢᠷᠢᠯᠠᠭᠤᠯᠤᠯᠲᠠ᠂ ᠠᠬᠢᠭᠤᠯᠤᠯ ᠢᠶᠠᠷ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠬᠦᠰᠡᠯ ᠨᠠᠶᠢᠳᠠᠯᠭ᠎ᠠ ᠶᠢ

ᠪᠠᠲᠤ ᠴᠡᠭᠡᠵᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ

ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠺᠠᠳ᠋ᠷ ᠪᠠᠭᠰᠢ ᠰᠤᠷᠤᠭᠴᠢᠳ

︽ᠬᠤᠶᠠᠷ ᠢ ᠳᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ︽ᠬᠤᠶᠠᠷ ᠢ

ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ

ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠪᠠ︔ ᠰᠤᠷᠭᠠᠨ ᠬᠥᠮᠦᠵᠢᠯ ᠤᠨ ᠬᠦᠴᠦᠷᠬᠡᠭ

ᠤᠯᠤᠰ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠲᠣᠪᠴᠢ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ

ᠬᠦᠴᠦᠨ ᠢᠶᠠᠷ ᠠᠬᠢᠭᠤᠯᠵᠤ᠂ ︽ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠳᠤ ᠰᠤᠷᠭᠠᠨ

ᠬᠥᠮᠦᠵᠢᠯ ᠶᠠᠭᠤ ᠬᠢᠬᠦ ᠪᠣᠢ︾ ᠭᠡᠬᠦ ᠴᠠᠭ ᠦᠶ᠎ᠡ ᠶᠢᠨ ᠰᠡᠳᠦᠪ ᠢ ᠨᠠᠷᠢᠨ ᠬᠢᠨᠠᠮᠠᠭᠠᠢ ᠪᠣᠳᠣᠯᠬᠢᠯᠠᠵᠤ ᠬᠠᠷᠢᠭᠤᠯᠪᠠ︔

ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂

ᠰᠤᠷᠤᠭᠴᠢᠳ ᠤᠨ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ

ᠵᠡᠷᠭᠡ ᠪᠦᠬᠦ ᠲᠠᠯ᠎ᠠ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠪᠠ︔ ᠨᠠᠮ ᠪᠠ ᠤᠯᠤᠰ ᠤᠨ ᠴᠢᠬᠤᠯᠠ ᠶᠡᠭᠡ

ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠳᠬᠤᠵᠤ᠂ ᠰᠤᠷᠭᠠᠨ ᠬᠥᠮᠦᠵᠢᠯ᠂ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠭᠦᠨᠵᠡᠭᠡᠢ ᠠᠭᠤᠰᠤᠯᠴᠠᠭ᠎ᠠ ᠶᠢ ᠥᠳᠲᠡᠷ ᠲᠦᠷᠭᠡᠨ ᠠᠬᠢᠭᠤᠯᠪᠠ︔

ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ

ᠦᠢᠯᠡᠳᠦᠯᠭᠡᠵᠢᠭᠦᠯᠵᠦ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠰᠤᠷᠭᠠᠨ

ᠬᠥᠮᠦᠵᠢᠯ ᠤᠨ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠪᠡ︔ ᠰᠤᠷᠭᠠᠨ ᠬᠥᠮᠦᠵᠢᠯ ᠤᠨ ᠬᠦᠷᠢᠶᠡᠨ ᠤ

ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠯᠠᠮ ᠭᠦᠨᠵᠡᠭᠡᠢ ᠠᠬᠢᠭᠤᠯᠤᠨ᠂ ᠰᠤᠷᠭᠠᠨ ᠬᠥᠮᠦᠵᠢᠯ ᠤᠨ ᠰᠢᠰᠲ᠋ᠧᠮ ᠤᠨ

ᠠᠮᠤᠷ ᠲᠣᠭᠲᠠᠭᠤᠨ ᠤ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠶᠢᠭᠤᠯᠬᠤ ᠶᠢ ᠠᠬᠢᠭᠤᠯᠪᠠ︔ ᠤᠯᠤᠰ ᠤᠨ

ᠶᠡᠷᠦᠩᠬᠡᠶᠢᠯᠡᠭᠰᠡᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠰᠤᠷᠭᠠᠨ

ᠬᠥᠮᠦᠵᠢᠯ ᠤᠨ ᠰᠢᠰᠲ᠋ᠧᠮ ᠤᠨ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠲᠤᠯᠠᠬᠤ ᠶᠢ

ᠠᠬᠢᠭᠤᠯᠪᠠ︔ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠪᠣᠯᠤᠨ ᠨᠠᠮ ᠢ ᠪᠦᠬᠦ ᠲᠠᠯ᠎ᠠ ᠪᠠᠷ

ᠴᠢᠩᠭ᠎ᠠ ᠵᠠᠰᠠᠬᠤ ᠠᠵᠢᠯ ᠢ ᠬᠦᠴᠦᠯᠡᠨ ᠴᠢᠩᠭᠠᠳᠬᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ

ᠦᠷᠭᠦᠯᠵᠢᠯᠡᠨ ᠭᠦᠨᠵᠡᠭᠡᠶᠢᠷᠡᠭᠦᠯᠵᠦ ᠪᠣᠳᠠᠲᠠᠶᠢᠵᠢᠭᠤᠯᠬᠤ ᠶᠢ ᠠᠬᠢᠭᠤᠯᠪᠠ᠃ ᠨᠢᠭᠡ ᠵᠢᠯ ᠤᠨ ᠲᠤᠷᠰᠢ᠂ ᠰᠤᠷᠭᠠᠨ

ᠬᠥᠮᠦᠵᠢᠯ ᠤᠨ ᠰᠢᠰᠲ᠋ᠧᠮ ᠢᠮᠠᠭᠲᠠ ᠤᠯᠤᠰ ᠲᠥᠷᠥ ᠶᠢᠨ ᠲᠠᠯ᠎ᠠ ᠠᠴᠠ ᠰᠤᠷᠭᠠᠨ ᠬᠥᠮᠦᠵᠢᠯ ᠢ ᠦᠵᠡᠬᠦ᠂ ᠠᠷᠠᠳ ᠤᠨ

ᠠᠮᠢᠳᠤᠷᠠᠯ ᠤᠨ ᠲᠠᠯ᠎ᠠ ᠠᠴᠠ ᠰᠤᠷᠭᠠᠨ ᠬᠥᠮᠦᠵᠢᠯ ᠢ ᠠᠳᠬᠤᠬᠤ᠂ ᠵᠢᠮ᠎ᠡ ᠶᠣᠰᠣᠨ ᠤ ᠲᠠᠯ᠎ᠠ ᠠᠴᠠ ᠰᠤᠷᠭᠠᠨ

ᠬᠥᠮᠦᠵᠢᠯ ᠢ ᠡᠷᠬᠢᠯᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ  ᠤᠨ ᠦᠢᠯᠡᠰ ᠤᠨ ᠰᠢᠨ᠎ᠡ ᠰᠢᠪᠲᠤᠯᠤᠯᠲᠠ ᠲᠠᠢ

ᠪᠣᠯᠬᠤ ᠶᠢ ᠠᠬᠢᠭᠤᠯᠤᠨ᠂ ᠰᠤᠷᠭᠠᠨ ᠬᠥᠮᠦᠵᠢᠯ  ᠤᠨ ᠴᠢᠨᠠᠷᠯᠢᠭ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ᠂ ᠨᠠᠮ

ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠰᠢᠨ᠎ᠡ ᠬᠤᠪᠢ ᠨᠡᠮᠡᠷᠢ ᠦᠵᠡᠭᠦᠯᠪᠡ᠃

      ᠬᠤᠷᠠᠯ ᠠᠴᠠ᠂ 2035 ᠣᠨ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ

ᠬᠠᠷᠠᠯᠲᠠ ᠶᠢ ᠲᠣᠭᠲᠠᠭᠠᠬᠤ ᠳᠤ᠂ ᠡᠷᠬᠡᠪᠰᠢ ᠰᠤᠷᠭᠠᠨ ᠬᠥᠮᠦᠵᠢᠯ ᠤᠨ ᠭᠠᠳᠠᠨ᠎ᠠ ᠠᠴᠠ ᠰᠤᠷᠭᠠᠨ ᠬᠥᠮᠦᠵᠢᠯ ᠢ

ᠦᠵᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ

ᠤᠯᠤᠰ ᠲᠥᠷᠥ ᠳᠤ ᠠᠩᠬᠠᠷᠤᠯ ᠢᠶᠠᠨ ᠬᠠᠨᠳᠤᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠭᠤᠣᠯ

ᠰᠢᠪᠲᠤᠯᠤᠯᠲᠠ ᠶᠢᠨ ᠴᠢᠭᠯᠡᠯ ᠪᠣᠯᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠭᠦᠨᠵᠡᠭᠡᠢ ᠲᠠᠨᠢᠵᠤ᠂

ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠣᠯᠤᠨ ᠪᠠᠶᠢᠯᠳᠤᠬᠤ ᠪᠣᠳᠣᠯᠭ᠎ᠠ ᠶᠢᠨ  ᠰᠡᠳᠬᠢᠮᠵᠢ ᠶᠢ ᠴᠢᠩᠭᠠᠳᠬᠠᠨ᠂

ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠲᠤᠯᠭᠠᠭᠤᠷᠢᠯᠠᠵᠤ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠬᠤ ᠰᠢᠨ᠎ᠡ ᠬᠠᠭᠤᠳᠠᠰᠤ ᠶᠢ ᠰᠠᠶᠢᠲᠤᠷ

ᠪᠢᠴᠢᠭᠯᠡᠬᠦ ᠬᠡᠷᠡᠭᠲᠡᠢ᠃ ᠨᠢᠭᠡ ᠳᠤ᠂ ᠰᠤᠷᠭᠠᠨ ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ ᠢ ᠪᠠᠲᠤ

ᠡᠵᠡᠮᠳᠡᠵᠦ᠂ ᠤᠯᠤᠰ ᠤᠨ ᠠᠰᠢᠭ ᠲᠤᠰᠠ ᠶᠢ ᠪᠣᠳᠣᠯᠬᠢᠯᠠᠭᠰᠠᠨ ᠶᠡᠭᠡ ᠤᠯᠤᠰ ᠲᠥᠷᠥ ᠶᠢᠨ ᠲᠠᠯ᠎ᠠ ᠠᠴᠠ ᠰᠤᠷᠭᠠᠨ

ᠬᠥᠮᠦᠵᠢᠯ ᠢ ᠦᠵᠡᠬᠦ ᠶᠢ ᠨᠡᠩ ᠲᠤᠪᠤᠶᠢᠯᠭᠠᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ

ᠵᠠᠯᠭᠠᠮᠵᠢᠯᠠᠭᠴᠢ ᠶᠢ ᠡᠷᠡᠰ ᠭᠤᠶᠢᠪᠢᠰᠢ ᠦᠭᠡᠢ ᠬᠥᠮᠥᠵᠢᠭᠦᠯᠦᠨ᠎ᠡ᠃ ᠬᠤᠶᠠᠷ ᠲᠤ᠂ ᠰᠤᠷᠭᠠᠨ ᠬᠥᠮᠦᠵᠢᠯ ᠤᠨ

ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠠᠲᠤ ᠡᠵᠡᠮᠳᠡᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠠᠬᠢᠭᠤᠯᠬᠤ ᠶᠡᠭᠡ ᠪᠠᠶᠢᠯᠳᠤᠬᠤ ᠪᠣᠳᠣᠯᠭ᠎ᠠ ᠶᠢᠨ

ᠲᠠᠯ᠎ᠠ ᠠᠴᠠ ᠰᠤᠷᠭᠠᠨ ᠬᠥᠮᠦᠵᠢᠯ ᠢ ᠡᠷᠬᠢᠯᠡᠬᠦ ᠶᠢ ᠨᠡᠩ ᠳᠤᠪᠤᠶᠢᠯᠭᠠᠵᠤ᠂ ᠨᠡᠶᠢᠭᠡᠮ  ᠵᠢᠷᠤᠮᠲᠤ ᠣᠳᠣᠬᠢᠴᠢᠯᠠᠭᠰᠠᠨ

ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠡᠰ ᠭᠤᠶᠢᠪᠢᠰᠢ ᠦᠭᠡᠢ ᠦᠢᠯᠡᠴᠢᠯᠡᠨ᠎ᠡ᠃ ᠭᠤᠷᠪᠠ ᠳᠤ᠂

ᠰᠤᠷᠭᠠᠨ ᠬᠥᠮᠦᠵᠢᠯ ᠤᠨ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠪᠠᠲᠤ ᠡᠵᠡᠮᠳᠡᠵᠦ᠂ ᠠᠵᠤ ᠠᠬᠤᠢ

ᠨᠡᠶᠢᠭᠡᠮ ᠤᠨ ᠬᠥᠭᠵᠢᠯᠲᠡ ᠶᠢᠨ ᠶᠡᠭᠡ ᠠᠷᠠᠳ ᠤᠨ ᠠᠮᠢᠳᠤᠷᠠᠯ ᠤᠨ ᠲᠠᠯ᠎ᠠ ᠠᠴᠠ ᠰᠤᠷᠭᠠᠨ ᠬᠥᠮᠦᠵᠢᠯ ᠢ

ᠠᠳᠬᠤᠬᠤ ᠶᠢ ᠨᠡᠩ ᠲᠣᠪᠤᠶᠢᠯᠭᠠᠨ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠢᠯᠡᠭᠦᠦ ᠨᠡᠩ ᠭᠤᠣᠯᠴᠢ ᠪᠠᠷ

ᠬᠠᠮᠤᠭ ᠤᠨ ᠥᠷᠭᠡᠨ ᠣᠯᠠᠨ ᠠᠷᠠᠳ ᠲᠦᠮᠡᠨ ᠳᠤ ᠠᠰᠢᠭ ᠬᠦᠷᠲᠡᠭᠡᠬᠦ ᠶᠢ ᠡᠷᠡᠰ ᠭᠤᠶᠢᠪᠢᠰᠢ ᠦᠭᠡᠢ          

ᠠᠬᠢᠭᠤᠯᠤᠨ᠎ᠠ᠃ ᠰᠤᠷᠭᠠᠨ ᠬᠥᠮᠦᠵᠢᠯ ᠪᠣᠯᠤᠨ ᠳᠤᠮᠳᠠᠳᠤ ᠤᠯᠤᠰ ᠤᠨ ᠬᠠᠷᠢᠴᠠᠭ᠎ᠠ ᠶᠢ ᠣᠨᠣᠪᠴᠢᠲᠠᠢ ᠡᠵᠡᠮᠳᠡᠵᠦ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠠᠴᠠ ᠪᠠᠶᠢᠷᠢ ᠲᠣᠭᠲᠠᠭᠠᠯᠲᠠ ᠪᠠᠨ

ᠣᠨᠣᠪᠴᠢᠲᠠᠢ ᠣᠯᠵᠤ᠂ ᠴᠢᠭᠯᠡᠯ ᠢᠶᠠᠨ ᠲᠣᠳᠣᠷᠬᠠᠶᠢᠯᠠᠨ᠂ ᠶᠠᠭᠠᠬᠢᠵᠤ ᠪᠠᠶᠢᠳᠠᠯ ᠢ ᠡᠪᠳᠡᠵᠦ᠂ ᠶᠠᠭᠠᠬᠢᠵᠤ ᠰᠢᠨ᠎ᠡ

ᠪᠠᠶᠢᠳᠠᠯ ᠢ ᠨᠡᠭᠡᠭᠡᠬᠦ ᠶᠢ ᠲᠣᠳᠤᠷᠬᠠᠶᠢᠯᠠᠨ᠎ᠠ᠃ ᠳᠤᠮᠳᠠᠳᠤ ᠤᠯᠤᠰ ᠤᠨ ᠰᠤᠷᠭᠠᠨ ᠬᠥᠮᠦᠵᠢᠯ ᠪᠣᠯᠤᠨ ᠳᠡᠯᠡᠬᠡᠢ ᠶᠢᠨ

ᠬᠠᠷᠢᠴᠠᠭ᠎ᠠ  ᠶᠢ ᠣᠨᠣᠪᠴᠢᠲᠠᠢ ᠡᠵᠡᠮᠳᠡᠵᠦ᠂ ᠣᠯᠠᠨ ᠤᠯᠤᠰ ᠤᠨ ᠰᠢᠨ᠎ᠡ ᠪᠠᠶᠢᠷᠢᠰᠢᠯᠠᠭᠤᠯᠤᠯᠲᠠ ᠶᠢᠨ ᠶᠠᠪᠤᠴᠠ ᠳᠤ

ᠳᠤᠲᠠᠭᠤᠳᠠᠯ ᠢᠶᠠᠨ ᠨᠥᠬᠦᠪᠦᠷᠢᠯᠡᠨ᠂ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠵᠤ᠂ ᠴᠢᠬᠤᠯᠠ ᠨᠥᠯᠥᠭᠡᠯᠡᠬᠦ

ᠬᠦᠴᠦᠨ ᠪᠥᠬᠦᠢ ᠳᠡᠯᠡᠬᠡᠢ ᠶᠢᠨ ᠰᠤᠷᠭᠠᠨ ᠬᠥᠮᠦᠵᠢᠯ ᠤᠨ ᠲᠥᠪ ᠢ ᠲᠦᠷᠭᠡᠳᠬᠡᠨ ᠪᠠᠶᠢᠭᠤᠯᠤᠨ᠎ᠠ ᠭᠡᠵᠦ

ᠴᠢᠬᠤᠯᠠᠴᠢᠯᠠᠪᠠ᠃

      ᠬᠤᠷᠠᠯ ᠠᠴᠠ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠦᠢᠯᠡᠴᠢᠯᠡᠬᠦ ᠡᠨᠡ ᠬᠦ ᠬᠠᠲᠠᠭᠤ

ᠶᠣᠰᠣ ᠤᠴᠢᠷ ᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠳᠤᠮᠳᠠᠳᠤ ᠤᠯᠤᠰ ᠤᠨ ᠣᠨᠴᠠᠯᠢᠭ᠂

ᠳᠡᠯᠡᠬᠡᠢ ᠶᠢᠨ ᠬᠢᠷᠢ ᠲᠦᠪᠰᠢᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠤᠭ᠎ᠠ ᠵᠣᠬᠢᠴᠠᠭᠰᠠᠨ

ᠴᠢᠨᠠᠷᠯᠢᠭ ᠰᠤᠷᠭᠠᠨ ᠬᠥᠮᠦᠵᠢᠯ  ᠤᠨ ᠳᠣᠭᠲᠠᠯᠴᠠᠭ᠎ᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ

ᠤᠯᠤᠰ ᠢ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢ ᠪᠣᠳᠠᠲᠠᠶᠢᠵᠢᠭᠤᠯᠤᠨ  ᠨᠠᠶᠢᠳᠠᠪᠤᠷᠢᠵᠢᠭᠤᠯᠵᠤ

ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠨᠢᠭᠡ ᠳᠤ᠂ ᠶᠣᠰᠣ ᠰᠤᠷᠲᠠᠬᠤᠨ ᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ

ᠨᠠᠶᠢᠳᠠᠪᠤᠷᠢᠵᠢᠭᠤᠯᠬᠤ ᠰᠢᠨ᠎ᠡ ᠠᠮᠢ ᠠᠬᠤᠢ ᠰᠢᠨ᠎ᠡ  ᠪᠠᠶᠢᠷᠢᠰᠢᠯᠠᠭᠤᠯᠤᠯᠲᠠ ᠶᠢ ᠬᠦᠴᠦᠯᠡᠨ ᠪᠠᠶᠢᠭᠤᠯᠬᠤ          

ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠰᠦᠭ ᠢ ᠱᠤᠭᠤᠵᠤ ᠬᠥᠮᠦᠨ ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂

ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠵᠢᠭᠠᠬᠤ

ᠮᠠᠲ᠋ᠧᠷᠢᠶᠠᠯ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠪᠡᠶ᠎ᠡ ᠰᠡᠳᠬᠢᠯ ᠤᠨ

ᠡᠷᠡᠭᠦᠯ ᠮᠡᠨᠳᠦ ᠪᠠᠷ ᠰᠢᠪᠲᠤᠯᠤᠯᠲᠠ ᠶᠢᠨ ᠴᠡᠭ ᠪᠣᠯᠭᠠᠨ ᠲᠠᠪᠤᠨ ᠬᠥᠮᠦᠵᠢᠯ ᠢ ᠵᠡᠷᠭᠡ ᠪᠠᠷ ᠠᠳᠬᠤᠬᠤ  ᠶᠢ

ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷᠯᠢᠭ ᠭᠦᠢᠴᠡᠳ ᠠᠵᠢᠯ ᠣᠯᠬᠤ ᠶᠢ

ᠠᠬᠢᠭᠤᠯᠤᠨ᠂ ᠰᠤᠷᠤᠭᠴᠢᠳ ᠢ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠠᠷ ᠬᠥᠲᠦᠯᠦᠨ

ᠵᠢᠯᠣᠭᠤᠳᠤᠨ᠎ᠠ᠃

      ᠬᠤᠶᠠᠷ ᠲᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠠᠭᠠᠭᠤᠯᠤᠭᠴᠢ ᠦᠢᠯᠡᠳᠦᠯ ᠢ ᠴᠢᠩᠭᠠᠳᠬᠠᠬᠤ

ᠬᠡᠷᠡᠭᠲᠡᠢ᠃ ︽ᠬᠤᠶᠠᠷ ᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ︾ ᠶᠢ ᠦᠷᠭᠦᠯᠵᠢᠯᠡᠨ ᠰᠠᠶᠢᠲᠤᠷ

ᠠᠳᠬᠤᠵᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠶᠡᠭᠡ

ᠳᠡᠭᠡᠳᠦ ᠰᠤᠷᠭᠠᠭᠤᠯᠢ ᠶᠢᠨ ᠰᠠᠭᠤᠷᠢ ᠰᠤᠳᠤᠯᠭᠠᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂

ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠮᠡᠷᠭᠡᠵᠢᠯ ᠤᠨ

ᠤᠯᠠᠷᠢᠯᠠᠭᠤᠯᠤᠯᠲᠠ ᠪᠠᠷ ᠬᠤᠯᠪᠣᠭᠠᠰᠤ ᠪᠣᠯᠭᠠᠨ ︽ᠳᠥᠷᠪᠡᠨ ᠬᠡᠯᠬᠢᠶ᠎ᠡ︾ ᠶᠢᠨ ᠠᠭᠤᠰᠤᠯᠴᠠᠭ᠎ᠠ ᠶᠢ ᠠᠬᠢᠭᠤᠯᠵᠤ᠂

ᠲᠥᠷᠥ ᠶᠢ ᠵᠠᠰᠠᠵᠤ ᠵᠠᠰᠠᠭ ᠢ ᠡᠷᠬᠢᠯᠡᠬᠦ ᠳᠤ ᠦᠢᠯᠡᠴᠢᠯᠡᠨ᠂ ᠶᠡᠭᠡ ᠳᠡᠭᠡᠳᠦ ᠰᠤᠷᠭᠠᠭᠤᠯᠢ ᠶᠢᠨ ᠭᠦᠨ ᠤᠬᠠᠭᠠᠨ

ᠨᠡᠶᠢᠭᠡᠮ ᠤᠨ ᠰᠢᠨᠵᠢᠯᠡᠬᠦ ᠤᠬᠠᠭᠠᠨ ᠤ  ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃

      ᠭᠤᠷᠪᠠ ᠳᠤ᠂ ᠰᠠᠭᠤᠷᠢ ᠰᠤᠷᠭᠠᠨ ᠬᠥᠮᠦᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ          

ᠬᠡᠷᠡᠭᠲᠡᠢ᠃ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢ ᠪᠣᠳᠣᠯᠬᠢᠯᠠᠨ ᠪᠠᠷᠠᠯᠠᠯᠲᠤ ᠴᠢᠨᠠᠷ ᠲᠠᠢ

ᠪᠠᠶᠢᠷᠢᠰᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ

ᠰᠢᠯᠢᠳᠡᠭ ᠢ ᠥᠷᠭᠡᠳᠬᠡᠬᠦ ᠢᠨᠵᠧᠨᠧᠷᠢᠩ ᠢ ᠭᠦᠨᠵᠡᠭᠡᠶᠢᠷᠡᠭᠦᠯᠦᠨ᠂ ︽ᠬᠤᠶᠠᠷ ᠢ ᠬᠥᠩᠭᠡᠷᠡᠭᠦᠯᠬᠦ︾ ᠦᠷ᠎ᠡ

ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠪᠠ

ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ᠂ ᠤᠯᠤᠰ ᠤᠨ ᠪᠠᠶᠠᠨ ᠬᠦᠴᠦᠷᠬᠡᠭ ᠪᠠ ᠦᠨᠳᠦᠰᠦᠲᠡᠨ ᠤ ᠰᠡᠷᠭᠦᠨ

ᠮᠠᠨᠳᠤᠯᠲᠠ  ᠶᠢᠨ ᠰᠠᠭᠤᠷᠢ ᠶᠢ ᠪᠠᠬᠢᠵᠢᠭᠦᠯᠵᠦ᠂ ᠨᠥᠭᠡᠴᠡ ᠬᠦᠴᠦᠨ ᠢ ᠬᠤᠷᠠᠮᠳᠤᠭᠤᠯᠤᠨ᠎ᠠ᠃

      ᠳᠥᠷᠪᠡ ᠳᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠪᠣᠯᠤᠨ ᠲᠠᠲᠠᠬᠤ

ᠬᠦᠴᠦᠨ ᠢ ᠨᠡᠮᠡᠭᠳᠡᠭᠦᠯᠬᠦ ᠬᠡᠷᠡᠭᠲᠡᠢ᠃ ᠠᠵᠤ ᠦᠢᠯᠡᠰ ᠲᠠᠢ ᠤᠶᠠᠯᠳᠤᠭᠤᠯᠬᠤ᠂ ᠣᠷᠣᠨ ᠨᠤᠲᠤᠭ ᠪᠠ ᠵᠠᠰᠠᠭ ᠤᠨ

ᠣᠷᠳᠣᠨ ᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠬᠤ᠂ ᠨᠡᠶᠢᠭᠡᠮ ᠤᠨ ᠣᠷᠣᠨ ᠪᠦᠰᠡ ᠶᠢᠨ ᠪᠦᠲᠦᠴᠡ ᠲᠠᠢ

ᠤᠶᠠᠯᠳᠤᠭᠤᠯᠬᠤ᠂ ᠬᠤᠪᠢ ᠬᠥᠮᠦᠨ ᠤ ᠨᠠᠰᠤᠨ ᠲᠤᠷᠰᠢᠳᠠ ᠶᠢᠨ ᠰᠤᠷᠤᠯᠴᠠᠯᠭ᠎ᠠ ᠲᠠᠢ ᠤᠶᠠᠯᠳᠤᠭᠤᠯᠬᠤ ᠶᠢ

ᠪᠠᠷᠢᠮᠲᠠᠯᠠᠵᠤ᠂ ᠮᠤᠵᠢ ᠶᠢᠨ ᠬᠡᠪᠴᠢᠶᠡᠨ ᠤ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠬᠤᠲᠠ ᠶᠢᠨ

ᠬᠡᠪᠴᠢᠶᠡᠨ ᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ᠂ ᠠᠵᠢᠯ ᠲᠥᠷᠥᠯ ᠤᠨ

ᠠᠵᠤ ᠦᠢᠯᠡᠳᠪᠦᠷᠢ ᠪᠠ ᠰᠤᠷᠭᠠᠨ ᠬᠥᠮᠥᠵᠢᠯ ᠢ ᠠᠭᠤᠰᠬᠠᠬᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠯᠢ

ᠲᠦᠷᠭᠡᠨ ᠢᠶᠠᠷ ᠰᠢᠪᠲᠤᠯᠤᠯᠲᠠ ᠲᠠᠢ ᠪᠣᠯᠭᠠᠬᠤ ᠶᠢ ᠠᠬᠢᠭᠤᠯᠵᠤ᠂ ᠬᠥᠮᠦᠨ ᠤ ᠥᠰᠦᠨ ᠪᠤᠶᠢᠵᠢᠯᠲᠠ ᠪᠠᠷ ᠭᠤᠣᠯ

ᠪᠣᠯᠭᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠦᠨᠳᠦᠰᠦᠨ ᠴᠢᠬᠤᠯᠠ ᠠᠭᠤᠯᠭ᠎ᠠ

ᠪᠣᠯᠭᠠᠵᠤ᠂ ᠰᠤᠷᠭᠠᠭᠤᠯᠢ ᠡᠷᠬᠢᠯᠡᠬᠦ ᠴᠢᠨᠠᠷ ᠴᠢᠨᠰᠠᠭᠠᠨ ᠤ ᠬᠢᠷᠢ ᠲᠦᠪᠰᠢᠨ ᠥᠨᠳᠥᠷ᠂ ᠠᠵᠤ ᠦᠢᠯᠡᠳᠪᠦᠷᠢ ᠪᠠ

ᠰᠤᠷᠭᠠᠨ ᠬᠥᠮᠥᠵᠢᠯ ᠤᠨ ᠬᠠᠮᠲᠤᠷᠠᠯᠴᠠᠭ᠎ᠠ ᠴᠢᠨᠠᠷᠯᠢᠭ ᠪᠠᠶᠢᠬᠤ ᠶᠢ ᠪᠡᠶᠡᠯᠡᠭᠦᠯᠦᠨ᠎ᠡ᠃

      ᠲᠠᠪᠤ ᠳᠤ᠂ ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠰᠢᠨ᠎ᠡ ᠤᠷᠤᠯᠳᠤᠭᠠᠨ ᠢ ᠲᠠᠰᠤᠷᠠᠯᠲᠠ ᠦᠭᠡᠢ

ᠨᠡᠭᠡᠭᠡᠬᠦ ᠬᠡᠷᠡᠭᠲᠡᠢ᠃ ᠬᠡᠷᠡᠭᠯᠡᠬᠦ ᠪᠠᠷ ᠭᠤᠣᠯ ᠪᠣᠯᠭᠠᠨ  ᠬᠤᠷᠠᠮᠳᠤᠭᠤᠯᠬᠤ ᠵᠠᠮ  ᠢᠶᠠᠷ ᠵᠠᠮᠨᠠᠬᠤ ᠶᠢ ᠪᠠᠷᠢᠮᠲᠠᠯᠠᠨ᠂

ᠣᠶᠤᠨᠴᠢᠯᠠᠯᠲᠠ ᠪᠠᠷ ᠰᠤᠷᠭᠠᠨ ᠬᠥᠮᠦᠵᠢᠯ ᠤᠨ ᠵᠠᠰᠠᠯᠲᠠ ᠳᠤ ᠡᠨᠧᠷᠭᠢ ᠣᠯᠭᠤᠵᠤ᠂ ᠳᠡᠯᠡᠬᠡᠶᠢᠵᠢᠯᠲᠡ ᠶᠢᠨ ᠰᠢᠨ᠎ᠡ

ᠣᠷᠣᠨ ᠵᠠᠢ ᠶᠢ ᠥᠷᠭᠡᠳᠭᠡᠨ᠂ ᠰᠤᠷᠭᠠᠨ ᠬᠥᠮᠦᠵᠢᠯ ᠤᠨ ᠬᠤᠪᠢᠰᠤᠯᠲᠠ ᠶᠢᠨ ᠰᠢᠨ᠎ᠡ ᠶᠢ ᠡᠭᠦᠳᠬᠦ ᠶᠢ ᠬᠥᠲᠥᠯᠥᠨ

ᠳᠠᠭᠠᠭᠤᠯᠤᠨ᠎ᠠ᠃

      ᠵᠢᠷᠭᠤᠭ᠎ᠠ ᠳᠤ᠂ ᠥᠨᠳᠥᠷ ᠲᠦᠪᠰᠢᠨᠲᠦ ᠰᠤᠷᠭᠠᠨ ᠬᠥᠮᠦᠵᠢᠯ ᠢ ᠭᠠᠳᠠᠭᠰᠢ ᠨᠡᠭᠡᠭᠡᠬᠦ ᠶᠢ ᠡᠷᠡᠰ ᠠᠬᠢᠭᠤᠯᠬᠤ

ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠥᠨᠳᠥᠷ ᠲᠦᠪᠰᠢᠨᠲᠦ

︽ᠣᠷᠣᠭᠤᠯᠤᠨ ᠠᠪᠴᠢᠷᠠᠬᠤ︾ ᠪᠠ ︽ᠭᠠᠳᠠᠭᠰᠢ ᠭᠠᠷᠬᠤ︾ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ

ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠣᠷᠣᠯᠴᠠᠭᠤᠯᠬᠤ ᠠᠴᠠ ᠭᠠᠷᠳᠠᠬᠤ ᠶᠢ ᠣᠨᠣᠪᠴᠢᠲᠠᠢ

ᠣᠯᠵᠤ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ ᠲᠠᠰᠤᠷᠠᠯᠲᠠ

ᠦᠭᠡᠢ ᠨᠡᠮᠡᠭᠳᠡᠭᠦᠯᠦᠨ᠎ᠡ᠃

      ᠳᠣᠯᠤᠭ᠎ᠠ ᠳᠤ᠂ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠪᠠᠷ ᠤᠳᠤᠷᠢᠳᠤᠮᠵᠢ ᠪᠣᠯᠭᠠᠭᠰᠠᠨ ᠥᠨᠳᠥᠷ ᠬᠡᠪ

ᠪᠣᠯᠪᠠᠰᠤᠷᠠᠯ ᠲᠠᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠤᠷᠭᠠᠨ

ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠪᠠᠭᠰᠢ ᠶᠢᠨ ᠡᠩᠨᠡᠭᠡ ᠶᠢ

ᠬᠥᠮᠦᠵᠢᠭᠦᠯᠦᠨ ᠪᠣᠯᠪᠠᠰᠤᠷᠠᠭᠤᠯᠬᠤ ᠰᠢᠨ᠎ᠡ ᠰᠡᠳᠬᠢᠮᠵᠢ ᠶᠢ ᠥᠷᠭᠡᠳᠬᠡᠨ᠂ ᠪᠠᠭᠰᠢ ᠶᠢᠨ ᠡᠬᠢ ᠪᠠᠶᠠᠯᠢᠭ ᠤᠨ

ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂

ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ᠂ ᠪᠠᠭᠰᠢ ᠶᠢ ᠬᠦᠨᠳᠦᠳᠬᠡᠨ ᠶᠣᠰᠣ ᠮᠣᠷᠠᠯ  ᠢ

ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠣᠢ ᠪᠣᠯᠭᠠᠨ᠂ ᠪᠠᠭᠰᠢ ᠶᠢᠨ ᠬᠦᠴᠦᠷᠬᠡᠭ ᠢᠶᠠᠷ ᠰᠤᠷᠭᠠᠨ

ᠬᠥᠮᠦᠵᠢᠯ ᠤᠨ ᠬᠦᠴᠦᠷᠬᠡᠭ ᠢ ᠲᠤᠯᠭᠠᠭᠤᠷᠢᠯᠠᠨ᠎ᠠ᠃

      ᠬᠤᠷᠠᠯ ᠠᠴᠠ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ

ᠣᠪᠣᠷ ᠢᠶᠠᠷ ᠨᠠᠶᠢᠳᠠᠪᠤᠷᠢᠵᠢᠭᠤᠯᠤᠯᠲᠠ ᠶᠢ ᠭᠤᠶᠢᠪᠢᠰᠢ ᠦᠭᠡᠢ ᠠᠳᠬᠤᠵᠤ᠂ ᠪᠤᠰᠢᠭᠤ ᠱᠠᠯᠠᠮᠠᠭᠠᠢ

ᠨᠠᠶᠢᠳᠠᠪᠤᠷᠢᠵᠢᠭᠤᠯᠤᠯᠲᠠ ᠶᠢ ᠠᠳᠬᠤᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠪᠠᠷ

ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠬᠢᠵᠦ ᠴᠢᠳᠠᠮᠠᠭᠠᠢ ᠬᠢᠬᠦ  ᠪᠠᠷ ᠨᠠᠶᠢᠳᠠᠪᠤᠷᠢᠵᠢᠭᠤᠯᠤᠯᠲᠠ ᠶᠢ

ᠠᠳᠬᠤᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠡᠷᠡᠭᠵᠢᠭᠦᠯᠦᠭᠴᠢ᠂

ᠢᠳᠡᠪᠬᠢᠳᠡᠨ᠂ ᠪᠣᠳᠠᠲᠠᠢ ᠠᠵᠢᠯᠯᠠᠭᠴᠢ ᠪᠣᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ

ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ᠂

ᠤᠯᠤᠰ ᠲᠥᠷᠥ ᠶᠢᠨ ᠲᠠᠯ᠎ᠠ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠵᠦ᠂

ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠢ ᠴᠢᠩᠭᠠᠳᠬᠠᠨ᠂ ᠭᠤᠣᠯ ᠰᠡᠳᠦᠪᠲᠦ ᠬᠥᠮᠦᠵᠢᠯ ᠤᠨ ᠦᠷ᠎ᠡ

ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠪᠠᠶᠢᠭᠤᠯᠭ᠎ᠠ  ᠶᠢᠨ ᠪᠠᠶᠢᠭᠤᠯᠤᠯᠲᠠ ᠶᠢ

ᠴᠢᠩᠭᠠᠳᠬᠠᠨ᠂ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠨ᠎ᠠ᠃ ᠬᠤᠶᠠᠷ ᠲᠤ᠂ ᠪᠠᠶᠢᠯᠳᠤᠬᠤ

ᠪᠣᠳᠣᠯᠭ᠎ᠠ ᠶᠢᠨ ᠲᠠᠯ᠎ᠠ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠷᠭ᠎ᠠ ᠵᠠᠮ ᠢ ᠡᠵᠡᠮᠳᠡᠵᠦ᠂ ᠰᠤᠷᠭᠠᠨ

ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠠᠬᠢᠭᠤᠯᠬᠤ

ᠳᠣᠲᠣᠭᠠᠳᠤ ᠵᠢᠮ᠎ᠡ ᠶᠣᠰᠣᠴᠢ ᠴᠢᠨᠠᠷ ᠢ ᠡᠵᠡᠮᠳᠡᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠠᠭᠤᠰᠬᠠᠬᠤ᠂

ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ᠂ ᠴᠢᠳᠠᠪᠤᠷᠢᠲᠠᠨ ᠢ ᠬᠥᠮᠦᠵᠢᠭᠦᠯᠬᠦ ᠶᠢᠨ

ᠬᠤᠭᠤᠷᠣᠨᠳᠣᠬᠢ ᠬᠤᠯᠪᠣᠭᠠᠰᠤ ᠶᠢᠨ ᠬᠠᠷᠢᠴᠠᠭ᠎ᠠ ᠶᠢ ᠴᠢᠩᠭᠠᠳᠬᠠᠵᠤ᠂ ᠳᠡᠯᠡᠬᠡᠢ ᠶᠢᠨ ᠡᠯ᠎ᠡ ᠤᠯᠤᠰ ᠤᠨ ᠰᠤᠷᠭᠠᠨ

ᠬᠥᠮᠦᠵᠢᠯ ᠤᠨ ᠲᠥᠷᠥ ᠶᠢᠨ ᠪᠣᠳᠣᠯᠭ᠎ᠠ ᠪᠣᠯᠤᠨ ᠰᠤᠷᠭᠠᠨ ᠬᠥᠮᠦᠵᠢᠯ ᠤᠨ ᠲᠤᠰ ᠪᠡᠶ᠎ᠡ ᠶᠢᠨ ᠵᠢᠮ᠎ᠡ ᠶᠣᠰᠣᠨ ᠤ

ᠰᠤᠳᠤᠯᠭᠠᠨ ᠢ ᠴᠢᠩᠭᠠᠳᠬᠠᠨ᠎ᠠ᠃ ᠭᠤᠷᠪᠠ ᠳᠤ᠂ ᠠᠷᠭ᠎ᠠ ᠶᠢᠨ ᠲᠠᠯ᠎ᠠ ᠪᠠᠷ ᠲᠤᠷᠰᠢᠯᠲᠠ ᠶᠢᠨ ᠴᠡᠭ ᠢᠶᠠᠷ

ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠬᠢᠭᠤᠯᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ

ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠢ ᠠᠬᠢᠭᠤᠯᠬᠤ ᠶᠢ ᠵᠣᠷᠢᠭᠵᠢᠭᠤᠯᠵᠤ᠂ ᠲᠤᠷᠰᠢᠯᠲᠠ ᠶᠢᠨ ᠴᠡᠭ ᠤᠨ

ᠶᠠᠪᠤᠴᠠ ᠳᠠᠬᠢ ᠮᠥᠨ ᠴᠢᠨᠠᠷ ᠪᠣᠯᠤᠨ ᠭᠤᠣᠯ ᠠᠰᠠᠭᠤᠳᠠᠯ ᠢ ᠵᠠᠳᠠᠯᠤᠨ ᠡᠵᠡᠮᠰᠢᠵᠦ᠂ ᠴᠠᠭ ᠲᠤᠬᠠᠢ ᠳᠤ ᠨᠢ ᠳ᠋ᠦᠩᠨᠡᠨ

ᠳᠠᠬᠢᠨ ᠪᠦᠷᠢᠳᠬᠡᠵᠦ᠂ ᠲᠠᠰᠤᠷᠠᠯᠲᠠ ᠥᠬᠡᠶ ᠲᠤᠷᠰᠢᠯᠭ᠎ᠠ ᠬᠤᠷᠠᠮᠳᠤᠭᠤᠯᠤᠨ᠂ ᠬᠠᠭᠤᠯᠪᠤᠷᠢᠯᠠᠵᠤ ᠪᠣᠯᠬᠤᠶᠢᠴᠠ

ᠳᠡᠯᠭᠡᠷᠡᠭᠦᠯᠵᠦ ᠪᠣᠯᠬᠤᠶᠢᠴᠠ ᠰᠢᠢᠳᠪᠦᠷᠢᠯᠡᠬᠦ ᠲᠥᠰᠦᠯ ᠢ ᠪᠦᠷᠢᠯᠳᠦᠭᠦᠯᠦᠨ᠎ᠡ᠃ ᠳᠥᠷᠪᠡ ᠳᠤ᠂ ᠰᠤᠷᠲᠠᠯ ᠤᠨ

ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠲᠤᠯᠠᠭ᠎ᠠ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ

ᠫᠢᠩ ᠤᠨ ᠨᠠᠮ ᠤᠨ ᠥᠪᠡᠷ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ

ᠣᠶᠢᠯᠠᠭᠠᠨ᠂ ︽ᠭᠤᠷᠪᠠᠨ ᠦᠯᠦ ᠢᠯᠵᠠᠷᠠᠬᠤ︾ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂

ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠲᠥᠪ ᠤᠨ

ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ

ᠰᠤᠷᠲᠠᠯ︾ ᠢ ᠦᠷᠭᠦᠯᠵᠢᠯᠡᠨ ᠵᠠᠯᠠᠷᠠᠭᠤᠯᠵᠤ ᠰᠢᠨ᠎ᠡ ᠰᠤᠷᠲᠠᠯ ᠢ ᠪᠣᠢ ᠪᠣᠯᠭᠠᠨ᠎ᠠ᠃ ᠬᠤᠷᠠᠯ ᠠᠴᠠ᠂ ᠬᠦᠰᠡᠯᠡᠩ ᠲᠠᠢ᠂

ᠬᠠᠷᠢᠭᠤᠴᠠᠯᠭ᠎ᠠ ᠡᠭᠦᠷᠭᠡᠯᠡᠬᠦ ᠢᠳᠡᠪᠬᠢᠲᠡᠨ ᠪᠣᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠠᠷᠭ᠎ᠠ ᠪᠣᠯᠤᠨ

ᠲᠣᠭᠲᠠᠴᠠ ᠶᠢ ᠡᠵᠡᠮᠳᠡᠵᠦ᠂ ᠬᠠᠷᠠᠯᠲᠠ ᠪᠠ ᠡᠭᠦᠷᠭᠡ᠂ ᠦᠨᠡᠯᠡᠬᠦ ᠳᠣᠭᠲᠠᠯᠴᠠᠭ᠎ᠠ ᠶᠢ ᠲᠥᠯᠦᠪᠯᠡᠬᠦ᠂ ᠳᠦᠷᠢᠮ ᠪᠠ

ᠲᠥᠷᠥ ᠶᠢᠨ ᠪᠣᠳᠣᠯᠭ᠎ᠠ ᠲᠣᠭᠲᠠᠭᠠᠬᠤ᠂ ᠰᠢᠢᠳᠪᠦᠷᠢᠯᠡᠬᠦ ᠲᠥᠰᠦᠯ ᠢ ᠳ᠋ᠦᠩᠨᠡᠨ ᠪᠦᠷᠢᠯᠳᠦᠭᠦᠯᠬᠦ ᠶᠢᠨ ᠲᠣᠭᠤᠷᠢᠨ ᠳᠤ

ᠦᠳᠲᠡᠷ ᠲᠦᠷᠭᠡᠨ ᠨᠠᠶᠢᠳᠠᠪᠤᠷᠢᠵᠢᠭᠤᠯᠵᠤ᠂ ᠪᠣᠳᠠᠲᠠᠢ ᠠᠵᠢᠯᠯᠠᠬᠤ ᠶᠢ ᠲᠣᠪᠤᠶᠢᠯᠭᠠᠨ᠂ ᠶᠡᠷᠦᠩᠬᠡᠢ ᠱᠦᠵᠢ ᠰᠢ ᠶᠢᠨ

ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ

ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ

ᠪᠠᠶᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠶᠠᠮᠤᠨ ᠤ

ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠥᠪ ᠤᠨ ᠰᠤᠷᠭᠠᠨ ᠬᠥᠮᠦᠵᠢᠯ ᠤᠨ ᠠᠵᠢᠯ ᠤᠨ

ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠨᠠᠷᠢᠨ ᠪᠢᠴᠢᠭ ᠤᠨ ᠲᠣᠪᠴᠢᠶ᠎ᠠ᠂ ᠰᠤᠷᠭᠠᠨ

ᠬᠥᠮᠦᠵᠢᠯ ᠤᠨ ᠶᠠᠮᠤᠨ ᠤ ᠪᠠᠶᠢᠭᠤᠯᠭ᠎ᠠ ᠶᠢᠨ ᠡᠯ᠎ᠡ ᠵᠤᠷᠭᠠᠨ ᠲᠣᠪᠴᠢᠶ᠎ᠠ ᠪᠠ ᠰᠢᠭᠤᠳ ᠬᠠᠷᠢᠶ᠎ᠠ ᠨᠢᠭᠡᠴᠢ ᠶᠢᠨ ᠭᠤᠣᠯ

ᠬᠠᠷᠢᠭᠤᠴᠠᠯᠭᠠᠲᠠᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ

ᠵᠥᠪᠯᠡᠯ ᠤᠨ ᠰᠤᠷᠭᠠᠨ ᠬᠥᠮᠦᠵᠢᠯ ᠤᠨ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ

ᠳᠤᠭᠤᠶᠢᠯᠠᠩ ᠤᠨ ᠬᠠᠷᠢᠭᠤᠴᠠᠯᠭᠠᠲᠠᠨ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠬᠤᠲᠠ ᠶᠢᠨ ᠨᠠᠮ ᠤᠨ

ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠰᠠᠯᠠᠭ᠎ᠠ ᠮᠥᠴᠢᠷ ᠪᠠ ᠰᠤᠷᠭᠠᠨ ᠬᠥᠮᠦᠵᠢᠯ ᠤᠨ ᠲᠢᠩᠬᠢᠮ

︵ᠰᠤᠷᠭᠠᠨ ᠬᠥᠮᠦᠵᠢᠯ ᠤᠨ ᠵᠥᠪᠯᠡᠯ︶ ᠤᠨ ᠬᠠᠷᠢᠭᠤᠴᠠᠯᠭᠠᠲᠠᠨ᠂ ᠡᠯ᠎ᠡ ᠲᠥᠯᠥᠪᠯᠡᠭᠡ ᠳᠤ ᠠᠰᠲᠠᠭᠠᠨ ᠵᠢᠭᠰᠠᠭᠠᠭᠰᠠᠨ

ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠤᠷᠭᠠᠨ

ᠬᠥᠮᠦᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ᠂ ᠡᠯ᠎ᠡ ᠶᠠᠮᠤᠨ ᠤ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ

ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ

ᠤᠳᠤᠷᠢᠳᠬᠤ ᠳᠤᠭᠤᠶᠢᠯᠠᠩ ᠤᠨ ᠬᠡᠰᠢᠭᠦᠨ ᠬᠤᠯᠪᠣᠭᠠᠴᠢᠨ ᠤᠷᠢᠯᠭ᠎ᠠ ᠪᠠᠷ ᠬᠤᠷᠠᠯ ᠳᠤ ᠣᠷᠣᠯᠴᠠᠪᠠ᠃

ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠰᠤᠷᠭᠠᠨ ᠬᠥᠮᠦᠵᠢᠯ ᠤᠨ ᠠᠵᠢᠯ  ᠤᠨ ᠬᠤᠷᠠᠯ ᠳᠤ

ᠣᠷᠣᠯᠴᠠᠭᠰᠠᠳ ᠬᠤᠷᠠᠯ ᠳᠤ ᠰᠤᠯᠠ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map