2023 ᠣᠨ ᠢ ᠪᠤᠴᠠᠨ ᠬᠠᠷᠠᠬᠤ ᠨᠢ — ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨᠲᠤ ᠬᠥᠭᠵᠢᠯᠲᠡ ᠳᠤ ᠠᠩᠬᠠᠷᠤᠯ ᠢᠶᠠᠨ ᠬᠠᠨᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠳᠤ ᠬᠦᠴᠦᠨ ᠴᠢᠳᠠᠯ ᠢᠶᠠᠨ ᠡᠷᠭᠦᠨ᠎ᠡ
ᠨᠡᠶᠢᠲᠡᠯᠡᠭᠰᠡᠨ ᠴᠠᠭ᠄
2024/1/15
      2023 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤᠳᠬᠠᠬᠤ ᠪᠠᠷ ᠭᠤᠣᠯ ᠰᠢᠵᠢᠮ  ᠪᠣᠯᠭᠠᠨ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨᠲᠤ ᠬᠥᠭᠵᠢᠯᠲᠡ ᠳᠤ ᠠᠩᠬᠠᠷᠤᠯ ᠢᠶᠠᠨ ᠬᠠᠨᠳᠤᠭᠤᠯᠵᠤ᠂ ︽ᠬᠤᠶᠠᠷ ᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ︾ ᠶᠢ ᠠᠬᠢᠭᠤᠯᠤᠨ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠳᠠᠪᠤᠷᠢ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ  ᠶᠢ ᠬᠦᠴᠦᠯᠡᠨ ᠳᠡᠭᠡᠭᠰᠢᠯᠡᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠵᠠᠢ᠃   

1.png

      ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ

ᠬᠠᠮᠲᠤᠷᠠᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ︽ᠲᠡᠷᠢᠭᠦᠨ ᠤ ᠰᠢᠨᠵᠢᠯᠡᠭᠡᠨ ᠤ          

ᠰᠠᠯᠠᠭ᠎ᠠ︾ ᠶᠢ ᠪᠠᠶᠢᠭᠤᠯᠬᠤ ᠶᠡᠭᠡ ᠳᠡᠭᠡᠳᠦ ᠰᠤᠷᠭᠠᠭᠤᠯᠢ ᠵᠢᠴᠢ ᠪᠠᠶᠢᠭᠤᠯᠬᠤ ᠰᠢᠨᠵᠢᠯᠡᠭᠡᠨ ᠤ ᠰᠠᠯᠠᠭᠠᠨ ᠤ ᠨᠡᠷᠡᠰ ᠢ

ᠨᠡᠶᠢᠲᠡᠯᠡᠵᠦ᠂ ᠲᠡᠷᠢᠭᠦᠨ  ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ 2᠂ ᠲᠡᠷᠢᠭᠦᠨ ᠤ ᠣᠷᠦ᠋ᠢᠯᠠᠭᠰᠠᠨ ᠬᠥᠮᠥᠵᠢᠭᠦᠯᠬᠦ

ᠰᠢᠨᠵᠢᠯᠡᠭᠡᠨ ᠤ ᠰᠠᠯᠠᠭ᠎ᠠ 19᠂ ᠲᠡᠷᠢᠭᠦᠨ ᠤ ᠬᠢ ᠪᠠᠶᠢᠭᠤᠯᠬᠤ ᠰᠢᠨᠵᠢᠯᠡᠭᠡᠨ ᠤ ᠰᠠᠯᠠᠭ᠎ᠠ 14 ᠳᠤ ᠰᠡᠳᠦᠪ

ᠲᠣᠭᠲᠠᠭᠠᠵᠤ᠂ ᠳᠡᠰ ᠳᠠᠪᠬᠤᠷᠭ᠎ᠠ ᠬᠤᠪᠢᠶᠠᠨ ᠪᠠᠶᠢᠭᠤᠯᠬᠤ ᠶᠢ ᠳᠡᠮᠵᠢᠪᠡ᠃ ᠲᠠᠪᠤᠳᠤᠭᠠᠷ ᠡᠭᠡᠯᠵᠢ ᠶᠢᠨ ᠰᠢᠨᠵᠢᠯᠡᠭᠡᠨ ᠤ

ᠰᠠᠯᠠᠭᠠᠨ ᠤ ᠦᠨᠡᠯᠡᠨ ᠵᠢᠱᠢᠯᠲᠡ ᠳᠤ᠂ ᠥᠪᠥᠷ ᠮᠣᠩᠭᠤᠯ  ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠪᠡᠰᠦᠨ ᠤ

ᠤᠬᠠᠭᠠᠨ ᠪᠦᠬᠦ ᠤᠯᠤᠰ ᠤᠨ ᠳᠠᠷᠠᠭᠠᠯᠠᠯ ᠤᠨ ᠡᠮᠦᠨ᠎ᠡ 10% ᠳᠤ ᠣᠷᠣᠵᠤ᠂ ᠲᠡᠦᠬᠡᠲᠦ ᠴᠢᠨᠠᠷᠲᠠᠢ

ᠰᠢᠪᠲᠤᠯᠤᠯᠲᠠ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ C ᠳᠡᠰ ᠠᠴᠠ ᠳᠡᠭᠡᠭᠰᠢᠬᠢ ᠰᠢᠨᠵᠢᠯᠡᠭᠡᠨ ᠤ

ᠰᠠᠯᠠᠭ᠎ᠠ 59 ᠳᠤ ᠬᠦᠷᠴᠦ᠂ ᠳᠥᠷᠪᠡᠳᠦᠭᠡᠷ ᠡᠭᠡᠯᠵᠢ ᠶᠢᠨ ᠬᠢ ᠠᠴᠠ 31% ᠨᠡᠮᠡᠭᠳᠡᠪᠡ᠃ ᠥᠪᠥᠷ ᠮᠣᠩᠭᠤᠯ ᠤᠨ

ᠦᠨᠳᠦᠰᠦᠲᠡᠨ ᠤ ᠶᠡᠭᠡ ᠰᠤᠷᠭᠠᠭᠤᠯᠢ ᠶᠢᠨ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠦᠷ᠎ᠡ ᠪᠦᠲᠦᠭᠡᠯ

︽ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ᠂ ᠳᠥᠷᠪᠡᠨ ᠠᠷᠭ᠎ᠠ ᠶᠢ ᠵᠡᠷᠭᠡ ᠪᠠᠷ ᠬᠡᠷᠡᠭᠵᠢᠭᠦᠯᠬᠦ - ᠣᠷᠣᠨ

ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠰᠣᠳᠤᠯᠬᠤ ᠰᠤᠷᠤᠭᠴᠢ ᠶᠢᠨ ᠳᠤᠰᠬᠠᠢ ᠮᠡᠷᠭᠡᠵᠢᠯ ᠤᠨ ᠡᠷᠳᠡᠮ ᠤᠨ

ᠴᠣᠯᠠ ᠶᠢᠨ ᠰᠣᠳᠤᠯᠬᠤ ᠰᠤᠷᠤᠭᠴᠢ ᠶᠢᠨ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠠᠷᠭ᠎ᠠ ᠵᠠᠮ ᠢ ᠬᠠᠶᠢᠨ

ᠰᠦᠪᠡᠭᠴᠢᠯᠡᠵᠦ ᠦᠢᠯᠡᠳᠦᠯᠭᠡᠵᠢᠭᠦᠯᠬᠦ︾ ᠨᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ︵ᠰᠣᠳᠤᠯᠬᠤ ᠰᠤᠷᠤᠭᠴᠢ︶ ᠤᠨ

ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠬᠤᠶᠠᠳᠤᠭᠠᠷ ᠳᠡᠰ ᠤᠨ ᠱᠠᠩᠨᠠᠯ ᠬᠦᠷᠲᠡᠪᠡ᠃

      ᠲᠤᠰᠬᠠᠢ ᠮᠡᠷᠭᠡᠵᠢᠯ ᠤᠨ ᠬᠢᠴᠢᠶᠡᠯ ᠤᠨ ᠪᠠᠶᠢᠭᠤᠯᠤᠯᠲᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ

ᠰᠤᠷᠭᠠᠨ ᠬᠥᠮᠦᠵᠢᠯ ᠤᠨ ᠲᠢᠩᠬᠢᠮ ︽2023 - 2025 ᠣᠨ ᠤ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ

ᠠᠰᠠᠭᠤᠳᠠᠯ / ᠮᠡᠳᠡᠭᠦᠯᠬᠦ ᠶᠢ ᠬᠢᠵᠠᠭᠠᠷᠯᠠᠬᠤ ᠲᠤᠰᠬᠠᠢ ᠮᠡᠷᠭᠡᠵᠢᠯ ᠤᠨ ᠰᠠᠨᠠᠭᠤᠯᠭ᠎ᠠ ᠶᠢᠨ ᠭᠠᠷᠴᠠᠭ︾ ᠢ ᠨᠠᠶᠢᠷᠠᠭᠤᠯᠤᠨ

ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠥᠪᠡᠷᠲᠡᠭᠡᠨ ᠵᠠᠰᠠᠬᠤ ᠣᠷᠣᠨ ᠤ ᠬᠤᠶᠠᠷ

ᠶᠡᠭᠡ ᠶᠠᠪᠤᠳᠠᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠦᠯᠦᠨ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ  ᠶᠢᠨ

ᠵᠣᠯᠭᠠᠭᠤᠯᠬᠤ ᠬᠡᠮᠵᠢᠶ᠎ᠡ᠂ ᠵᠣᠬᠢᠴᠠᠭᠤᠯᠬᠤ ᠬᠡᠮᠵᠢᠶ᠎ᠡ ᠶᠢ ᠳᠡᠭᠡᠭᠰᠢᠯᠡᠭᠦᠯᠪᠡ᠃ ᠡᠨᠡ ᠵᠢᠯ᠂ ᠮᠠᠨ ᠤ ᠣᠷᠣᠨ ᠤ 12 ᠶᠡᠭᠡ

ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ 38 ᠨᠡᠮᠡᠭᠳᠡᠵᠦ᠂ ᠥᠪᠥᠷ ᠮᠣᠩᠭᠤᠯ ᠤᠨ

ᠪᠠᠭᠰᠢ ᠶᠢᠨ ᠶᠡᠭᠡ ᠰᠤᠷᠭᠠᠭᠤᠯᠢ ᠶᠢᠨ ᠲᠣᠭᠠᠵᠢᠭᠰᠠᠨ ᠬᠥᠮᠦᠨ ᠨᠡᠶᠢᠭᠡᠮ ᠤᠨ ᠲᠤᠰᠬᠠᠢ ᠮᠡᠷᠭᠡᠵᠢᠯ ᠨᠢ ᠰᠢᠨ᠎ᠡ ᠪᠠᠷ

ᠨᠡᠮᠡᠭᠳᠡᠭᠰᠡᠨ ᠲᠤᠰᠬᠠᠢ ᠮᠡᠷᠭᠡᠵᠢᠯ ᠤᠨ ᠭᠠᠷᠴᠠᠭ ᠠᠴᠠ ᠭᠠᠳᠠᠨᠠᠬᠢ ᠳᠤᠰᠬᠠᠢ ᠮᠡᠷᠭᠡᠵᠢᠯ ᠢᠶᠠᠷ ᠵᠦᠪᠰᠢᠶᠡᠷᠡᠭᠳᠡᠵᠦ᠂

ᠪᠦᠬᠦ ᠤᠯᠤᠰ ᠤᠨ ᠠᠩᠬᠠᠳᠠᠭᠴᠢ ᠲᠤᠰ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠪᠠᠶᠢᠭᠤᠯᠤᠭᠰᠠᠨ ᠶᠡᠭᠡ ᠳᠡᠭᠡᠳᠦ

ᠰᠤᠷᠭᠠᠭᠤᠯᠢ ᠪᠣᠯᠪᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ          

 ᠶᠢᠨ ᠰᠢᠨ᠎ᠡ ᠡᠨᠧᠷᠭᠢ ᠶᠢᠨ ᠮᠠᠲ᠋ᠧᠷᠢᠶᠠᠯ ᠬᠢᠭᠡᠳ ᠰᠡᠯᠪᠢᠭᠡᠰᠦ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ

ᠰᠤᠷᠭᠠᠭᠤᠯᠢ ᠶᠢᠨ ᠴᠢᠳᠠᠮᠵᠢᠲᠤ ᠮᠠᠲ᠋ᠧᠷᠢᠶᠠᠯ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ          

 ᠶᠢᠨ ᠲᠠᠷᠢᠶᠠᠯᠠᠩ ᠤᠨ ᠣᠶᠤᠨᠴᠢ ᠲᠣᠨᠣᠭᠯᠠᠯ ᠤᠨ ᠢᠨᠵᠧᠨᠧᠷᠢᠩ ᠵᠡᠷᠭᠡ 20 ᠲᠤᠰᠬᠠᠢ ᠮᠡᠷᠭᠡᠵᠢᠯ ᠮᠠᠨ ᠤ ᠣᠷᠣᠨ          

 ᠳᠤ ᠠᠩᠬ᠎ᠠ ᠤᠳᠠᠭ᠎ᠠ ᠴᠡᠭ ᠪᠠᠶᠢᠷᠢᠯᠠᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ          

ᠲᠣᠨᠤᠭ ᠲᠥᠬᠦᠭᠡᠷᠦᠮᠵᠢ ᠦᠢᠯᠡᠳᠬᠦ ᠵᠡᠷᠭᠡ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ          

ᠦᠢᠯᠡᠰ ᠤᠨ ᠬᠦᠷᠢᠶᠡᠨ ᠳᠠᠬᠢ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢᠨ ᠬᠤᠭᠤᠰᠣᠨ ᠵᠠᠢ ᠶᠢ 

ᠨᠥᠬᠦᠪᠥᠷᠢᠯᠡᠪᠡ᠃ ᠬᠢᠴᠢᠶᠡᠯ ᠤᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠵᠤ᠂ ᠤᠯᠤᠰ ᠤᠨ ᠳᠡᠰ ᠤᠨ

ᠲᠡᠷᠢᠭᠦᠨ ᠤ ᠵᠢᠩᠬᠢᠨᠢ ᠠᠩᠭᠢ ᠶᠢᠨ ᠬᠢᠴᠢᠶᠡᠯ 27 ᠪᠠᠶᠢᠭᠰᠠᠨ ᠠᠴᠠ 81 ᠪᠣᠯᠵᠤ ᠨᠡᠮᠡᠭᠳᠡᠪᠡ᠃ ᠥᠪᠥᠷ

ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ︽ᠦᠨᠳᠦᠰᠦᠲᠡᠨ ᠤ ᠭᠠᠵᠠᠷ ᠣᠷᠣᠨ ᠤ ᠪᠥᠵᠢᠭ ᠤᠨ

ᠲᠤᠰᠬᠠᠢ ᠮᠡᠷᠭᠡᠵᠢᠯ ᠤᠨ ︿ᠳᠥᠷᠪᠡᠨ ᠲᠠᠯ᠎ᠠ ᠶᠢ ᠨᠢᠭᠡ ᠴᠣᠭᠴᠠᠵᠢᠭᠤᠯᠬᠤ﹀ ᠣᠨᠴᠠᠯᠢᠭᠲᠤ ᠴᠢᠳᠠᠪᠤᠷᠢᠲᠠᠨ ᠢ

ᠬᠥᠮᠦᠵᠢᠭᠦᠯᠬᠦ ᠵᠠᠭᠪᠤᠷ ᠢ ᠬᠠᠶᠢᠨ ᠰᠦᠪᠡᠭᠴᠢᠯᠡᠬᠦ ᠪᠠ ᠦᠢᠯᠡᠳᠦᠯᠭᠡᠵᠢᠭᠦᠯᠬᠦ︾ ᠨᠢ ᠳᠡᠭᠡᠳᠦ ᠵᠡᠷᠭᠡ ᠶᠢᠨ ᠰᠤᠷᠭᠠᠨ

ᠬᠥᠮᠦᠵᠢᠯ ︵ᠵᠢᠩᠬᠢᠨᠢ ᠠᠩᠭᠢ︶ ᠤᠨ ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ

ᠬᠤᠶᠠᠳᠤᠭᠠᠷ ᠳᠡᠰ ᠤᠨ ᠱᠠᠩᠨᠠᠯ ᠬᠦᠷᠲᠡᠪᠡ᠃ ᠮᠠᠨ ᠤ ᠣᠷᠣᠨ ᠤ 11 ᠲᠥᠷᠥᠯ ᠵᠦᠢᠯ ᠳᠤᠮᠳᠠᠳᠤ ᠤᠯᠤᠰ ᠤᠨ

ᠣᠯᠠᠨ ᠤᠯᠤᠰ ᠤᠨ ᠤᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ︵2023︶ ᠤ ᠤᠯᠤᠰ ᠤᠨ

ᠤᠷᠤᠯᠳᠤᠭᠠᠨ ᠤ ᠠᠬᠤᠢ ᠲᠠᠯᠠᠪᠠᠢ ᠶᠢᠨ ᠤᠷᠤᠯᠳᠤᠭᠠᠨ ᠳᠤ ᠣᠷᠣᠵᠤ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ

ᠰᠤᠷᠭᠠᠭᠤᠯᠢ ᠶᠢᠨ ︽ᠮᠣᠷᠢᠨ ᠨᠢᠷᠤᠭᠤᠨ ᠳᠠᠬᠢ ᠭᠠᠶᠢᠬᠠᠮᠰᠢᠭᠲᠤ ᠡᠭᠡᠰᠢᠭ - ᠦᠨᠳᠦᠰᠦᠲᠡᠨ· ᠭᠠᠵᠠᠷ ᠣᠷᠣᠨ

ᠠᠯᠤᠰᠯᠠᠭᠰᠠᠨ ᠮᠣᠷᠢᠨ ᠬᠤᠭᠤᠷ ᠤᠨ ᠤᠷᠠᠯᠢᠭ ᠤᠨ ᠣᠳᠣ ᠦᠶ᠎ᠡ ᠶᠢᠨ ᠤᠯᠠᠮᠵᠢᠯᠠᠭᠴᠢ︾ ᠨᠢ ᠳᠡᠭᠡᠳᠦ ᠵᠡᠷᠭᠡ ᠶᠢᠨ

ᠰᠤᠷᠭᠠᠨ ᠬᠥᠮᠥᠵᠢᠯ ᠤᠨ ᠤᠷᠤᠯᠳᠤᠭᠠᠨ ᠤ ᠠᠯᠲᠠᠨ ᠮᠧᠳᠠᠯ ᠢ ᠬᠦᠷᠲᠡᠪᠡ᠃

2.png

   

      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠦᠷ᠎ᠡ

ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠰᠠᠭᠤᠷᠢᠨ ᠭᠠᠵᠠᠷ ᠢ 6 ᠪᠠᠶᠢᠷᠢᠰᠢᠭᠤᠯᠤᠨ ᠪᠠᠶᠢᠭᠤᠯᠵᠤ᠂

ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ

ᠰᠢᠯᠵᠢᠭᠦᠯᠬᠦ ᠦᠢᠯᠡᠴᠢᠯᠡᠭᠡᠨ ᠤ ᠳᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠪᠠ᠃ ︽ᠮᠢᠩᠭᠠᠨ ᠰᠤᠷᠭᠠᠭᠤᠯᠢ ᠲᠦᠮᠡᠨ

ᠠᠵᠤ ᠠᠬᠤᠶᠢᠯᠠᠯ︾ ᠬᠠᠮᠵᠢᠯᠴᠠᠨ ᠰᠢᠨ᠎ᠡ ᠶᠢ ᠡᠭᠦᠳᠬᠦ ᠬᠠᠨᠢᠲᠠᠨ ᠤ ᠠᠵᠢᠯᠯᠠᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ

ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠲᠣᠭᠯᠠᠯᠲᠠ ᠭᠠᠷᠭᠠᠬᠤ

ᠠᠵᠢᠯᠯᠠᠭ᠎ᠠ ᠶᠢ 5 ᠬᠤᠭᠤᠴᠠᠭ᠎ᠠ ᠥᠷᠨᠢᠭᠦᠯᠵᠦ᠂ ᠦᠷ᠎ᠡ ᠪᠦᠲᠦᠭᠡᠯ 36 ᠶᠢ ᠲᠠᠨᠢᠯᠴᠠᠭᠤᠯᠪᠠ᠃ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠪᠥᠷ

ᠮᠣᠩᠭᠤᠯ ᠤᠨ ᠶᠡᠭᠡ ᠰᠤᠷᠭᠠᠭᠤᠯᠢ ᠶᠢᠨ ︽ᠠᠮᠢ ᠠᠬᠤᠢ ᠶᠢᠨ ᠲᠣᠮᠣ ᠳ᠋ᠠᠶᠢᠲ᠋ᠠ︾ ᠨᠢ ᠰᠤᠷᠭᠠᠨ ᠬᠥᠮᠦᠵᠢᠯ ᠤᠨ

ᠶᠠᠮᠤᠨ ᠤ ᠢᠨᠵᠧᠨᠧᠷᠢᠩ ᠤᠨ ᠰᠤᠳᠤᠯᠭᠠᠨ ᠤ ᠲᠥᠪ ᠤᠨ ᠪᠤᠶᠢᠵᠢᠭᠤᠯᠵᠤ ᠰᠢᠯᠭᠠᠨ ᠠᠪᠬᠤ ᠶᠢ ᠠᠮᠵᠢᠯᠲᠠ ᠲᠠᠢ

ᠥᠩᠭᠡᠷᠡᠭᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠬᠢᠵᠠᠭᠠᠷ ᠦᠭᠡᠢ ᠸᠧᠢ ᠬᠠ ᠮᠢ

ᠳ᠋ᠦᠨ ᠰᠢᠰᠲ᠋ᠧᠮ ᠵᠢᠴᠢ ᠲᠡᠭᠦᠨ ᠤ ᠪᠣᠳᠣᠬᠤ ᠠᠷᠭ᠎ᠠ ᠶᠢᠨ ᠬᠡᠷᠡᠭᠯᠡᠯᠲᠡ︾ ᠶᠢ ᠰᠤᠷᠭᠠᠨ ᠬᠥᠮᠦᠵᠢᠯ ᠤᠨ ᠶᠠᠮᠤᠨ ᠤ

ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠤᠶᠢᠵᠢᠭᠤᠯᠤᠨ ᠪᠦᠲᠦᠭᠡᠨ ᠪᠠᠶᠢᠭᠤᠯᠬᠤ ᠲᠥᠷᠥᠯ ᠵᠦᠢᠯ ᠢᠶᠠᠷ

ᠰᠢᠨ᠎ᠡ ᠪᠠᠷ ᠨᠡᠮᠡᠪᠡ᠃ ︽ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠡᠮ ᠡᠮᠨᠡᠯᠭᠡ ᠶᠢᠨ ᠰᠠᠭᠤᠷᠢ

ᠰᠤᠳᠤᠯᠤᠯ ᠤᠨ ᠰᠢᠨ᠎ᠡ ᠶᠢ ᠡᠭᠦᠳᠬᠦ ᠲᠥᠪ︾ 2 ᠢ ᠪᠦᠲᠦᠭᠡᠨ ᠪᠠᠶᠢᠭᠤᠯᠵᠤ᠂ ᠰᠠᠭᠤᠷᠢ ᠰᠤᠳᠤᠯᠤᠯ ᠤᠨ ᠦᠷ᠎ᠡ

ᠪᠦᠲᠦᠭᠡᠯ ᠢ ᠡᠮᠴᠢᠯᠡᠭᠡᠨ ᠤ ᠣᠨᠣᠰᠢᠯᠠᠨ ᠡᠮᠨᠡᠬᠦ ᠪᠠ ᠡᠮ ᠡᠮᠨᠡᠯᠭᠡ ᠶᠢᠨ ᠠᠵᠤ ᠦᠢᠯᠡᠰ ᠳᠤ ᠤᠯᠠᠷᠢᠭᠤᠯᠤᠨ

ᠬᠡᠷᠡᠭᠯᠡᠬᠦ ᠶᠢ ᠲᠦᠷᠭᠡᠳᠭᠡᠪᠡ᠃ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠳᠤ

ᠠᠩᠬᠠᠷᠤᠯ ᠢᠶᠠᠨ ᠲᠥᠪᠯᠡᠷᠡᠭᠦᠯᠵᠦ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ          

ᠰᠤᠳᠤᠯᠤᠯ︾ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠬᠤᠯᠠ ᠶᠡᠭᠡ ᠲᠤᠰᠬᠠᠢ ᠲᠥᠷᠥᠯ 39

ᠵᠦᠢᠯ᠂ ︽ᠮᠠᠨ ᠤ ᠤᠯᠤᠰ  ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ

ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ︾ ᠰᠤᠳᠤᠯᠭᠠᠨ ᠤ ᠲᠤᠰᠬᠠᠢ ᠲᠥᠷᠥᠯ 23 ᠵᠦᠢᠯ᠂

ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠳᠠᠪᠬᠤᠷ

ᠢᠰᠦᠯ ᠢ ᠰᠠᠭᠠᠷᠮᠠᠭᠵᠢᠭᠤᠯᠬᠤ ᠰᠤᠳᠤᠯᠭᠠᠨ ᠤ ᠲᠤᠰᠬᠠᠢ ᠲᠥᠷᠥᠯ 23 ᠵᠦᠢᠯ᠂ ᠴᠡᠷᠢᠭ ᠠᠷᠠᠳ ᠤᠨ ᠬᠡᠷᠡᠭᠯᠡᠭᠡ ᠶᠢ 

ᠠᠭᠤᠰᠬᠠᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ 6 ᠵᠦᠢᠯ ᠭᠠᠷᠭᠠᠵᠤ᠂ ᠶᠡᠭᠡ ᠳᠡᠭᠡᠳᠦ ᠰᠤᠷᠭᠠᠭᠤᠯᠢ ᠶᠢᠨ

ᠰᠠᠭᠤᠷᠢ ᠰᠤᠳᠤᠯᠭᠠᠨ ᠤ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃

       ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ

ᠠᠩᠬᠠᠷᠤᠯ ᠢᠶᠠᠨ ᠬᠠᠨᠳᠤᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠳᠡᠰ ᠳᠡᠪᠰᠢᠬᠦ ᠶᠢ ᠠᠬᠢᠭᠤᠯᠬᠤ ᠪᠠᠷ ᠬᠠᠷᠠᠯᠲᠠ

ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ

ᠴᠢᠳᠠᠪᠤᠷᠢ ᠶᠢ ᠳᠡᠭᠡᠭᠰᠢᠯᠡᠭᠦᠯᠬᠦ ᠪᠠ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠲᠤᠰᠬᠠᠢ

ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠠᠴᠠ ᠭᠠᠷᠳᠠᠵᠤ᠂ ᠲᠡᠷᠢᠭᠦᠨ ᠤ ᠰᠢᠨᠵᠢᠯᠡᠭᠡᠨ ᠤ ᠰᠠᠯᠠᠭ᠎ᠠ᠂

ᠲᠡᠷᠢᠭᠦᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂

ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠤᠨ  ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠠᠭᠤᠷᠢ

ᠰᠤᠳᠤᠯᠭᠠᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ

ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠲᠡᠢ ᠴᠢᠳᠠᠪᠤᠷᠢᠲᠠᠨ ᠤ ᠪᠠᠲᠤᠯᠠᠭ᠎ᠠ ᠪᠠ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map