2023 ᠣᠨ ᠢ ᠪᠤᠴᠠᠨ ᠬᠠᠷᠠᠬᠤ ᠨᠢ — ᠥᠨᠳᠥᠷ ᠬᠡᠪ ᠴᠢᠨᠠᠷ ᠲᠠᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠬᠠᠨᠳᠤᠭᠤᠯᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠠᠲᠤᠯᠠᠪᠠ
ᠨᠡᠶᠢᠲᠡᠯᠡᠭᠰᠡᠨ ᠴᠠᠭ᠄
2024/1/16
     2023 ᠣᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠥᠨᠳᠥᠷ ᠬᠡᠪ ᠴᠢᠨᠠᠷ ᠲᠠᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠡᠩᠨᠡᠭᠡ ᠶᠢ ᠲᠠᠰᠤᠷᠠᠯᠳᠠ ᠦᠭᠡᠢ ᠴᠢᠩᠭᠠᠳᠬᠠᠨ᠂ ᠪᠦᠲᠦᠴᠡ ᠶᠢ ᠰᠢᠯᠢᠳᠡᠭᠵᠢᠭᠦᠯᠵᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠠᠷᠠᠭᠠᠯᠵᠠᠯ ᠢ ᠪᠠᠲᠤᠯᠠᠨ᠂ ᠪᠠᠭᠰᠢ ᠶᠢᠨ ᠡᠩᠨᠡᠭᠡᠨ ᠤ ᠠᠮᠢᠵᠢᠷᠠᠯ ᠤᠨ ᠬᠦᠴᠦᠨ ᠢ ᠪᠠᠳᠠᠷᠠᠭᠤᠯᠪᠠ᠃   

1.jpg

     ᠬᠡᠪᠴᠢᠶ᠎ᠡ ᠪᠠ ᠬᠡᠪ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠪᠡ

     ᠪᠠᠴᠢᠮ ᠳᠤᠲᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭᠠᠨ ᠤ ᠪᠠᠭᠰᠢ ᠶᠢ ᠨᠥᠬᠦᠪᠥᠷᠢᠯᠡᠬᠦ ᠶᠢ ᠴᠢᠩᠭᠠᠳᠬᠠᠵᠤ᠂

ᠬᠤᠲᠠ ᠪᠠᠯᠭᠠᠰᠤᠨ ᠤ ᠰᠢᠯᠢᠳᠡᠭ ᠪᠠᠭᠰᠢ᠂ ᠰᠤᠷᠭᠠᠭᠤᠯᠢ ᠶᠢᠨ ᠵᠠᠬᠢᠷᠤᠯ ᠬᠥᠳᠡᠭᠡ ᠲᠣᠰᠬᠤᠨ ᠤ ᠰᠤᠷᠭᠠᠭᠤᠯᠢ᠂

ᠪᠠᠭᠤᠷᠠᠢ ᠰᠤᠷᠭᠠᠭᠤᠯᠢ ᠲᠡᠶᠢᠰᠢ ᠰᠢᠯᠵᠢᠬᠦ ᠶᠢ ᠭᠤᠣᠯᠳᠠᠯᠭ᠎ᠠ  ᠲᠠᠢ ᠴᠢᠩᠭᠠᠳᠬᠠᠵᠤ᠂ ᠪᠦᠬᠦ ᠣᠷᠣᠨ ᠳᠤ ᠳᠤᠮᠳᠠᠳᠤ

ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢ ᠲᠦᠮᠡ ᠰᠢᠬᠠᠮ ᠤᠷᠢᠨ᠂ ᠡᠭᠦᠨ ᠳᠤ 1000

ᠭᠠᠷᠤᠢ ᠬᠥᠳᠡᠭᠡ ᠲᠣᠰᠬᠤᠨ ᠤ ᠪᠠᠭᠰᠢ᠂ 6700 ᠭᠠᠷᠤᠢ ᠪᠠᠭᠰᠢ᠂ ᠰᠤᠷᠭᠠᠭᠤᠯᠢ ᠶᠢᠨ ᠵᠠᠬᠢᠷᠤᠯ ᠠᠵᠢᠯ ᠤᠨ ᠪᠠᠶᠢᠷᠢ

ᠰᠣᠯᠢᠯᠴᠠᠬᠤ ᠠᠵᠢᠯ ᠳᠤ ᠣᠷᠣᠯᠴᠠᠪᠠ᠃ ᠣᠳᠣ ᠪᠣᠯᠲᠠᠯ᠎ᠠ᠂ ᠪᠦᠬᠦ ᠣᠷᠣᠨ ᠤ ᠪᠠᠭᠰᠢ ᠠᠵᠢᠯᠲᠠᠨ ᠤ ᠶᠡᠷᠦᠩᠬᠡᠢ

ᠲᠤᠭ᠎ᠠ 41.38 ᠲᠦᠮᠡᠨ ᠬᠥᠮᠦᠨ ᠳᠤ ᠬᠦᠷᠴᠦ᠂ ᠡᠭᠦᠨ ᠳᠤ ᠲᠤᠰᠬᠠᠢ ᠪᠠᠭᠰᠢ 31.26 ᠲᠦᠮᠡᠨ ᠬᠥᠮᠦᠨ ᠪᠠᠶᠢᠵᠤ᠂

ᠳᠡᠭᠡᠷ᠎ᠡ ᠨᠢᠭᠡ ᠵᠢᠯ ᠤᠨ ᠬᠢ ᠠᠴᠠ 1.9% ᠨᠡᠮᠡᠭᠳᠡᠪᠡ᠃ ᠬᠤᠲᠠ᠂ ᠬᠥᠳᠡᠭᠡ ᠲᠣᠰᠬᠤᠨ ᠤ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠱᠠᠲᠤᠨ ᠤ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠤᠰᠬᠠᠢ

ᠪᠠᠭᠰᠢ ᠶᠢᠨ ᠡᠵᠡᠯᠡᠬᠦ ᠬᠠᠷᠢᠴᠠᠯ ᠢ ᠳᠡᠭᠡᠷ᠎ᠡ ᠵᠢᠯ ᠤᠨ ᠬᠢ ᠠᠴᠠ ᠲᠤᠰ ᠲᠤᠰ 1.16% ᠪᠠ 2.72% ᠢᠶᠠᠷ

ᠨᠡᠮᠡᠭᠳᠡᠭᠦᠯᠵᠦ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠳᠤᠯᠬᠤ ᠰᠤᠷᠤᠭᠴᠢ ᠶᠢᠨ

ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ ᠢ 19.09% ᠬᠦᠷᠭᠡᠵᠦ᠂ ᠶᠡᠭᠡ ᠳᠡᠭᠡᠳᠦ

ᠰᠤᠷᠭᠠᠭᠤᠯᠢ ᠶᠢᠨ ᠳ᠋ᠣᠺᠲ᠋ᠣᠷ ᠤᠨ ᠡᠷᠳᠡᠮ ᠤᠨ ᠴᠣᠯᠠ ᠲᠠᠢ ᠪᠠᠭᠰᠢ ᠶᠢᠨ ᠡᠵᠡᠯᠡᠬᠦ ᠬᠠᠷᠢᠴᠠᠯ ᠢ 21.57% ᠬᠦᠷᠭᠡᠨ᠂

ᠪᠠᠭᠰᠢ ᠶᠢ ᠬᠥᠭᠵᠢᠬᠦᠯᠬᠦ ᠶᠢ ᠬᠦᠴᠦᠲᠡᠢ ᠪᠠᠲᠤᠠᠯᠵᠤ᠂ ᠪᠠᠭᠰᠢ ᠶᠢᠨ ᠡᠩᠨᠡᠭᠡᠨ ᠤ ᠬᠠᠮᠢᠶᠠᠷᠤᠯᠲᠠ ᠪᠠ

ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃

   

2.png

      ᠪᠠᠭᠰᠢ ᠶᠢᠨ ᠮᠣᠷᠠᠯ ᠰᠤᠷᠲᠠᠯ ᠢ ᠦᠷᠭᠦᠯᠵᠢᠯᠡᠨ ᠰᠠᠶᠢᠵᠢᠷᠠᠭᠤᠯᠪᠠ

      ᠪᠠᠭᠰᠢ ᠶᠢᠨ ᠮᠣᠷᠠᠯ ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠯᠠᠪᠳᠠᠭᠤᠨ ᠪᠠᠲᠤᠲᠠᠢ

ᠠᠬᠢᠭᠤᠯᠤᠨ᠂ ᠤᠯᠤᠰ ᠲᠥᠷᠥ ᠶᠢᠨ ᠪᠠᠶᠢᠭᠤᠯᠤᠯᠲᠠ ᠶᠢᠨ ︽ᠦᠵᠡᠯ ᠰᠠᠨᠠᠭᠠᠨ ᠤ ᠰᠦᠭ ᠢ ᠱᠤᠭᠤᠬᠤ︾ ᠵᠡᠷᠭᠡ 6

ᠵᠦᠢᠯ ᠤᠨ ᠠᠵᠢᠯᠯᠠᠭ᠎ᠠ ᠶᠢ ᠶᠠᠪᠤᠭᠳᠠᠭᠤᠯᠪᠠ᠃ ᠪᠠᠭᠰᠢ ᠶᠢᠨ ᠮᠣᠷᠠᠯ ᠰᠤᠷᠲᠠᠯ ᠢ ᠤᠷᠢᠳᠴᠢᠯᠠᠨ ᠰᠡᠷᠡᠮᠵᠢᠯᠡᠭᠦᠯᠬᠦ᠂

ᠪᠠᠭᠰᠢ ᠶᠢᠨ ᠮᠣᠷᠠᠯ ᠰᠤᠷᠲᠠᠯ ᠳᠤ ᠬᠤᠯᠪᠣᠭᠳᠠᠭᠰᠠᠨ ᠬᠡᠷᠡᠭ ᠢ ᠬᠢᠨᠠᠨ ᠪᠠᠶᠢᠴᠠᠭᠠᠵᠤ ᠮᠡᠳᠡᠭᠦᠯᠬᠦ᠂ ᠪᠠᠭᠰᠢ ᠶᠢᠨ

ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ ᠢᠯᠡᠴᠢᠯᠡᠬᠦ ᠲᠣᠭᠲᠠᠴᠠ ᠶᠢ

ᠲᠡᠭᠦᠯᠳᠡᠷᠵᠢᠭᠦᠯᠵᠦ᠂ ᠪᠠᠭᠰᠢ ᠠᠵᠢᠯ ᠡᠷᠬᠢᠯᠡᠬᠦ ᠶᠢ ᠬᠤᠷᠢᠭᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠭᠰᠢ

ᠠᠵᠢᠯᠲᠠᠨ ᠠᠵᠢᠯᠴᠢᠨ ᠪᠠᠶᠢᠴᠠᠭᠠᠨ ᠯᠠᠪᠯᠠᠬᠤ ᠪᠠᠷ ᠣᠷᠣᠬᠤ ᠶᠢ ᠵᠦᠪᠰᠢᠶᠡᠷᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂

ᠰᠢᠰᠲ᠋ᠧᠮ ᠪᠦᠷᠢᠨ ᠲᠡᠭᠦᠯᠳᠡᠷ᠂ ᠬᠡᠷᠡᠭᠵᠢᠭᠦᠯᠦᠯᠲᠡ ᠬᠦᠴᠦᠲᠡᠢ᠂ ᠬᠠᠷᠢᠭᠤᠴᠠᠯᠭ᠎ᠠ ᠨᠡᠬᠡᠮᠵᠢᠯᠡᠭᠰᠡᠨ ᠨᠢ ᠦᠨᠳᠦᠰᠦ

ᠪᠠᠷᠢᠮᠲᠠ ᠲᠠᠢ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠪᠠᠶᠢᠩᠭᠤ ᠶᠢᠨ ᠪᠦᠲᠦᠮᠵᠢᠲᠡᠢ ᠲᠣᠭᠲᠠᠴᠠ ᠶᠢ

ᠪᠠᠶᠢᠭᠤᠯᠪᠠ᠃ ᠪᠠᠭᠰᠢ ᠶᠢᠨ ᠮᠣᠷᠠᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠵᠤ᠂ ᠠᠩᠬᠠᠳᠤᠭᠠᠷ

ᠬᠤᠭᠤᠴᠠᠭᠠᠨ ᠤ ᠬᠠᠮᠤᠭ ᠤᠨ ᠭᠤᠶᠣ ᠪᠠᠭᠰᠢ ᠳᠤ ᠱᠠᠩᠨᠠᠯ ᠣᠯᠭᠤᠬᠤ ᠦᠳᠡᠰᠢᠯᠡᠭᠡ ᠶᠢ ᠡᠷᠬᠢᠯᠡᠨ᠂ ᠪᠤᠭᠤᠲᠤ ᠶᠢᠨ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠨ ᠱᠠᠨ ᠫᠷᠤᠹᠧᠰᠰᠤᠷ ᠪᠦᠬᠦ ᠤᠯᠤᠰ ᠤᠨ ᠠᠷᠪᠠᠨ ᠶᠡᠭᠡ

︽ᠬᠠᠮᠤᠭ ᠤᠨ ᠭᠤᠶᠣ ᠪᠠᠭᠰᠢ︾ ᠪᠠᠷ ᠦᠨᠡᠯᠡᠭᠳᠡᠵᠦ᠂ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠤᠨ ᠬᠥᠮᠦᠵᠢᠭᠦᠯᠬᠦ

ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠰᠤᠷᠲᠠᠯ ᠴᠢᠬᠡᠴᠢ ᠣᠪᠣᠷ ᠲᠥᠪ ᠬᠥᠮᠦᠨ ᠬᠥᠮᠦᠵᠢᠭᠦᠯᠬᠦ ᠠᠭᠤᠷ

ᠠᠮᠢᠰᠬᠤᠯ ᠨᠡᠩ ᠭᠦᠨ ᠵᠤᠵᠠᠭᠠᠨ ᠪᠣᠯᠪᠠ᠃

      ᠪᠣᠯᠪᠠᠰᠤᠷᠠᠯ ᠢᠶᠠᠷ ᠬᠠᠪᠰᠤᠷᠤᠨ ᠳᠡᠳᠬᠦᠵᠦ ᠳᠠᠭᠠᠭᠠᠮᠠᠭᠠᠢ ᠦᠷ᠎ᠡ ᠪᠥᠲᠦᠮᠵᠢ ᠣᠯᠪᠠ

      ᠨᠠᠷᠢᠯᠢᠭ ᠣᠨᠣᠴᠠᠲᠠᠢ ᠪᠣᠯᠪᠠᠰᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ

ᠣᠷᠣᠨ ᠤ ᠳᠡᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ

ᠰᠠᠭᠤᠷᠢᠨ ᠭᠠᠵᠠᠷ 150 ᠶᠢ ᠪᠦᠯᠦᠭ ᠬᠤᠪᠢᠶᠠᠨ ᠪᠠᠶᠢᠭᠤᠯᠪᠠ︔ ᠪᠡᠯᠡ ᠮᠥᠩᠭᠦ 7500 ᠲᠦᠮᠡᠨ ᠲᠥᠭᠦᠷᠢᠭ

ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠠᠭᠰᠢ ᠶᠢ 2.5 ᠲᠦᠮᠡᠨ ᠬᠥᠮᠦᠨ

ᠤᠳᠠᠭ᠎ᠠ ᠪᠣᠯᠪᠠᠰᠤᠷᠠᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠣᠭᠠᠵᠢᠭᠤᠯᠤᠭᠰᠠᠨ ᠬᠡᠯᠪᠡᠷᠢ ᠲᠡᠶᠢᠰᠢ

ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ ᠪᠠᠭᠰᠢ ᠨᠠᠷ

ᠵᠤᠨ ᠤ ᠠᠮᠠᠷᠠᠯᠲᠠ ᠳᠤ ᠪᠠᠨ ᠰᠦᠯᠵᠢᠶᠡᠨ ᠳᠤ ᠰᠤᠳᠤᠯᠤᠨ ᠰᠤᠷᠤᠯᠴᠠᠬᠤ ᠶᠢ ᠥᠷᠨᠢᠭᠦᠯᠵᠦ᠂ ᠣᠷᠣᠯᠴᠠᠭᠰᠠᠨ

ᠪᠠᠭᠰᠢ ᠶᠢᠨ ᠲᠤᠭ᠎ᠠ 24 ᠲᠦᠮᠡ ᠶᠢ ᠳᠠᠪᠠᠪᠠ᠃ ᠪᠦᠯᠬᠦᠮ ᠪᠠᠶᠢᠭᠤᠯᠬᠤ ᠬᠡᠯᠪᠡᠷᠢ ᠪᠠᠷ ᠬᠠᠪᠰᠤᠷᠤᠨ ᠲᠡᠳᠬᠦᠬᠦ ᠶᠢ

ᠭᠦᠨᠵᠡᠭᠡᠢ ᠥᠷᠨᠢᠭᠦᠯᠵᠦ᠂ 1122 ᠪᠠᠭᠰᠢ ᠶᠢ ᠨᠢᠭᠡᠳᠦᠯᠲᠡᠢ  ᠲᠥᠯᠦᠪᠯᠡᠨ ᠰᠣᠩᠭᠤᠨ ᠲᠣᠮᠢᠯᠠᠵᠤ ᠬᠤᠰᠢᠭᠤ

ᠰᠢᠶᠠᠨ ᠤ ᠱᠠᠲᠤᠨ ᠠᠴᠠ ᠳᠣᠷᠣᠭᠰᠢᠬᠢ ᠬᠥᠳᠡᠭᠡ ᠲᠣᠰᠬᠤᠨ ᠤ ᠰᠤᠷᠭᠠᠭᠤᠯᠢ᠂ ᠪᠠᠭᠤᠷᠠᠢ ᠰᠤᠷᠭᠠᠭᠤᠯᠢ ᠳᠤ 

ᠣᠴᠢᠭᠤᠯᠤᠨ ᠰᠤᠷᠭᠠᠨ ᠬᠥᠮᠦᠵᠢᠯ ᠢ ᠳᠡᠮᠵᠢᠨ᠂ 2022 ᠣᠨ ᠤ ᠬᠢ ᠠᠴᠠ 105 ᠬᠥᠮᠦᠨ ᠨᠡᠮᠡᠭᠳᠡᠭᠦᠯᠵᠦ᠂ 

ᠰᠤᠷᠭᠠᠭᠤᠯᠢ ᠶᠢ ᠳᠡᠮᠵᠢᠨ ᠨᠠᠷᠠᠲᠤ ᠵᠠᠬᠢᠷᠤᠯ ᠨᠡᠷᠡᠲᠦ ᠪᠠᠭᠰᠢ ᠶᠢᠨ ᠠᠵᠢᠯᠯᠠᠬᠤ ᠭᠠᠵᠠᠷ ᠢ ᠠᠰᠢᠭᠯᠠᠨ ᠲᠤᠰᠠᠯᠠᠮᠵᠢ

ᠬᠦᠷᠲᠡᠬᠦ ᠰᠤᠷᠭᠠᠭᠤᠯᠢ ᠶᠢᠨ ᠪᠠᠭᠰᠢ ᠰᠤᠷᠤᠭᠴᠢ ᠶᠢ ᠡᠯᠰᠡᠨ ᠠᠪᠴᠤ᠂ 11500 ᠭᠠᠷᠤᠢ ᠤᠳᠠᠭ᠎ᠠ ᠵᠢᠭᠠᠬᠤ ᠶᠢ

ᠰᠤᠳᠤᠯᠬᠤ ᠠᠵᠢᠯᠯᠠᠭ᠎ᠠ ᠶᠢ ᠥᠷᠨᠢᠭᠦᠯᠪᠡ︔ ᠲᠤᠰᠠᠯᠠᠮᠵᠢ ᠬᠦᠷᠲᠡᠬᠦ ᠰᠤᠷᠭᠠᠭᠤᠯᠢ 435 ᠰᠢᠯᠭᠠᠷᠠᠭᠰᠠᠨ ᠪᠠᠭᠰᠢ ᠶᠢ

ᠰᠣᠩᠭᠤᠵᠤ᠂  ᠳᠤᠰᠠᠯᠠᠮᠵᠢ ᠭᠦᠷᠲᠡᠬᠦ ᠰᠤᠷᠭᠠᠭᠤᠯᠢ ᠳᠤ ᠣᠴᠢᠭᠤᠯᠤᠨ ᠠᠵᠢᠯ ᠤᠨ ᠪᠠᠶᠢᠷᠢ ᠳᠠᠭᠠᠵᠤ

ᠰᠤᠷᠤᠯᠴᠠᠭᠤᠯᠪᠠ᠃ ︽ᠭᠤᠷᠪᠠᠨ ᠣᠷᠣᠨ︾ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠪᠠᠭᠰᠢ ᠶᠢᠨ ᠲᠤᠰᠬᠠᠢ

ᠲᠥᠯᠥᠪᠯᠡᠭᠡ ᠪᠠ ᠳᠤᠮᠳᠠᠳᠤ ᠪᠠᠭ᠎ᠠ ᠰᠤᠷᠭᠠᠭᠤᠯᠢ ᠶᠢᠨ ᠪᠤᠭᠤᠷᠠᠯᠴᠤᠳ ᠤᠨ ᠡᠷᠳᠡᠮ ᠰᠢᠨᠵᠢᠯᠡᠭᠡᠨ ᠶᠠᠷᠢᠶᠠᠨ ᠤ

ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ 454 ᠰᠢᠯᠢᠳᠡᠭ ᠰᠤᠷᠭᠠᠭᠤᠯᠢ ᠶᠢᠨ ᠵᠠᠬᠢᠷᠤᠯ᠂ ᠪᠠᠭᠰᠢ ᠶᠢ

ᠰᠣᠩᠭᠤᠨ ᠰᠤᠷᠭᠠᠨ ᠬᠥᠮᠦᠵᠢᠯ ᠢ ᠳᠡᠮᠵᠢᠭᠦᠯᠦᠨ᠂ ᠰᠤᠳᠤᠯᠭᠠᠨ ᠢ ᠳᠡᠮᠵᠢᠭᠦᠯᠵᠦ᠂ ᠰᠤᠷᠭᠠᠨ ᠬᠥᠮᠦᠵᠢᠯ ᠤᠨ

ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠭᠤᠷᠢ ᠲᠠᠯᠪᠢᠵᠤ ᠡᠨᠧᠷᠭᠢ ᠣᠯᠭᠤᠪᠠ᠃

      ᠬᠠᠮᠢᠶᠠᠷᠤᠯᠲᠠ ᠶᠢᠨ ᠥᠭᠡᠷᠡᠴᠢᠯᠡᠯᠲᠡ ᠶᠢ ᠨᠠᠷᠢᠯᠢᠭ ᠪᠥᠭᠡᠳ ᠪᠣᠳᠠᠲᠠᠢ ᠨᠠᠶᠢᠳᠠᠪᠤᠷᠢᠵᠢᠭᠤᠯᠪᠠ

      ᠡᠯ᠎ᠡ ᠰᠠᠯᠠᠭ᠎ᠠ ᠮᠥᠴᠢᠷ ᠢ ᠴᠤᠭᠯᠠᠭᠤᠯᠤᠨ ᠠᠵᠢᠯ ᠢᠶᠠᠨ ᠬᠠᠮᠲᠤᠳᠬᠠᠵᠤ᠂ ᠪᠠᠭᠰᠢ ᠶᠢᠨ ᠡᠩᠨᠡᠭᠡᠨ ᠤ

ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ᠃ 12

ᠶᠡᠭᠡ ᠳᠡᠭᠡᠳᠦ ᠰᠤᠷᠭᠠᠭᠤᠯᠢ ᠶᠢᠨ ᠬᠢᠨᠠᠨ ᠲᠣᠭᠲᠠᠭᠠᠭᠰᠠᠨ ᠠᠵᠢᠯᠲᠠᠨ ᠤ ᠶᠡᠷᠦᠩᠬᠡᠢ ᠲᠤᠭ᠎ᠠ 18684᠂ ᠰᠢᠨ᠎ᠡ ᠪᠠᠷ

ᠨᠡᠮᠡᠭᠳᠡᠭᠰᠡᠨ ᠬᠢᠵᠠᠭᠠᠷᠯᠠᠭᠰᠠᠨ ᠲᠤᠭ᠎ᠠ 3326︔ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ︾ ᠶᠢ ᠨᠡᠶᠢᠲᠡᠯᠡᠭᠰᠡᠨ ᠪᠥᠭᠡᠳ ᠪᠠᠷᠢᠮᠵᠢᠶ᠎ᠠ ᠨᠢ ᠪᠦᠬᠦ ᠤᠯᠤᠰ ᠤᠨ

ᠡᠮᠦᠨ᠎ᠡ ᠡᠩᠨᠡᠭᠡᠨ ᠳᠤ ᠣᠷᠣᠵᠤ᠂ ᠡᠭᠦᠨ ᠠᠴᠠ ᠡᠬᠢᠯᠡᠨ᠂ ᠮᠠᠨ ᠤ ᠣᠷᠣᠨ ᠤ ᠪᠠᠭᠰᠢ ᠠᠵᠢᠯᠲᠠᠨ ᠠᠵᠢᠯᠴᠢᠨ ᠤ ᠣᠷᠣᠨ

ᠲᠤᠭ᠎ᠠ ᠶᠢᠨ ᠪᠠᠷᠢᠮᠵᠢᠶ᠎ᠠ ᠶᠢᠨ ᠳᠣᠭᠲᠠᠯᠴᠠᠭ᠎ᠠ ᠪᠦᠬᠦ ᠰᠤᠷᠤᠯᠭ᠎ᠠ ᠶᠢᠨ ᠱᠠᠲᠤ ᠶᠢ ᠬᠠᠮᠤᠷᠪᠠ︔ ᠠᠩᠬ᠎ᠠ ᠤᠳᠠᠭ᠎ᠠ

ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠬᠢᠷᠢ          

ᠬᠡᠮᠲᠦ︾ ᠪᠠᠭᠰᠢ ᠶᠢ ᠮᠠᠭᠠᠳᠯᠠᠨ ᠳᠣᠭᠲᠠᠭᠠᠬᠤ ᠠᠵᠢᠯ ᠢ ᠥᠷᠨᠢᠭᠦᠯᠦᠨ᠂ ︽ᠬᠤᠣᠰ ᠬᠢᠷᠢ ᠬᠡᠮᠲᠦ︾ ᠪᠠᠭᠰᠢ 9702

 ᠶᠢ ᠮᠠᠭᠠᠳᠯᠠᠨ ᠲᠣᠭᠲᠠᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ

ᠬᠢᠴᠢᠶᠡᠯ ᠤᠨ ᠪᠠᠭᠰᠢ ᠶᠢᠨ ᠶᠡᠷᠦᠩᠬᠡᠢ ᠲᠤᠭ᠎ᠠ ᠶᠢᠨ 57.78% ᠶᠢ ᠡᠵᠡᠯᠡᠪᠡ︔ ᠳᠤᠮᠳᠠᠳᠤ ᠪᠠᠭ᠎ᠠ

ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠲᠤᠷᠰᠢᠯᠲᠠ ᠶᠢᠨ ᠴᠡᠭ ᠢ

ᠪᠦᠬᠦ ᠲᠠᠯ᠎ᠠ ᠪᠠᠷ ᠳᠡᠯᠭᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ

ᠪᠠᠶᠢᠬᠤ ᠪᠠᠭᠰᠢ ᠶᠢ ᠬᠠᠮᠤᠷᠴᠤ᠂ ᠳᠡᠪᠰᠢᠵᠦ ᠪᠠᠭᠤᠵᠤ ᠪᠣᠯᠬᠤᠶᠢᠴᠠ ᠬᠢᠨᠠᠨ ᠰᠢᠯᠭᠠᠬᠤ ᠬᠠᠮᠢᠶᠠᠷᠤᠯᠲᠠ ᠶᠢᠨ

ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃

   

3.jpg

     ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ ᠠᠵᠢᠯ ᠰᠢᠨ᠎ᠡ ᠰᠢᠪᠲᠤᠯᠤᠯᠲᠠ ᠲᠠᠢ

ᠪᠣᠯᠪᠠ

     ︽ᠭᠠᠳᠠᠭᠰᠢ ᠭᠠᠷᠭᠠᠬᠤ᠂ ᠤᠷᠢᠨ ᠠᠪᠴᠢᠷᠠᠬᠤ︾ ᠶᠢ ᠪᠠᠷᠢᠮᠲᠠᠯᠠᠨ᠂ ︽ᠦᠯᠡᠳᠡᠭᠡᠵᠦ ᠳᠡᠶᠢᠯᠬᠦ᠂ ᠰᠠᠶᠢᠲᠤᠷ          

ᠬᠡᠷᠡᠭᠯᠡᠬᠦ︾ ᠶᠢ ᠴᠢᠬᠤᠯᠠᠴᠢᠯᠠᠵᠤ᠂ ᠳᠡᠭᠡᠳᠦ ᠳᠡᠰ ᠤᠨ ᠴᠢᠳᠠᠪᠤᠷᠢᠲᠠᠨ  ᠢ ᠬᠥᠮᠦᠵᠢᠭᠦᠯᠵᠦ ᠦᠯᠡᠳᠡᠭᠡᠨ ᠬᠡᠷᠡᠭᠯᠡᠬᠦ

ᠪᠠᠶᠢᠭᠤᠯᠤᠯ ᠲᠣᠭᠲᠠᠴᠠ ᠶᠢ ᠨᠡᠩ ᠪᠣᠯᠪᠠᠰᠤᠷᠠᠩᠭᠤᠢ ᠪᠣᠯᠭᠠᠪᠠ᠃ ︽ᠡᠬᠢ ᠡᠭᠦᠰᠦᠯ ᠠᠴᠠ ᠨᠢ ᠬᠦᠴᠦᠷᠬᠡᠭᠵᠢᠭᠦᠯᠦᠨ

ᠰᠢᠨᠡᠳᠭᠡᠬᠦ︾ ᠶᠢ ᠪᠠᠷᠢᠮᠲᠠᠯᠠᠨ᠂ 4 ᠬᠥᠮᠦᠨ ︽ᠬᠥᠬᠡᠮᠥ᠋ᠷᠡᠨ ᠡᠷᠳᠡᠮᠲᠡᠨ ᠢ ᠱᠠᠩᠨᠠᠨ ᠬᠥᠬᠢᠭᠦᠯᠬᠦ ᠲᠥᠯᠥᠪᠯᠡᠭᠡ︾ ᠶᠢᠨ

ᠣᠨᠴᠠ ᠤᠷᠢᠭᠰᠠᠨ ᠫᠷᠣᠹᠧᠰᠰᠣᠷ ᠤᠨ ᠲᠥᠷᠥᠯ ᠵᠦᠢᠯ ᠳᠤ ᠰᠣᠩᠭᠤᠭᠳᠠᠪᠠ︔ 1 ᠬᠥᠮᠦᠨ ᠵᠠᠯᠠᠭᠤᠴᠤᠳ

ᠬᠥᠬᠡᠮᠥ᠋ᠷᠡᠨ ᠤ ᠲᠥᠷᠥᠯ ᠵᠦᠢᠯ ᠳᠤ ᠰᠣᠩᠭᠤᠭᠳᠠᠪᠠ︔ 2 ᠬᠥᠮᠦᠨ ᠤᠯᠤᠰ ᠤᠨ ᠳᠡᠭᠡᠳᠦ ᠳᠡᠰ  ᠤᠨ ᠴᠢᠳᠠᠪᠤᠷᠢᠲᠠᠨ ᠢ

ᠣᠨᠴᠠᠭᠠᠢ ᠳᠡᠮᠵᠢᠬᠦ ᠲᠥᠯᠥᠪᠯᠡᠭᠡᠨ ᠤ ᠵᠠᠯᠠᠭᠤ ᠣᠷᠦ᠋ᠢᠯᠠᠭᠰᠠᠨ ᠴᠢᠳᠠᠪᠤᠷᠢᠲᠠᠨ ᠢᠶᠠᠷ ᠰᠣᠩᠭᠤᠭᠳᠠᠵᠤ᠂ 2 ᠬᠥᠮᠦᠨ

ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠢ ᠣᠨᠴᠠᠭᠠᠢ ᠳᠡᠮᠵᠢᠬᠦ ᠲᠥᠯᠥᠪᠯᠡᠭᠡᠨ ᠤ ᠵᠢᠭᠠᠨ ᠰᠤᠷᠭᠠᠯᠲᠠ ᠶᠢᠨ

ᠨᠡᠷᠡᠲᠦ ᠪᠠᠭᠰᠢ ᠪᠠᠷ ᠰᠣᠩᠭᠤᠭᠳᠠᠪᠠ᠂ 2 ᠪᠦᠯᠬᠦᠮ ᠨᠡᠶᠢᠲᠡ ᠪᠦᠬᠦ ᠤᠯᠤᠰ ᠤᠨ ᠬᠤᠸᠠᠩ ᠳ᠋ᠠ ᠨᠢᠶᠠᠨ ᠮᠠᠶ᠋ᠢᠭ ᠤᠨ

ᠪᠠᠭᠰᠢ ᠶᠢᠨ ᠪᠦᠯᠬᠦᠮ ᠢᠶᠠᠷ ᠰᠣᠩᠭᠤᠭᠳᠠᠪᠠ︔ 8 ᠪᠠᠭᠰᠢ ᠵᠠᠬᠢᠷᠤᠯ ᠤᠯᠤᠰ ᠤᠨ ᠳᠤᠮᠳᠠᠳᠤ ᠪᠠᠭ᠎ᠠ ᠰᠤᠷᠭᠠᠭᠤᠯᠢ  ᠶᠢᠨ

︽ᠭᠤᠷᠪᠠᠨ ᠨᠡᠷᠡᠰ︾ ᠤᠨ ᠲᠥᠯᠥᠪᠯᠡᠭᠡ ᠳᠤ ᠰᠣᠩᠭᠤᠭᠳᠠᠵᠤ᠂ 6 ᠪᠠᠭᠰᠢ ᠵᠠᠬᠢᠷᠤᠯ ᠤᠯᠤᠰ ᠤᠨ ᠠᠵᠢᠯ

ᠮᠡᠷᠭᠡᠵᠢᠯ ᠤᠨ ᠰᠤᠷᠭᠠᠭᠤᠯᠢ ᠶᠢᠨ ︽ᠭᠤᠷᠪᠠᠨ ᠨᠡᠷᠡᠰ︾ ᠤᠨ ᠲᠥᠯᠥᠪᠯᠡᠭᠡ  ᠳᠤ ᠣᠷᠣᠵᠤ᠂ ︽ᠴᠡᠭᠡᠯᠭᠡᠨ          

ᠳᠠᠭᠤᠲᠤ︾ ᠪᠠᠭᠰᠢ ᠶᠢᠨ ᠡᠩᠨᠡᠭᠡ ᠶᠢ ᠬᠥᠮᠥᠵᠢᠭᠦᠯᠬᠦ ᠰᠢᠨ᠎ᠡ ᠠᠬᠢᠴᠠ ᠲᠠᠢ ᠪᠣᠯᠪᠠ᠃

     ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ᠰᠤᠷᠭᠠᠨ ᠬᠥᠮᠥᠵᠢᠯᠲᠡᠨ ᠤ ᠵᠣᠷᠢᠭ

ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠨᠳᠥᠷ ᠬᠡᠪ ᠴᠢᠨᠠᠷ ᠲᠠᠢ ᠪᠠᠭᠰᠢ ᠶᠢᠨ ᠡᠩᠨᠡᠭᠡ ᠶᠢ ᠬᠥᠮᠦᠵᠢᠭᠦᠯᠵᠦ᠂

ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ

ᠲᠡᠭᠦᠯᠳᠡᠷᠵᠢᠭᠦᠯᠦᠨ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ

ᠬᠠᠮᠢᠶᠠᠷᠤᠯᠲᠠ ᠪᠣᠯᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠷᠠᠭᠠᠯᠵᠠᠯ ᠢ ᠪᠠᠲᠤᠯᠠᠬᠤ

ᠡᠷᠴᠢᠮ ᠢ ᠴᠢᠩᠭᠠᠷᠠᠭᠤᠯᠤᠨ᠂ ᠢᠷᠠᠭᠤ ᠠᠯᠳᠠᠷ ᠬᠥᠬᠢᠭᠦᠯᠦᠯ ᠤᠨ ᠳᠣᠭᠲᠠᠯᠴᠠᠭ᠎ᠠ ᠢ ᠲᠡᠭᠦᠯᠳᠡᠷᠵᠢᠭᠦᠯᠵᠦ᠂ ᠪᠦᠬᠦ

ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ

ᠠᠮᠢᠰᠬᠤᠯ ᠢ ᠪᠣᠢ  ᠪᠣᠯᠭᠠᠨ᠂ ᠪᠠᠭᠰᠢ ᠶᠢᠨ ᠠᠵᠢᠯ  ᠢ ᠨᠡᠶᠢᠭᠡᠮ ᠳᠤ ᠬᠠᠮᠤᠭ ᠤᠨ ᠬᠦᠨᠳᠦᠳᠬᠡᠭᠳᠡᠬᠦ ᠪᠠ ᠬᠥᠮᠦᠰ ᠢ

ᠬᠠᠮᠤᠭ ᠤᠨ ᠪᠢᠰᠢᠷᠡᠭᠦᠯᠬᠦ ᠠᠵᠢᠯ ᠮᠡᠷᠭᠡᠵᠢᠯ ᠪᠣᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠥᠳᠲᠡᠷ

ᠲᠦᠷᠭᠡᠨ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ  ᠶᠢ

ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map