ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠦᠪᠯᠡᠯ ᠢ ᠪᠠᠶᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/1/18
          ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2024﹈ 3 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠳᠤ᠄      ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠵᠢᠯᠣᠭᠤᠳᠣᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠰᠬᠠᠢ ᠮᠡᠷᠭᠡᠵᠢᠯᠲᠡᠨ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠳᠤ ᠵᠥᠪᠯᠡᠯᠭᠡ ᠥᠭᠬᠦ᠂ ᠰᠤᠳᠤᠯᠬᠤ᠂ ᠦᠨᠡᠯᠡᠨ ᠵᠢᠱᠢᠬᠦ᠂ ᠵᠢᠯᠣᠭᠤᠳᠬᠤ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠡᠷᠡᠭᠦᠯ ᠬᠠᠮᠠᠭᠠᠯᠠᠯ  ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠬᠡᠷᠡᠭᠵᠢᠭᠦᠯᠬᠦ           ᠲᠥᠰᠦᠯ︾ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢᠨ ᠵᠢᠯᠣᠭᠤᠳᠬᠤ ᠵᠥᠪᠯᠡᠯ ᠢ ᠪᠠᠶᠢᠭᠤᠯᠬᠤ ᠪᠠᠷ ᠲᠣᠭᠲᠠᠵᠤ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠬᠤᠷᠸ᠎ᠠ ᠵᠢᠯᠣᠭᠤᠳᠣᠯᠭ᠎ᠠ ᠪᠠ ᠬᠠᠮᠢᠶᠠᠷᠤᠯᠲᠠ ᠶᠢ ᠴᠢᠩᠭᠠᠳᠬᠠᠬᠤ ᠳᠤ ᠬᠡᠷᠡᠭᠯᠡᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠵᠤ᠂ ᠮᠠᠨ ᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠵᠥᠪᠯᠡᠯᠭᠡ ᠥᠭᠬᠦ᠂ ᠰᠤᠳᠤᠯᠤᠨ ᠮᠠᠭᠠᠳᠯᠠᠬᠤ᠂ ᠪᠣᠯᠪᠠᠰᠤᠷᠠᠭᠤᠯᠬᠤ᠂ ᠦᠨᠡᠯᠡᠨ ᠵᠢᠱᠢᠬᠦ᠂ ᠵᠢᠱᠢᠶ᠎ᠡ ᠦᠵᠡᠭᠦᠯᠬᠦ᠂ ᠵᠢᠯᠣᠭᠤᠳᠬᠤ ᠪᠠ ᠦᠢᠯᠡᠴᠢᠯᠡᠬᠦ ᠵᠡᠷᠭᠡ ᠦᠢᠯᠡᠳᠦᠯ ᠢ ᠪᠠᠳᠠᠷᠠᠭᠤᠯᠬᠤ ᠲᠤᠰᠬᠠᠢ ᠮᠡᠷᠭᠡᠵᠢᠯᠲᠡᠨ ᠤ ᠵᠣᠬᠢᠶᠠᠨ ᠪᠠᠶᠢᠭᠤᠯᠤᠯᠲᠠ᠂ ᠣᠨᠴᠠ ᠪᠠᠶᠢᠭᠤᠯᠤᠭᠰᠠᠨ ᠪᠠᠶᠢᠭᠤᠯᠤᠮᠵᠢ ᠶᠢᠨ ᠰᠢᠨᠵᠢ ᠴᠢᠨᠠᠷ ᠲᠠᠢ ᠶᠤᠮ᠃ ᠭᠤᠣᠯ ᠡᠭᠦᠷᠭᠡ ᠬᠠᠷᠢᠭᠤᠴᠠᠯᠭ᠎ᠠ ᠳᠤ᠄ ᠰᠤᠷᠭᠠᠭᠤᠯᠢ ᠶᠢᠨ ᠡᠷᠡᠭᠦᠯ ᠬᠠᠮᠠᠭᠠᠯᠠᠯ ᠵᠢᠴᠢ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠣᠨᠣᠪᠴᠢᠲᠠᠢ ᠮᠠᠭᠠᠳᠯᠠᠵᠤ᠂ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠨᠥᠬᠦᠴᠡᠯ ᠢ ᠪᠠᠲᠤᠯᠠᠬᠤ᠂ ᠬᠢᠨᠠᠨ ᠪᠠᠶᠢᠴᠠᠭᠠᠵᠤ ᠦᠨᠡᠯᠡᠬᠦ ᠵᠡᠷᠭᠡ ᠲᠠᠯ᠎ᠠ ᠶᠢᠨ ᠰᠠᠨᠠᠭᠤᠯᠭ᠎ᠠ ᠶᠢ ᠴᠠᠭ ᠲᠤᠬᠠᠢ ᠳᠤ ᠨᠢ ᠳᠤᠷᠠᠳᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠵᠢᠴᠢ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠴᠢᠭᠯᠡᠭᠦᠯᠦᠨ᠂ ᠪᠠᠶᠢᠴᠠᠭᠠᠨ ᠰᠣᠳᠤᠯᠬᠤ᠂ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠡ︔ ᠪᠠᠭᠰᠢ ᠶᠢᠨ ᠪᠣᠯᠪᠠᠰᠤᠷᠠᠯ᠂ ᠵᠢᠭᠠᠨ ᠰᠤᠷᠭᠠᠯᠲᠠ ᠶᠢ ᠰᠤᠳᠤᠯᠤᠨ ᠶᠠᠷᠢᠯᠴᠠᠬᠤ᠂ ᠤᠷᠤᠯᠳᠤᠭᠠᠨ ᠪᠠ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠲᠥᠷᠥ  ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠲᠠᠶᠢᠯᠪᠤᠷᠢᠯᠠᠵᠤ᠂ ᠰᠤᠷᠭᠠᠭᠤᠯᠢ ᠶᠢᠨ ᠰᠢᠯᠢᠳᠡᠭ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠤᠬᠠᠭᠤᠯᠤᠨ ᠳᠡᠯᠭᠡᠷᠡᠭᠦᠯᠵᠦ᠂ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠬᠠᠮᠢᠶ᠎ᠠ ᠪᠦᠬᠦᠢ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠡᠷᠳᠡᠮ ᠰᠢᠨᠵᠢᠯᠡᠭᠡᠨ ᠤ ᠬᠢᠷᠢ  ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠤᠨ᠎ᠠ᠃      ᠠᠩᠬᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠭᠡᠰᠢᠭᠦᠨ 81 ᠬᠥᠮᠦᠨ᠂ ᠤᠷᠢᠬᠤ ᠬᠤᠭᠤᠴᠠᠭ᠎ᠠ 4 ᠵᠢᠯ᠂ 2024 ᠣᠨ  ᠤ 1 ᠰᠠᠷ᠎ᠠ ᠠᠴᠠ ᠡᠬᠢᠯᠡᠨ 2028 ᠣᠨ ᠤ 1 ᠰᠠᠷ᠎ᠠ ᠪᠣᠯᠲᠠᠯ᠎ᠠ ᠪᠣᠯᠤᠨ᠎ᠠ᠃ ᠡᠷᠬᠢᠯᠡᠭᠴᠢ ᠭᠡᠰᠢᠭᠦᠨ 1᠂ ᠳᠡᠳ᠋ ᠡᠷᠬᠢᠯᠡᠭᠴᠢ ᠭᠡᠰᠢᠭᠦᠨ 12᠂ ᠨᠠᠷᠢᠨ ᠪᠢᠴᠢᠭ ᠤᠨ ᠳᠠᠷᠤᠭ᠎ᠠ 1᠂ ᠳᠡᠳ᠋ ᠨᠠᠷᠢᠨ ᠪᠢᠴᠢᠭ ᠤᠨ ᠳᠠᠷᠤᠭ᠎ᠠ 2 ︵ᠨᠡᠷᠡᠰ ᠵᠢᠴᠢ ᠳᠤᠭᠤᠶᠢᠯᠠᠩ ᠬᠤᠪᠢᠶᠠᠭᠰᠠᠨ ᠢ ᠳᠠᠭᠠᠯᠳᠤᠭᠤᠯᠤᠯ 1 ᠳᠤ ᠦᠵᠡᠭᠡᠷᠡᠢ︶ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠠᠵᠢᠯ ᠢ ᠡᠷᠬᠢᠯᠡᠭᠴᠢ ᠭᠡᠰᠢᠭᠦᠨ ᠡᠷᠬᠢᠯᠡᠵᠦ᠂ ᠳᠡᠳ᠋ ᠡᠷᠬᠢᠯᠡᠭᠴᠢ ᠭᠡᠰᠢᠭᠦᠨ ᠬᠠᠪᠰᠤᠷᠴᠤ᠂ ᠨᠠᠷᠢᠨ ᠪᠢᠴᠢᠭ ᠤᠨ ᠳᠠᠷᠤᠭ᠎ᠠ ᠵᠢᠴᠢ ᠳᠡᠳ᠋ ᠨᠠᠷᠢᠨ ᠪᠢᠴᠢᠭ ᠤᠨ ᠳᠠᠷᠤᠭ᠎ᠠ ᠡᠷᠬᠢᠯᠡᠭᠴᠢ ᠪᠠ ᠳᠡᠳ᠋ ᠡᠷᠬᠢᠯᠡᠭᠴᠢ ᠭᠡᠰᠢᠭᠦᠨ ᠢ ᠬᠠᠮᠵᠢᠨ ᠡᠳᠦᠷ ᠲᠤᠲᠤᠮ ᠤᠨ ᠠᠵᠢᠯ ᠢ ᠰᠢᠢᠳᠪᠦᠷᠢᠯᠡᠨ᠎ᠡ᠃ ᠵᠦᠪᠯᠡᠯ ᠤᠨ ᠠᠯᠪᠠᠨ ᠭᠡᠷ ᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠳᠤ ᠲᠣᠬᠢᠷᠠᠭᠤᠯᠵᠤ᠂ ᠡᠳᠦᠷ ᠲᠤᠲᠤᠮ ᠤᠨ ᠠᠵᠢᠯ ᠵᠢᠴᠢ ᠪᠣᠳᠠᠲᠠᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠪᠠᠶᠢᠴᠠᠭᠠᠨ ᠰᠤᠳᠤᠯᠵᠤ ᠦᠨᠡᠯᠡᠨ ᠵᠢᠱᠢᠬᠦ᠂ ᠭᠡᠰᠢᠭᠦᠳ ᠤᠨ ᠬᠤᠷᠠᠯ ᠬᠤᠷᠠᠯᠳᠤᠭᠤᠯᠬᠤ ᠵᠡᠷᠭᠡ ᠶᠡᠷᠦᠩᠬᠡᠶᠢᠯᠡᠭᠰᠡᠨ ᠴᠢᠨᠠᠷᠲᠠᠢ ᠠᠵᠢᠯ ᠢ ᠬᠠᠷᠢᠭᠤᠴᠠᠨ᠎ᠠ᠃         ᠳᠠᠭᠠᠯᠳᠤᠭᠤᠯᠤᠯ᠄      1. ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠦᠪᠯᠡᠯ ᠤᠨ ᠬᠡᠰᠢᠭᠦᠨ ᠤ ᠨᠡᠷᠡᠰ     2. ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ  ᠵᠦᠪᠯᠡᠯ ᠤᠨ ᠳᠦᠷᠢᠮ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                        2024 ᠣᠨ ᠤ 1 ᠰᠠᠷ᠎ᠠ ᠶᠢᠨ 5 ᠤ ᠡᠳᠦᠷᠳᠠᠭᠠᠯᠳᠤᠭᠤᠯᠤᠯ 1᠄ 1. ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠦᠪᠯᠡᠯ  ᠤᠨ ᠬᠡᠰᠢᠭᠦᠨ ᠤ ᠨᠡᠷᠡᠰ .docxᠳᠠᠭᠠᠯᠳᠤᠭᠤᠯᠤᠯ 2᠄ 2. ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ  ᠵᠦᠪᠯᠡᠯ ᠤᠨ ᠳᠦᠷᠢᠮ .docx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map