2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠵᠢᠴᠢ ᠬᠢᠷᠢ ᠲᠡᠩᠴᠡᠬᠦ ᠬᠢᠵᠠᠭᠠᠷ ᠬᠤᠪᠢ ᠶᠢᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/1/19
      ᠨᠢᠭᠡ᠂ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢᠨ ᠲᠣᠳᠣᠷᠬᠠᠶᠢᠯᠠᠯᠲᠠ      ︵ᠨᠢᠭᠡ︶ ᠡᠯ᠎ᠡ ᠰᠢᠯᠭᠠᠯᠲᠠ ᠶᠢᠨ ᠬᠢᠴᠢᠶᠡᠯ ᠲᠥᠷᠥᠯ ᠳᠤ ᠵᠠᠭᠤᠨ ᠤ ᠬᠤᠪᠢ ᠶᠢᠨ ᠳᠦᠷᠢᠮ ᠢᠶᠠᠷ ᠬᠤᠪᠢ ᠥᠭᠴᠦ᠂ ᠬᠢᠷᠢ ᠪᠦᠲᠦᠮᠵᠢ ᠶᠢ ᠬᠠᠷᠠᠭᠠᠯᠵᠠᠭᠰᠠᠨ ᠨᠣᠭᠳᠠᠬᠤ ᠬᠤᠪᠢ ᠶᠢᠨ ᠬᠠᠷᠢᠴᠠᠯ ᠢᠶᠠᠷ ᠨᠤᠭᠤᠯᠤᠨ ᠪᠣᠳᠣᠭᠰᠠᠨ ᠤ ᠳᠠᠷᠠᠭ᠎ᠠ 2 ᠣᠷᠣᠨᠲᠤ ᠪᠠᠭ᠎ᠠ ᠲᠤᠭ᠎ᠠ ᠶᠢ ᠦᠯᠡᠳᠡᠭᠡᠵᠦ᠂ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠢ ᠬᠤᠪᠢ ᠨᠢ 2 ᠣᠷᠣᠨᠲᠤ ᠪᠠᠭ᠎ᠠ ᠲᠤᠭ᠎ᠠ ᠶᠢ ᠦᠯᠡᠳᠡᠭᠡᠨ᠎ᠡ᠃      ︵ᠬᠤᠶᠠᠷ︶ ᠤᠷᠠᠯᠢᠭ ᠤᠨ ᠲᠥᠷᠥᠯ ᠤᠨ ᠨᠢᠭᠡᠳᠦᠯᠲᠡᠢ ᠰᠢᠯᠭᠠᠯᠲᠠ ᠶᠢᠨ ᠲᠥᠷᠥᠯ ᠤᠨ ᠡᠯ᠎ᠡ ᠰᠢᠯᠭᠠᠯᠲᠠ ᠶᠢᠨ ᠬᠢᠴᠢᠶᠡᠯ ᠲᠥᠷᠥᠯ ᠤᠨ ᠬᠢᠷᠢ ᠪᠦᠲᠦᠮᠵᠢ ᠶᠢ ᠨᠤᠭᠤᠯᠤᠨ ᠪᠣᠳᠣᠬᠤ ᠠᠷᠭ᠎ᠠ      1. ᠳᠠᠭᠤᠤ ᠬᠥᠭᠵᠢᠮ ᠤᠨ ᠲᠥᠷᠥᠯ      ︵1︶ ᠨᠡᠶᠢᠲᠡᠯᠡᠭᠰᠡᠨ ᠬᠥᠭᠵᠢᠮ ᠤᠨ ᠣᠨᠣᠯ ᠤᠨ ᠬᠢᠷᠢ ᠪᠦᠲᠦᠮᠵᠢ = ᠬᠥᠭᠵᠢᠮ ᠤᠨ ᠣᠨᠣᠯ ᠳᠤ ᠥᠭᠭᠦᠭᠰᠡᠨ ᠨᠣᠭᠳᠠᠬᠤ ᠬᠤᠪᠢ × 0.15      ︵2︶ ᠨᠡᠶᠢᠲᠡᠯᠡᠭᠰᠡᠨ ᠰᠣᠨᠣᠰᠴᠤ ᠪᠢᠴᠢᠭᠰᠡᠨ ᠬᠢᠷᠢ ᠪᠦᠲᠦᠮᠵᠢ = ᠰᠣᠨᠣᠰᠴᠤ ᠪᠢᠴᠢᠬᠦ ᠳᠤ ᠥᠭᠭᠦᠭᠰᠡᠨ ᠨᠣᠭᠳᠠᠬᠤ ᠬᠤᠪᠢ × 0.3      ︵3︶ ᠨᠡᠶᠢᠲᠡᠯᠡᠭᠰᠡᠨ ᠨᠣᠲᠯᠠᠵᠤ ᠳᠠᠭᠤᠯᠠᠭᠰᠠᠨ ᠬᠢᠷᠢ ᠪᠦᠲᠦᠮᠵᠢ = ᠨᠣᠲᠯᠠᠵᠤ ᠳᠠᠭᠤᠯᠠᠬᠤ ᠳᠤ ᠥᠭᠭᠦᠭᠰᠡᠨ ᠨᠣᠭᠳᠠᠬᠤ ᠬᠤᠪᠢ × 0.15      ︵4︶ ᠨᠡᠶᠢᠲᠡᠯᠡᠭᠰᠡᠨ ᠳᠠᠭᠤᠯᠠᠬᠤᠢ ︵ᠬᠥᠭᠵᠢᠮ︶ ᠶᠢᠨ ᠬᠢᠷᠢ ᠪᠦᠲᠦᠮᠵᠢ = ᠳᠠᠭᠤᠯᠠᠬᠤᠢ ︵ᠬᠥᠭᠵᠢᠮ︶ ᠳᠤ ᠥᠭᠭᠦᠭᠰᠡᠨ ᠨᠣᠭᠳᠠᠬᠤ ᠬᠤᠪᠢ × 2.4      ︵5︶ ᠨᠡᠶᠢᠲᠡᠯᠡᠭᠰᠡᠨ ᠳᠠᠭᠤᠯᠠᠬᠤᠢ ︵ᠬᠥᠭᠵᠢᠮ︶ ᠶᠢᠨ ᠭᠤᠣᠯ ᠲᠥᠷᠦᠯ ᠤᠨ ᠬᠢᠷᠢ ᠪᠦᠲᠦᠮᠵᠢ = ᠳᠠᠭᠤᠯᠠᠬᠤᠢ ︵ᠬᠥᠭᠵᠢᠮ︶ ᠶᠢᠨ ᠭᠤᠣᠯ ᠲᠥᠷᠦᠯ ᠳᠤ ᠥᠭᠭᠦᠭᠰᠡᠨ ᠨᠣᠭᠳᠠᠬᠤ ᠬᠤᠪᠢ × 1.65      ︵6︶ ᠨᠡᠶᠢᠲᠡᠯᠡᠭᠰᠡᠨ ᠳᠠᠭᠤᠯᠠᠬᠤᠢ ︵ᠬᠥᠭᠵᠢᠮ︶ ᠶᠢᠨ ᠳᠡᠳ᠋ ᠲᠥᠷᠦᠯ ᠤᠨ ᠬᠢᠷᠢ ᠪᠥᠲᠦᠮᠵᠢ = ᠳᠠᠭᠤᠯᠠᠬᠤᠢ ︵ᠬᠥᠭᠵᠢᠮ︶ ᠶᠢᠨ ᠳᠡᠳ᠋ ᠲᠥᠷᠦᠯ ᠳᠤ ᠥᠭᠭᠦᠭᠰᠡᠨ ᠨᠣᠭᠳᠠᠬᠤ ᠬᠤᠪᠢ × 0.75      ︵7︶ ᠳᠠᠭᠤᠤ ᠬᠥᠭᠵᠢᠮ ᠤᠨ ᠰᠤᠷᠭᠠᠨ ᠬᠥᠮᠦᠵᠢᠯ ᠤᠨ ᠲᠥᠷᠦᠯ ᠢ ᠳᠠᠭᠤᠤ ᠬᠥᠭᠵᠢᠮ  ᠤᠨ ᠲᠣᠭᠯᠠᠯᠲᠠ ᠶᠢᠨ ᠲᠥᠷᠥᠯ ᠲᠠᠢ ᠬᠠᠪᠰᠤᠷᠭᠠᠨ ᠮᠡᠳᠡᠭᠦᠯᠬᠦ ᠦᠶ᠎ᠡ ᠳᠤ᠂ ᠨᠡᠶᠢᠲᠡᠯᠡᠭᠰᠡᠨ ᠳᠠᠭᠤᠯᠠᠬᠤᠢ ︵ᠬᠥᠭᠵᠢᠮ︶ ᠶᠢᠨ ᠬᠠᠪᠰᠤᠷᠭᠠᠨ ᠮᠡᠳᠡᠭᠦᠯᠦᠭᠰᠡᠨ ᠬᠢᠷᠢ ᠪᠥᠲᠦᠮᠵᠢ = ᠳᠠᠭᠤᠤ ᠬᠥᠭᠵᠢᠮ ᠤᠨ ᠰᠤᠷᠭᠠᠨ ᠬᠥᠮᠦᠵᠢᠯ ᠤᠨ ᠲᠥᠷᠥᠯ ᠤᠨ ᠳᠠᠭᠤᠯᠠᠬᠤᠢ ︵ᠬᠥᠭᠵᠢᠮ︶ ᠳᠤ ᠥᠭᠭᠦᠭᠰᠡᠨ ᠨᠣᠭᠳᠠᠬᠤ ᠬᠤᠪᠢ × 2.4      2 . ᠪᠥᠵᠢᠭ ᠤᠨ ᠲᠥᠷᠥᠯ      ︵1︶ ᠨᠡᠶᠢᠲᠡᠯᠡᠭᠰᠡᠨ ᠪᠥᠵᠢᠭ ᠤᠨ ᠦᠨᠳᠦᠰᠦᠨ ᠮᠡᠷᠭᠡᠵᠢᠯ ᠤᠨ ᠬᠢᠷᠢ ᠪᠥᠲᠦᠮᠵᠢ = ᠪᠥᠵᠢᠭ ᠤᠨ ᠦᠨᠳᠦᠰᠦᠨ ᠮᠡᠷᠭᠡᠵᠢᠯ ᠳᠤ ᠥᠭᠭᠦᠭᠰᠡᠨ ᠨᠣᠭᠳᠠᠬᠤ ᠬᠤᠪᠢ × 1.2      ︵2︶ ᠨᠡᠶᠢᠲᠡᠯᠡᠭᠰᠡᠨ ᠪᠥᠵᠢᠭ ᠤᠨ ᠳᠠᠷᠤᠢ ᠳᠤ ᠨᠢ ᠲᠣᠭᠯᠠᠭᠰᠠᠨ ᠬᠢᠷᠢ ᠪᠦᠲᠦᠮᠵᠢ = ᠪᠥᠵᠢᠭ ᠢ ᠳᠠᠷᠤᠢ ᠳᠤ ᠨᠢ ᠲᠣᠭᠯᠠᠬᠤ ᠳᠤ ᠥᠭᠭᠦᠭᠰᠡᠨ ᠨᠣᠭᠳᠠᠬᠤ ᠬᠤᠪᠢ × 0.3      ︵3︶ ᠨᠡᠶᠢᠲᠡᠯᠡᠭᠰᠡᠨ ᠪᠥᠵᠢᠭ ᠤᠨ ᠲᠣᠭᠯᠠᠯᠲᠠ ᠶᠢᠨ ᠬᠢᠷᠢ ᠪᠦᠲᠦᠮᠵᠢ = ᠪᠥᠵᠢᠭ ᠤᠨ ᠲᠣᠭᠯᠠᠯᠲᠠ ᠳᠤ ᠥᠭᠭᠦᠭᠰᠡᠨ ᠨᠣᠭᠳᠠᠬᠤ ᠬᠤᠪᠢ  × 1.5      3 . ᠲᠣᠭᠯᠠᠬᠤ ︵ᠤᠳᠤᠷᠢᠳᠬᠤ︶ ᠲᠥᠷᠥᠯ ᠤᠨ ᠰᠢ ᠵᠦᠴᠦᠭᠡ ᠺᠢᠨᠣ᠋ ᠲᠧᠯᠸᠢᠰ ᠤᠨ ᠲᠣᠭᠯᠠᠯᠲᠠ ᠶᠢᠨ ᠴᠢᠭᠯᠡᠯ      ︵1︶ ᠨᠡᠶᠢᠲᠡᠯᠡᠭᠰᠡᠨ ᠤᠳᠬ᠎ᠠ ᠵᠣᠬᠢᠶᠠᠯ ᠤᠨ ᠪᠥᠲᠦᠭᠡᠯ ᠢ ᠣᠩᠰᠢᠭᠰᠠᠨ ᠬᠢᠷᠢ ᠪᠦᠲᠦᠮᠵᠢ = ᠤᠳᠬ᠎ᠠ ᠵᠣᠬᠢᠶᠠᠯ ᠤᠨ ᠪᠦᠲᠦᠭᠡᠯ ᠢ ᠣᠩᠰᠢᠬᠤ ᠳᠤ ᠥᠭᠭᠦᠭᠰᠡᠨ ᠨᠣᠭᠳᠠᠬᠤ ᠬᠤᠪᠢ      ︵2︶ ᠨᠡᠶᠢᠲᠡᠯᠡᠭᠰᠡᠨ ᠭᠠᠷᠴᠠᠭ ᠥᠭᠴᠦ ᠳᠠᠷᠤᠢ ᠳᠤ ᠨᠢ ᠲᠣᠭᠯᠠᠭᠰᠠᠨ ᠬᠢᠷᠢ ᠪᠦᠲᠦᠮᠵᠢ = ᠭᠠᠷᠴᠠᠭ ᠥᠭᠴᠦ ᠳᠠᠷᠤᠢ ᠳᠤ ᠲᠣᠭᠯᠠᠬᠤ ᠳᠤ ᠥᠭᠭᠦᠭᠰᠡᠨ  ᠨᠣᠭᠳᠠᠬᠤ ᠬᠤᠪᠢ      ︵3︶ ᠨᠡᠶᠢᠲᠡᠯᠡᠭᠰᠡᠨ ᠥᠪᠡᠰᠦᠪᠡᠨ ᠰᠣᠩᠭᠤᠭᠰᠠᠨ ᠳᠠᠭᠤᠤ ᠶᠢ ᠳᠠᠭᠤᠯᠠᠭᠰᠠᠨ ᠬᠢᠷᠢ ᠪᠦᠲᠦᠮᠵᠢ = ᠥᠪᠡᠰᠦᠪᠡᠨ ᠰᠣᠩᠭᠤᠭᠰᠠᠨ ᠳᠠᠭᠤᠤ ᠶᠢ ᠳᠠᠭᠤᠯᠠᠬᠤ ᠳᠤ ᠥᠭᠭᠦᠭᠰᠡᠨ ᠨᠣᠭᠳᠠᠬᠤ ᠬᠤᠪᠢ × 0.5      ︵4︶ ᠨᠡᠶᠢᠲᠡᠯᠡᠭᠰᠡᠨ ᠬᠥᠳᠡᠯᠦᠯ ᠪᠠᠷᠢᠯ ᠤᠨ ᠮᠡᠷᠭᠡᠵᠢᠯ ᠢ ᠬᠠᠷᠠᠭᠤᠯᠤᠭᠰᠠᠨ ᠬᠢᠷᠢ ᠪᠦᠲᠦᠮᠵᠢ = ᠬᠥᠳᠡᠯᠦᠯ ᠪᠠᠷᠢᠯ ᠤᠨ ᠮᠡᠷᠭᠡᠵᠢᠯ ᠢ ᠬᠠᠷᠠᠭᠤᠯᠬᠤ ᠳᠤ  ᠥᠭᠭᠦᠭᠰᠡᠨ ᠨᠣᠭᠳᠠᠬᠤ ᠬᠤᠪᠢ × 0.5      4 . ᠲᠣᠭᠯᠠᠬᠤ ︵ᠤᠳᠤᠷᠢᠳᠬᠤ︶ ᠲᠥᠷᠥᠯ ᠤᠨ ᠬᠤᠪᠴᠠᠰᠤ ᠬᠤᠨᠠᠷ ᠵᠢᠷᠤᠵᠤ ᠲᠥᠯᠦᠪᠯᠡᠬᠦ ᠪᠠ ᠲᠣᠭᠯᠠᠯᠲᠠ ᠶᠢᠨ ᠴᠢᠭᠯᠡᠯ      ︵1︶ ᠨᠡᠶᠢᠲᠡᠯᠡᠭᠰᠡᠨ ᠪᠡᠶ᠎ᠡ ᠪᠠᠶᠢᠳᠠᠯ ᠳᠦᠷᠢ ᠲᠥᠷᠬᠦ ᠶᠢ ᠠᠵᠢᠭᠯᠠᠵᠤ ᠰᠢᠯᠭᠠᠭᠰᠠᠨ ᠬᠢᠷᠢ ᠪᠦᠲᠦᠮᠵᠢ = ᠪᠡᠶ᠎ᠡ ᠪᠠᠶᠢᠳᠠᠯ ᠳᠦᠷᠢ ᠲᠥᠷᠬᠦ ᠶᠢ ᠠᠵᠢᠭᠯᠠᠵᠤ  ᠰᠢᠯᠭᠠᠬᠤ ᠳᠤ ᠥᠭᠭᠦᠭᠰᠡᠨ ᠨᠣᠭᠳᠠᠬᠤ ᠬᠤᠪᠢ × 1.5      ︵2︶ ᠨᠡᠶᠢᠲᠡᠯᠡᠭᠰᠡᠨ ᠵᠥᠴᠦᠭᠡ ᠶᠢᠨ ᠠᠯᠬᠤᠯᠲᠠ ᠶᠢ ᠦᠵᠡᠭᠦᠯᠦᠭᠰᠡᠨ ᠬᠢᠷᠢ ᠪᠦᠲᠦᠮᠵᠢ = ᠵᠥᠴᠦᠭᠡ ᠶᠢᠨ ᠠᠯᠬᠤᠯᠲᠠ ᠶᠢ ᠦᠵᠡᠭᠦᠯᠬᠦ ᠳᠤ ᠥᠭᠭᠦᠭᠰᠡᠨ ᠨᠣᠭᠳᠠᠬᠤ ᠬᠤᠪᠢ × 1.2      ︵3︶ ᠨᠡᠶᠢᠲᠡᠯᠡᠭᠰᠡᠨ ᠤᠷᠠᠨ ᠮᠡᠷᠭᠡᠰᠢᠯ ᠢ ᠦᠵᠡᠭᠦᠯᠦᠭᠰᠡᠨ ᠬᠢᠷᠢ ᠪᠦᠲᠦᠮᠵᠢ = ᠤᠷᠠᠨ ᠮᠡᠷᠭᠡᠰᠢᠯ ᠢ ᠦᠵᠡᠭᠦᠯᠬᠦ ᠳᠤ ᠥᠭᠭᠦᠭᠰᠡᠨ ᠨᠣᠭᠳᠠᠬᠤ ᠬᠤᠪᠢ × 0.3      5 . ᠲᠣᠭᠯᠠᠬᠤ ︵ᠤᠳᠤᠷᠢᠳᠬᠤ︶ ᠲᠥᠷᠥᠯ ᠤᠨ ᠰᠢ ᠵᠦᠴᠦᠭᠡ ᠺᠢᠨᠣ᠋ ᠲᠧᠯᠸᠢᠰ ᠤᠨ ᠲᠣᠭᠯᠠᠯᠲᠠ ᠶᠢᠨ ᠴᠢᠭᠯᠡᠯ      ︵1︶ ᠨᠡᠶᠢᠲᠡᠯᠡᠭᠰᠡᠨ ᠤᠳᠬ᠎ᠠ ᠵᠣᠬᠢᠶᠠᠯ ᠤᠨ ᠪᠥᠲᠦᠭᠡᠯ ᠢ ᠣᠩᠰᠢᠭᠰᠠᠨ ᠬᠢᠷᠢ ᠪᠦᠲᠦᠮᠵᠢ = ᠤᠳᠬ᠎ᠠ ᠵᠣᠬᠢᠶᠠᠯ ᠤᠨ ᠪᠦᠲᠦᠭᠡᠯ ᠢ ᠣᠩᠰᠢᠬᠤ ᠳᠤ ᠥᠭᠭᠦᠭᠰᠡᠨ ᠨᠣᠭᠳᠠᠬᠤ ᠬᠤᠪᠢ × 0.5      ︵2︶ ᠨᠡᠶᠢᠲᠡᠯᠡᠭᠰᠡᠨ ᠭᠠᠷᠴᠠᠭ ᠥᠭᠴᠦ ᠳᠠᠷᠤᠢ ᠳᠤ ᠨᠢ ᠲᠣᠭᠯᠠᠭᠰᠠᠨ ᠬᠢᠷᠢ ᠪᠦᠲᠦᠮᠵᠢ = ᠭᠠᠷᠴᠠᠭ ᠥᠭᠴᠦ ᠳᠠᠷᠤᠢ ᠳᠤ ᠨᠢ ᠲᠣᠭᠯᠠᠬᠤ ᠳᠤ ᠥᠭᠭᠦᠭᠰᠡᠨ ᠨᠣᠭᠳᠠᠬᠤ ᠬᠤᠪᠢ × 0.5      ︵3︶ ᠨᠡᠶᠢᠲᠡᠯᠡᠭᠰᠡᠨ ᠬᠦᠦᠷᠨᠢᠯ ᠤᠨ ᠴᠢᠨᠠᠷᠲᠠᠢ ᠵᠣᠬᠢᠶᠠᠯ ᠢ ᠵᠣᠬᠢᠶᠠᠨ ᠪᠢᠴᠢᠭᠰᠡᠨ ᠬᠢᠷᠢ ᠪᠦᠲᠦᠮᠵᠢ = ᠬᠦᠦᠷᠨᠢᠯ ᠤᠨ ᠴᠢᠨᠠᠷᠲᠠᠢ ᠵᠣᠬᠢᠶᠠᠯ ᠢ ᠵᠣᠬᠢᠶᠠᠨ  ᠪᠢᠴᠢᠬᠦ ᠳᠤ ᠥᠭᠭᠦᠭᠰᠡᠨ ᠨᠣᠭᠳᠠᠬᠤ ᠬᠤᠪᠢ × 2      6 . ᠨᠡᠪᠲᠡᠷᠡᠭᠦᠯᠬᠦ ᠪᠠ ᠬᠥᠲᠦᠯᠬᠦ ᠲᠥᠷᠦᠯ      ︵1︶ ᠨᠡᠶᠢᠲᠡᠯᠡᠭᠰᠡᠨ ᠵᠣᠬᠢᠶᠠᠯ ᠢ ᠣᠩᠰᠢᠭᠰᠠᠨ ᠬᠢᠷᠢ ᠪᠦᠲᠦᠮᠵᠢ = ᠵᠣᠬᠢᠶᠠᠯ ᠢ ᠣᠩᠰᠢᠬᠤ ᠳᠤ ᠥᠭᠭᠦᠭᠰᠡᠨ ᠨᠣᠭᠳᠠᠬᠤ ᠬᠤᠪᠢ      ︵2︶ ᠨᠡᠶᠢᠲᠡᠯᠡᠭᠰᠡᠨ ᠰᠣᠨᠢᠨ ᠮᠡᠳᠡᠭᠡ ᠨᠡᠪᠲᠡᠷᠡᠭᠦᠯᠦᠨ ᠮᠡᠳᠡᠭᠡᠯᠡᠭᠰᠡᠨ ᠬᠢᠷᠢ ᠪᠦᠲᠦᠮᠵᠢ = ᠰᠣᠨᠢᠨ ᠮᠡᠳᠡᠭᠡ ᠨᠡᠪᠲᠡᠷᠡᠭᠦᠯᠦᠨ ᠮᠡᠳᠡᠭᠡᠯᠡᠬᠦ ᠳᠤ ᠥᠭᠭᠦᠭᠰᠡᠨ ᠨᠣᠭᠳᠠᠬᠤ ᠬᠤᠪᠢ      ︵3︶ ᠨᠡᠶᠢᠲᠡᠯᠡᠭᠰᠡᠨ ᠶᠠᠷᠢᠶᠠᠨ ᠤ ᠰᠡᠳᠦᠪ ᠢ ᠦᠨᠡᠯᠡᠭᠰᠡᠨ ᠬᠢᠷᠢ ᠪᠦᠲᠦᠮᠵᠢ = ᠶᠠᠷᠢᠶᠠᠨ ᠤ ᠰᠡᠳᠦᠪ ᠢ ᠦᠨᠡᠯᠡᠬᠦ ᠳᠤ ᠥᠭᠭᠦᠭᠰᠡᠨ ᠨᠣᠭᠳᠠᠬᠤ ᠬᠤᠪᠢ      7 . ᠤᠷᠠᠨ ᠵᠢᠷᠤᠭ ᠪᠠ ᠵᠢᠷᠤᠭ ᠲᠥᠯᠦᠪᠯᠡᠭᠡ ᠶᠢᠨ ᠲᠥᠷᠥᠯ      ︵1︶ ᠨᠡᠶᠢᠲᠡᠯᠡᠭᠰᠡᠨ ᠪᠣᠷᠣ ᠵᠢᠷᠤᠭ ᠤᠨ ᠬᠢᠷᠢ ᠪᠦᠲᠦᠮᠵᠢ = ᠪᠣᠷᠣ ᠵᠢᠷᠤᠭ ᠲᠤ ᠥᠭᠭᠦᠭᠰᠡᠨ ᠨᠣᠭᠳᠠᠬᠤ ᠬᠤᠪᠢ      ︵2︶ ᠨᠡᠶᠢᠲᠡᠯᠡᠭᠰᠡᠨ ᠥᠩᠭᠡ ᠪᠤᠳᠤᠭ ᠤᠨ ᠬᠢᠷᠢ ᠪᠦᠲᠦᠮᠵᠢ = ᠥᠩᠭᠡ ᠪᠤᠳᠤᠭ ᠲᠤ ᠥᠭᠭᠦᠭᠰᠡᠨ ᠨᠣᠭᠳᠠᠬᠤ ᠬᠤᠪᠢ      ︵3︶ ᠨᠡᠶᠢᠲᠡᠯᠡᠭᠰᠡᠨ ᠳᠠᠲᠠᠯᠠᠭᠠᠨ ᠵᠢᠷᠤᠭ ︵ᠶᠡᠷᠦᠩᠬᠡᠶᠢᠯᠡᠭᠰᠡᠨ ᠴᠢᠳᠠᠪᠤᠷᠢ︶ ᠤᠨ ᠬᠢᠷᠢ ᠪᠥᠲᠦᠮᠵᠢ = ᠳᠠᠲᠠᠯᠠᠭᠠᠨ ᠵᠢᠷᠤᠭ ︵ᠶᠡᠷᠦᠩᠬᠡᠶᠢᠯᠡᠭᠰᠡᠨ ᠴᠢᠳᠠᠪᠤᠷᠢ︶ ᠲᠤ ᠥᠭᠭᠦᠭᠰᠡᠨ ᠨᠣᠭᠳᠠᠬᠤ ᠬᠤᠪᠢ      8 . ᠤᠷᠠᠨ ᠪᠢᠴᠢᠯᠭᠡ ᠶᠢᠨ ᠲᠥᠷᠥᠯ      ︵1︶ ᠨᠡᠶᠢᠲᠡᠯᠡᠭᠰᠡᠨ ᠤᠷᠠᠨ ᠪᠢᠴᠢᠯᠭᠡ ᠶᠢ ᠳᠠᠭᠤᠷᠢᠶᠠᠨ ᠪᠢᠴᠢᠭᠰᠡᠨ ᠬᠢᠷᠢ ᠪᠦᠲᠦᠮᠵᠢ = ᠤᠷᠠᠨ ᠪᠢᠴᠢᠯᠭᠡ ᠶᠢ ᠳᠠᠭᠤᠷᠢᠶᠠᠨ ᠪᠢᠴᠢᠬᠦ ᠳᠤ ᠥᠭᠭᠦᠭᠰᠡᠨ  ᠨᠣᠭᠳᠠᠬᠤ ᠬᠤᠪᠢ  × 1.5      ︵2︶ ᠨᠡᠶᠢᠲᠡᠯᠡᠭᠰᠡᠨ ᠤᠷᠠᠨ ᠪᠢᠴᠢᠯᠭᠡ ᠶᠢ ᠵᠣᠬᠢᠶᠠᠨ ᠪᠥᠲᠦᠭᠡᠭᠰᠡᠨ ᠬᠢᠷᠢ ᠪᠦᠲᠦᠮᠵᠢ = ᠤᠷᠠᠨ ᠪᠢᠴᠢᠯᠭᠡ ᠶᠢ ᠵᠣᠬᠢᠶᠠᠨ ᠪᠥᠲᠦᠭᠡᠬᠦ ᠳᠤ ᠥᠭᠭᠦᠭᠰᠡᠨ ᠨᠣᠭᠳᠠᠬᠤ ᠬᠤᠪᠢ × 1.5      ︵ᠭᠤᠷᠪᠠ︶ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠪᠠᠷ ᠨᠡᠶᠢᠲᠡᠯᠡᠭᠰᠡᠨ ᠬᠢᠷᠢ ᠪᠦᠲᠦᠮᠵᠢ ᠳᠤ᠂ - 1 ᠨᠢ ᠰᠢᠯᠭᠠᠯᠲᠠ ᠳᠤ ᠣᠷᠣᠯᠴᠠᠭᠰᠠᠨ ᠦᠭᠡᠢ ᠶᠢ ᠢᠯᠡᠳᠭᠡᠵᠦ᠂ - 2 ᠨᠢ ᠲᠣᠭᠲᠠᠭᠠᠯ ᠠᠴᠠ ᠵᠥᠷᠢᠴᠡᠭᠰᠡᠨ ᠢ ᠢᠯᠡᠳᠬᠡᠨ᠎ᠡ᠃      ︵ᠲᠦᠷᠪᠡ︶ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢᠨ  ᠶᠡᠷᠦᠩᠬᠡᠢ ᠬᠤᠪᠢ ᠪᠣᠯ ᠡᠯ᠎ᠡ ᠲᠥᠷᠥᠯ ᠤᠨ ᠬᠠᠷᠠᠭᠠᠯᠵᠠᠭᠰᠠᠨ‌‍ᠰᠢᠯᠭᠠᠯᠲᠠ ᠶᠢᠨ ᠬᠢᠴᠢᠶᠡᠯ ᠲᠥᠷᠥᠯ ᠤᠨ ᠨᠡᠶᠢᠲᠡᠯᠡᠭᠰᠡᠨ ᠬᠢᠷᠢ ᠪᠦᠲᠦᠮᠵᠢ ᠶᠢᠨ ᠶᠡᠷᠦᠩᠬᠡᠢ ᠬᠤᠪᠢ ᠪᠣᠯᠤᠨ᠎ᠠ᠃      ︵ᠲᠠᠪᠤ︶ ᠬᠡᠷᠪᠡ ᠰᠢᠯᠭᠠᠭᠤᠯᠤᠭᠴᠢ ᠳᠠᠭᠤᠤ ᠬᠥᠭᠵᠢᠮ ᠤᠨ ᠰᠤᠷᠭᠠᠨ ᠬᠥᠮᠦᠵᠢᠯ ᠤᠨ ᠲᠥᠷᠥᠯ ᠳᠤ ᠨᠡᠷ᠎ᠡ ᠮᠡᠳᠡᠭᠦᠯᠦᠭᠰᠡᠨ ᠪᠣᠯ᠂ ᠬᠠᠷᠠᠭᠠᠯᠵᠠᠭᠰᠠᠨ ᠭᠤᠣᠯ ᠲᠥᠷᠥᠯ᠂ ᠳᠡᠳ᠋ ᠲᠥᠷᠥᠯ ᠤᠨ ᠰᠢᠯᠭᠠᠯᠲᠠ ᠳᠤ ᠴᠥᠮ ᠣᠷᠣᠯᠴᠠᠨ᠎ᠠ᠂ ᠦᠭᠡᠢ ᠪᠣᠯ ᠳᠠᠭᠤᠤ ᠬᠥᠭᠵᠢᠮ ᠤᠨ ᠰᠤᠷᠭᠠᠨ ᠬᠥᠮᠦᠵᠢᠯ ᠤᠨ ᠲᠥᠷᠥᠯ ᠤᠨ ᠰᠢᠯᠭᠠᠯᠲᠠ ᠶᠢᠨ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠢ ᠬᠤᠪᠢ ᠲᠡᠭ ᠪᠣᠯᠤᠨ᠎ᠠ᠃      ᠬᠤᠶᠠᠷ᠂ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ      ᠰᠢᠯᠭᠠᠭᠤᠯᠤᠭᠴᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵https://www.nm.zsks.cn︶ ᠳᠤ ᠳᠠᠩᠰᠠᠯᠠᠭᠤᠯᠵᠤ᠂ ︽ᠰᠢᠯᠭᠠᠯᠲᠠ ᠪᠠᠷ ᠰᠤᠷᠤᠭᠴᠢ ᠡᠯᠰᠡᠬᠦ︾ — ︽ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾ — ︽ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ ᠶᠢ ᠳᠡᠰ ᠳᠠᠷᠠᠭᠠᠯᠠᠨ ᠳᠣᠶ᠋ᠢᠵᠤ᠂ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ︾ ᠲᠥᠷᠥᠯ ᠵᠦᠢᠯ ᠢ ᠰᠣᠩᠭᠤᠵᠤ ᠪᠠᠶᠢᠴᠠᠭᠠᠨ ᠯᠠᠪᠯᠠᠨ᠎ᠠ᠃      ᠭᠤᠷᠪᠠ᠂ ᠨᠢᠭᠡᠳᠦᠯᠲᠡᠢ ᠰᠢᠯᠭᠠᠯᠲᠠ ᠳᠤ ᠬᠢᠷᠢ ᠲᠡᠩᠴᠡᠬᠦ ᠬᠢᠵᠠᠭᠠᠷ ᠬᠤᠪᠢ   

4f7d89280317d55a54aae544c36a774d_640_wx_fmt=jpeg&from=appmsg&wxfrom=5&wx_lazy=1&wx_co=1.jpg

   

      ᠨᠢᠭᠡᠳᠦᠯᠲᠡᠢ ᠰᠢᠯᠭᠠᠭᠰᠠᠨ ᠳᠤ ᠬᠢᠷᠢ ᠲᠡᠩᠴᠡᠬᠦ ᠬᠢᠵᠠᠭᠠᠷ ᠬᠤᠪᠢ ᠶᠢ ᠵᠢᠩᠬᠢᠨᠢ ᠠᠩᠭᠢ ᠪᠠ ᠲᠤᠰᠬᠠᠢ

ᠮᠡᠷᠭᠡᠵᠢᠯ ᠤᠨ ᠠᠩᠭᠢ ᠭᠡᠵᠦ ᠬᠤᠪᠢᠶᠠᠬᠤ ᠦᠭᠡᠢ᠂ ᠰᠢᠯᠭᠠᠭᠤᠯᠤᠭᠴᠢ ᠶᠢᠨ ᠬᠠᠷᠠᠭᠠᠯᠵᠠᠭᠰᠠᠨ ᠤᠷᠠᠯᠢᠭ ᠤᠨ

ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠨᠢ ᠳᠡᠭᠡᠷ᠎ᠡ

ᠳᠤᠷᠠᠳᠤᠭᠰᠠᠨ ᠬᠢᠷᠢ ᠲᠡᠩᠴᠡᠬᠦ ᠬᠢᠵᠠᠭᠠᠷ ᠬᠤᠪᠢ ᠳᠤ ᠬᠦᠷᠪᠡᠯ᠂ ᠳᠠᠷᠤᠢ ᠬᠠᠷᠠᠭᠠᠯᠵᠠᠭᠰᠠᠨ ᠤᠷᠠᠯᠢᠭ ᠤᠨ

ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠳᠤ ᠬᠢᠷᠢ ᠲᠡᠩᠴᠡᠭᠰᠡᠨ ᠰᠤᠷᠤᠭᠴᠢ ᠶᠢᠨ

ᠢᠷᠡᠯᠲᠡ ᠪᠣᠯᠤᠨ᠎ᠠ᠃ ᠬᠠᠷᠠᠭᠠᠯᠵᠠᠭᠰᠠᠨ ᠤᠷᠠᠯᠢᠭ ᠤᠨ ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ

ᠰᠢᠯᠭᠠᠯᠲᠠ ᠶᠢᠨ ᠬᠢᠷᠢ ᠪᠦᠲᠦᠮᠵᠢ ᠳᠤ ᠬᠢᠷᠢ ᠲᠡᠩᠴᠡᠭᠰᠡᠨ ᠰᠢᠯᠭᠠᠭᠤᠯᠤᠭᠴᠢ ᠡᠩ ᠤᠨ ᠳᠡᠭᠡᠳᠦ ᠰᠤᠷᠭᠠᠭᠤᠯᠢ ᠶᠢᠨ

ᠰᠤᠷᠤᠭᠴᠢ ᠡᠯᠰᠡᠬᠦ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠰᠤᠷᠭᠠᠭᠤᠯᠢ  ᠶᠢᠨ ᠰᠢᠯᠭᠠᠯᠲᠠ ᠶᠢᠨ ᠬᠢᠷᠢ

ᠭᠡᠮ ᠲᠠᠢ ᠳᠡᠭᠡᠳᠦ ᠰᠤᠷᠭᠠᠭᠤᠯᠢ ᠶᠢᠨ ᠡᠷᠬᠢᠯᠡᠭᠰᠡᠨ ᠬᠠᠷᠠᠭᠠᠯᠵᠠᠭᠰᠠᠨ ᠲᠥᠷᠥᠯ ᠤᠨ ᠰᠤᠷᠭᠠᠭᠤᠯᠢ ᠶᠢᠨ ᠰᠢᠯᠭᠠᠯᠲᠠ ᠳᠤ

ᠣᠷᠣᠯᠴᠠᠵᠤ ᠪᠣᠯᠤᠨ᠎ᠠ᠃ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ

ᠰᠢᠯᠭᠠᠯᠲᠠ ᠶᠢᠨ ᠰᠣᠶᠣᠯ  ᠤᠨ ᠬᠢᠴᠢᠶᠡᠯ ᠤᠨ ᠬᠢᠷᠢ ᠪᠦᠲᠦᠮᠵᠢ ᠶᠢ ᠨᠡᠶᠢᠲᠡᠯᠡᠬᠦ ᠦᠶ᠎ᠡ ᠳᠤ᠂ ᠲᠣᠭᠲᠠᠭᠠᠭᠰᠠᠨ

ᠰᠤᠷᠤᠭᠴᠢ ᠡᠯᠰᠡᠬᠦ ᠲᠥᠯᠥᠪᠯᠡᠭᠡ ᠲᠠᠢ ᠤᠶᠠᠯᠳᠤᠭᠤᠯᠤᠨ ᠤᠷᠠᠯᠢᠭ ᠤᠨ ᠲᠥᠷᠥᠯ ᠤᠨ ᠡᠩ ᠤᠨ ᠳᠡᠭᠡᠳᠦ

ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ  ᠤᠨ ᠬᠢᠴᠢᠶᠡᠯ ᠤᠨ

ᠰᠤᠷᠤᠭᠴᠢ ᠡᠯᠰᠡᠬᠦ ᠶᠢ ᠡᠵᠡᠮᠳᠡᠬᠦ ᠬᠢᠵᠠᠭᠠᠷ ᠬᠤᠪᠢ ᠪᠠ ᠤᠷᠠᠯᠢᠭ ᠤᠨ ᠲᠥᠷᠥᠯ  ᠤᠨ ᠲᠤᠰᠬᠠᠢ ᠮᠡᠷᠭᠡᠵᠢᠯ ᠤᠨ

ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠪᠠᠷ ᠰᠤᠷᠤᠭᠴᠢ ᠡᠯᠰᠡᠬᠦ ᠶᠢ ᠡᠵᠡᠮᠳᠡᠬᠦ ᠬᠢᠵᠠᠭᠠᠷ

ᠬᠤᠪᠢ ᠶᠢ ᠳᠠᠬᠢᠨ ᠨᠢᠭᠡᠳᠦᠯᠲᠡᠢ ᠲᠣᠭᠲᠠᠭᠠᠨ᠎ᠠ᠃

      ᠳᠥᠷᠪᠡ᠂ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠬᠢᠨᠠᠬᠤ

      ᠬᠢᠷᠢ ᠪᠦᠲᠦᠮᠵᠢ ᠶᠢ ᠳᠠᠬᠢᠨ ᠬᠢᠨᠠᠬᠤ ᠶᠢ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠤᠷᠠᠯᠢᠭ ᠤᠨ ᠲᠥᠷᠥᠯ ᠤᠨ ᠲᠤᠰᠬᠠᠢ

ᠮᠡᠷᠭᠡᠵᠢᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠬᠢᠨᠠᠬᠤ

ᠲᠤᠬᠠᠢ ᠠᠯᠪᠠᠨ ᠵᠠᠷᠯᠠᠯ︾ ᠶᠣᠰᠣᠭᠠᠷ ᠬᠡᠷᠡᠭᠵᠢᠭᠦᠯᠦᠨ᠎ᠡ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map