2023 ᠣᠨ ᠤ ᠬᠥᠳᠡᠭᠡ ᠲᠣᠰᠬᠤᠨ ᠤ ᠰᠢᠯᠢᠳᠡᠭ ᠵᠠᠯᠠᠭᠤ ᠪᠠᠭᠰᠢ ᠶᠢ ᠬᠥᠮᠦᠵᠢᠭᠦᠯᠵᠦ ᠱᠠᠩᠨᠠᠬᠤ ᠲᠥᠯᠥᠪᠯᠡᠭᠡ ᠳᠤ ᠲᠠᠨᠢᠯᠴᠠᠭᠤᠯᠬᠤ ᠪᠠᠷ ᠪᠠᠶᠢᠭ᠎ᠠ ᠪᠠᠭᠰᠢ ᠶᠢᠨ ᠨᠡᠷᠡᠰ ᠤᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/1/2
      ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠳᠤᠮᠳᠠᠳᠤ ᠤᠯᠤᠰ ᠤᠨ ᠪᠠᠭᠰᠢ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ︽2023 ᠣᠨ ᠤ ᠬᠥᠳᠡᠭᠡ ᠲᠣᠰᠬᠤᠨ ᠤ ᠰᠢᠯᠢᠳᠡᠭ ᠵᠠᠯᠠᠭᠤ ᠪᠠᠭᠰᠢ ᠶᠢ ᠬᠥᠮᠦᠵᠢᠭᠦᠯᠵᠦ ᠱᠠᠩᠨᠠᠬᠤ ᠲᠥᠯᠥᠪᠯᠡᠭᠡ ᠶᠢ ᠬᠡᠷᠡᠭᠵᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠱᠠᠲᠤ ᠳᠠᠷᠠᠭᠠᠯᠠᠨ ᠲᠠᠨᠢᠯᠴᠠᠭᠤᠯᠬᠤ ᠪᠠ ᠲᠤᠰᠬᠠᠢ ᠮᠡᠷᠭᠡᠵᠢᠯᠲᠡᠨ ᠰᠢᠯᠭᠠᠷᠠᠭᠤᠯᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ 2023 ᠣᠨ ᠤ ᠬᠥᠳᠡᠭᠡ ᠲᠣᠰᠬᠤᠨ ᠤ ᠰᠢᠯᠢᠳᠡᠭ ᠵᠠᠯᠠᠭᠤ ᠪᠠᠭᠰᠢ ᠶᠢ ᠬᠥᠮᠦᠵᠢᠭᠦᠯᠵᠦ ᠱᠠᠩᠨᠠᠬᠤ ᠲᠥᠯᠥᠪᠯᠡᠭᠡ ᠳᠤ ᠲᠠᠨᠢᠯᠴᠠᠭᠤᠯᠬᠤ ᠪᠠᠷ ᠪᠠᠶᠢᠭ᠎ᠠ ᠪᠠᠭᠰᠢ ᠶᠢ ᠲᠣᠭᠲᠠᠭᠠᠵᠤ᠂ ᠡᠳᠦᠭᠡ ᠢᠯᠡ ᠨᠡᠶᠢᠲᠡᠯᠡᠪᠡ᠃           ᠢᠯᠡ ᠨᠡᠶᠢᠲᠡᠯᠡᠬᠦ ᠴᠠᠭ᠄ 2024 ᠣᠨ ᠤ 1 ᠰᠠᠷ᠎ᠠ ᠶᠢᠨ 2-1 ᠰᠠᠷ᠎ᠠ ᠶᠢᠨ 8 ᠤ ᠡᠳᠦᠷ᠃ ᠨᠢᠭᠡᠴᠢ ᠪᠠ ᠬᠤᠪᠢ ᠬᠥᠮᠦᠨ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠳ ᠲᠤ ᠬᠤᠯᠪᠤᠭᠳᠠᠬᠤ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠬᠤ ᠶᠢᠨ ᠬᠠᠮᠲᠤ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠲᠤᠰᠬᠠᠨ᠎ᠠ᠃      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ      ᠰᠢᠤᠳᠠᠨ ᠨᠣᠮᠧᠷ᠄ 010011      ᠬᠠᠷᠢᠯᠴᠠᠬᠤ ᠤᠲᠠᠰᠤ᠄ 0471 - 2856822      ᠢᠮᠧᠯ᠄ nmgjytjsgzc@126.com        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ               2024 ᠣᠨ ᠤ 1 ᠰᠠᠷ᠎ᠠ ᠶᠢᠨ 2 ᠤᠨ ᠡᠳᠦᠷ    

1.png

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map