ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠪᠠ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠰᠬᠠᠢ ᠰᠡᠳᠦᠪᠲᠦ ᠵᠦᠪᠳᠡᠯᠴᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/23
     1 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠪᠠ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠲᠣᠭᠤᠷᠢᠨ ᠳᠤ ᠲᠤᠰᠬᠠᠢ ᠰᠡᠳᠦᠪᠲᠦ ᠵᠦᠪᠳᠡᠯᠴᠡᠬᠦ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ︾ ᠶᠢ ᠤᠯᠠᠮᠵᠢᠯᠠᠨ ᠰᠤᠷᠤᠯᠴᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠨᠵᠡᠭᠡᠢ ᠵᠠᠳᠠᠯᠤᠨ᠂ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠥᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠤᠷᠭᠠᠨ ᠬᠥᠮᠦᠵᠢᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠯᠦ ᠶᠠᠨ ᠶᠠᠩ 2023 ᠣᠨ ᠤ ᠰᠤᠷᠭᠠᠨ ᠬᠥᠮᠥᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ 2024 ᠣᠨ ᠤ ᠠᠵᠢᠯ ᠳᠤ ᠲᠤᠯᠤᠭᠠᠨ ᠲᠠᠯ᠎ᠠ ᠶᠢᠨ ᠠᠵᠢᠯ ᠤᠨ ᠰᠠᠨᠠᠭᠤᠯᠭ᠎ᠠ ᠳᠤᠷᠠᠳᠪᠠ᠃ ᠰᠤᠷᠭᠠᠨ ᠬᠥᠮᠥᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠬᠡᠰᠢᠭᠦᠨ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃     ᠬᠤᠷᠠᠯ ᠠᠴᠠ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠲᠥᠷᠥ ᠶᠢᠨ ᠪᠠᠶᠢᠭᠤᠯᠭ᠎ᠠ ᠶᠢᠨ ᠦᠨᠳᠦᠰᠦᠨ ᠰᠢᠨᠵᠢ ᠴᠢᠨᠠᠷ ᠢ ᠪᠠᠲᠤ ᠡᠵᠡᠮᠳᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠴᠥᠬᠦᠷᠡᠰᠢ ᠦᠭᠡᠢ ᠪᠠᠷᠢᠮᠲᠠᠯᠠᠨ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤ ᠰᠠᠬᠢᠵᠤ᠂ ᠴᠢᠨᠠᠷᠯᠢᠭ ᠨᠠᠮ ᠤᠨ ᠪᠠᠶᠢᠭᠤᠯᠤᠯᠲᠠ ᠪᠠᠷ ᠰᠤᠷᠭᠠᠨ ᠬᠥᠮᠦᠵᠢᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠤᠯᠤᠰ ᠲᠥᠷᠥ ᠶᠢᠨ ᠬᠢᠨᠠᠯᠲᠠ ᠶᠢ ᠪᠠᠶᠢᠩᠭᠤ ᠮᠥᠷᠲᠡᠭᠡᠨ ᠤᠳᠠᠭᠠᠨ ᠳᠠᠭᠠᠭᠠᠮᠠᠭᠠᠢ ᠴᠢᠩᠭᠠᠳᠬᠠᠵᠤ᠂ ᠴᠢᠬᠤᠯᠠ ᠪᠠᠶᠢᠳᠠᠯ ᠢ ᠮᠡᠳᠡᠭᠳᠡᠬᠦ ᠪᠠ ᠠᠰᠠᠭᠤᠳᠠᠯ ᠤᠨ ᠰᠦᠪᠡᠭᠴᠢ ᠶᠢ ᠮᠡᠳᠡᠭᠳᠡᠬᠦ ᠳᠦᠷᠢᠮ ᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠠᠵᠢᠯ ᠢ ᠥᠷᠨᠢᠭᠦᠯᠵᠦ᠂ ᠬᠠᠮᠵᠢᠯᠴᠠᠬᠤ ᠪᠠ ᠨᠡᠪᠲᠡᠷᠡᠯᠴᠡᠬᠦ ᠶᠢ ᠴᠢᠩᠭᠠᠳᠬᠠᠨ᠂ ᠰᠤᠷᠭᠠᠨ ᠬᠥᠮᠥᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠡᠷᠭᠡ ᠪᠠᠷ ᠠᠬᠢᠭᠤᠯᠬᠤ           ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢᠨ ᠨᠠᠷᠢᠨ ᠳᠠᠩᠰᠠ᠂ ᠴᠢᠬᠤᠯᠠ ᠡᠭᠦᠷᠭᠡ ᠶᠢ ᠰᠢᠪᠠᠳᠠᠭᠤᠯᠤᠨ ᠰᠢᠢᠳᠪᠦᠷᠢᠯᠡᠭᠦᠯᠬᠦ ᠨᠠᠷᠢᠨ ᠳᠠᠩᠰᠠ ᠶᠢ ᠲᠣᠭᠲᠠᠭᠠᠵᠤ᠂ ︽ᠭᠤᠷᠪᠠᠨ ᠦᠨᠡᠯᠡᠯᠲᠡ ᠨᠢᠭᠡ ᠤᠷᠤᠯᠳᠤᠭᠠᠨ︾ ᠢ ᠬᠢᠨᠠᠵᠤ ᠳᠠᠩᠰᠠᠯᠠᠬᠤ ᠶᠢ ᠰᠠᠶᠢᠲᠤᠷ ᠭᠦᠢᠴᠡᠳᠭᠡᠨ᠂ ᠴᠢᠬᠤᠯᠠ ᠶᠡᠭᠡ ᠲᠥᠷᠥᠯ ᠵᠦᠢᠯ ᠢ ᠬᠢᠨᠠᠨ ᠲᠣᠭᠲᠠᠭᠠᠬᠤ᠂ ᠶᠡᠭᠡ ᠬᠡᠮᠵᠢᠶᠡᠨ ᠤ ᠪᠡᠯᠡ ᠮᠥᠩᠭᠦ ᠶᠢ ᠬᠡᠷᠡᠭᠯᠡᠬᠦ ᠵᠡᠷᠭᠡ ᠳᠤ ᠲᠥᠷᠥᠯ ᠵᠦᠢᠯ ᠳᠣᠭᠲᠠᠭᠠᠨ ᠬᠢᠨᠠᠯᠲᠠ ᠲᠠᠯᠪᠢᠬᠤ᠂ ᠶᠠᠪᠤᠴᠠ ᠳᠤ ᠬᠢᠨᠠᠯᠲᠠ ᠲᠠᠯᠪᠢᠬᠤ᠂ ᠭᠤᠭᠴᠤᠭ᠎ᠠ ᠳᠤ ᠬᠢᠨᠠᠯᠲᠠ ᠲᠠᠯᠪᠢᠬᠤ᠂ ᠦᠷ᠎ᠡ ᠳ᠋ᠦᠩ ᠳᠤ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠪᠠᠶᠢᠭᠤᠯᠭ᠎ᠠ ᠶᠢᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠲᠣᠭᠤᠷᠢᠨ ᠪᠠᠶᠢᠴᠠᠭᠠᠬᠤ ᠠᠯᠪᠠᠨ ᠭᠡᠷ ᠡᠳᠦᠷ ᠲᠤᠲᠤᠮ ᠤᠨ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠴᠠᠭ ᠢᠮᠠᠭᠲᠠ ᠴᠢᠩᠭᠠᠳᠬᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢ ᠲᠣᠭᠤᠷᠢᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠰᠢᠪᠠᠳᠠᠭᠤᠯᠤᠨ ᠰᠢᠢᠳᠪᠦᠷᠢᠯᠡᠬᠦ ᠶᠢ ᠰᠠᠶᠢᠲᠤᠷ ᠠᠳᠬᠤᠨ᠂ ︽  ᠳᠠᠷᠠᠭ᠎ᠠ ᠠᠯᠬᠤᠮ ᠤᠨ ᠠᠵᠢᠯ︾ ᠢ ᠨᠡᠩ ᠰᠠᠶᠢᠲᠤᠷ ᠪᠡᠶᠡᠯᠡᠭᠦᠯᠵᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map