ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠶ᠎ᠡ — ᠮᠠᠨ ᠤ ᠣᠷᠣᠨ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/1/23
      ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠰᠡᠷᠭᠡᠶᠢᠯᠡᠬᠦ ᠪᠠ ᠠᠷᠢᠯᠭᠠᠵᠤ᠂ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠦᠭᠡ᠂ ᠲᠦᠷᠦᠭᠦᠬᠡᠨ᠂ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃— ᠬᠠᠮᠲᠤ ᠳᠤ ᠪᠠᠨ ᠦᠵᠡᠵᠡᠭᠡᠶ᠎ᠡ —      ᠬᠢᠩᠭᠠᠨ ᠠᠶᠢᠮᠠᠭ      ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠭᠠᠯ ᠰᠡᠷᠭᠡᠶᠢᠯᠡᠬᠦ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠬᠤᠰᠢᠭᠤ ᠰᠢᠶᠠᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢ ᠵᠣᠬᠢᠶᠠᠨ ᠪᠠᠶᠢᠭᠤᠯᠤᠨ ᠬᠠᠷᠢᠶ᠎ᠠ ᠭᠠᠵᠠᠷ ᠤᠨ ᠭᠠᠯ ᠰᠡᠷᠭᠡᠶᠢᠯᠡᠬᠦ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ 6 ᠬᠤᠰᠢᠭᠤ ᠰᠢᠶᠠᠨ ᠬᠤᠲᠠ ᠬᠤᠯᠪᠤᠭᠠᠲᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠤᠬᠠᠢ ᠶᠢᠨ ᠭᠠᠵᠠᠷ ᠲᠤ ᠨᠢ ᠯᠠᠪᠯᠠᠨ ᠠᠰᠠᠭᠤᠬᠤ ᠪᠠ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠰᠤᠷᠭᠠᠭᠤᠯᠢ ᠶᠢᠨ ᠡᠳᠦᠷ ᠲᠤᠲᠤᠮ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠠᠶᠢᠷᠢ ᠶᠢᠨ ᠠᠰᠠᠷ᠂ ᠬᠤᠭᠤᠯᠠᠨ ᠭᠡᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ᠂ ᠠᠮᠤᠷ ᠲᠦᠪᠰᠢᠨ ᠭᠠᠷᠴᠠ᠂ ᠲᠠᠷᠬᠠᠭᠠᠨ ᠵᠠᠶᠢᠯᠠᠭᠤᠯᠬᠤ ᠭᠤᠳᠤᠮ᠂ ᠴᠠᠬᠢᠯᠭᠠᠨ ᠰᠤᠭᠤᠮ ᠲᠠᠯᠪᠢᠬᠤ ᠵᠢᠴᠢ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠶᠢ ᠪᠦᠬᠦ ᠲᠠᠯ᠎ᠠ ᠪᠠᠷ ᠨᠠᠷᠢᠨ ᠪᠠᠶᠢᠴᠠᠭᠠᠭᠰᠠᠨ ᠪᠥᠭᠡᠳ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤ ᠨᠢ ᠰᠣᠷᠢᠯᠲᠠ ᠬᠢᠯᠭᠡᠵᠦ᠂ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ︽ᠳᠥᠷᠪᠡᠨ ᠴᠢᠳᠠᠪᠤᠷᠢ︾ ᠶᠢ ᠡᠵᠡᠮᠰᠢᠭᠰᠡᠨ ᠪᠠᠶᠢᠳᠠᠯ ᠢ ᠰᠢᠯᠭᠠᠨ ᠪᠠᠶᠢᠴᠠᠭᠠᠪᠠ᠃   

1.png

      ᠲᠦᠩᠯᠢᠶᠣᠣ ᠬᠤᠲᠠ

      ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠭᠠᠵᠠᠷ ᠤᠨ ᠡᠯ᠎ᠡ ᠰᠤᠷᠭᠠᠭᠤᠯᠢ ᠶᠢ

ᠵᠣᠬᠢᠶᠠᠨ ᠪᠠᠶᠢᠭᠤᠯᠤᠨ ᠣᠳᠣᠬᠠᠨ ᠤ ᠴᠢᠯᠥᠭᠡ ᠲᠠᠯᠪᠢᠭᠰᠠᠨ ᠦᠭᠡᠢ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠭᠠᠯ

ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ

ᠥᠷᠨᠢᠭᠦᠯᠪᠡ᠃ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠲᠤᠰ

ᠲᠤᠰ ᠲᠤᠰᠬᠠᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ

121 ᠭᠠᠵᠠᠷ ᠢ ᠪᠠᠶᠢᠴᠠᠭᠠᠵᠤ᠂ ᠡᠪᠦᠯ ᠤᠨ ᠤᠯᠠᠷᠢᠯ ᠤᠨ ᠠᠮᠤᠷ ᠲᠦᠪᠰᠢᠨ ᠤ ᠠᠵᠢᠯ ᠤᠨ ᠣᠨᠴᠠᠯᠢᠭ ᠲᠠᠢ

ᠤᠶᠠᠯᠳᠤᠭᠤᠯᠤᠨ᠂ ᠰᠤᠷᠭᠠᠭᠤᠯᠢ ᠶᠢᠨ ᠭᠠᠯ ᠤᠨᠲᠠᠷᠠᠭᠠᠬᠤ ᠲᠥᠬᠦᠭᠡᠷᠦᠮᠵᠢ ᠵᠢᠴᠢ ᠪᠠᠴᠢᠮ ᠪᠠᠶᠢᠳᠠᠯ ᠢ ᠠᠷᠭᠠᠴᠠᠨ 

ᠲᠠᠷᠬᠠᠭᠠᠨ ᠵᠠᠶᠢᠯᠠᠭᠤᠯᠬᠤ ᠰᠣᠷᠢᠯᠲᠠ᠂ ᠠᠶᠤᠯ ᠠᠴᠠ ᠪᠠᠴᠢᠮ ᠵᠠᠶᠢᠯᠠᠬᠤ ᠬᠥᠮᠦᠵᠢᠯ ᠵᠡᠷᠭᠡ ᠳᠤ ᠬᠠᠨᠳᠤᠭᠤᠯᠤᠨ

ᠭᠤᠣᠯᠳᠠᠯᠭ᠎ᠠ ᠲᠠᠢ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠭᠦᠨ ᠳᠤ ᠭᠠᠯ ᠤᠨᠲᠠᠷᠠᠭᠠᠭᠤᠯ᠂ ᠭᠠᠯ ᠤᠨᠲᠠᠷᠠᠭᠠᠭᠤᠷ᠂

ᠭᠠᠯ ᠰᠡᠷᠭᠡᠶᠢᠯᠡᠬᠦ ᠡᠭᠦᠳᠡ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ᠂ ᠠᠮᠤᠷ ᠲᠦᠪᠰᠢᠨ

ᠲᠠᠷᠬᠠᠭᠠᠨ ᠵᠠᠶᠢᠯᠠᠭᠤᠯᠬᠤ ᠵᠢᠭᠠᠯᠲᠠ ᠲᠡᠮᠳᠡᠭ᠂ ᠠᠮᠤᠷ ᠲᠦᠪᠰᠢᠨ ᠭᠠᠷᠴᠠ ᠵᠡᠷᠭᠡ ᠭᠠᠯ ᠤᠨᠲᠠᠷᠠᠭᠠᠬᠤ

ᠲᠥᠬᠦᠭᠡᠷᠦᠮᠵᠢ ᠶᠢ ᠪᠠᠶᠢᠴᠠᠭᠠᠨ ᠦᠵᠡᠬᠦ ᠶᠢᠨ ᠬᠠᠮᠲᠤ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠠᠴᠠ ᠭᠠᠯ

ᠤᠨᠲᠠᠷᠠᠭᠠᠬᠤ ᠲᠥᠬᠦᠭᠡᠷᠦᠮᠵᠢ ᠶᠢ ᠬᠡᠷᠡᠭᠯᠡᠵᠦ ᠴᠢᠳᠠᠬᠤ ᠡᠰᠡᠬᠦ᠂ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠨ

ᠲᠠᠷᠬᠠᠭᠠᠨ ᠵᠠᠶᠢᠯᠠᠭᠤᠯᠬᠤ ᠪᠠ ᠠᠶᠤᠯ ᠠᠴᠠ ᠪᠠᠴᠢᠮ ᠵᠠᠶᠢᠯᠠᠬᠤ ᠪᠡᠯᠡᠳᠬᠡᠯ ᠲᠥᠰᠦᠯ ᠵᠦᠢ ᠵᠣᠬᠢᠰᠲᠠᠢ ᠡᠰᠡᠬᠦ ᠶᠢ

ᠠᠰᠠᠭᠤᠨ ᠯᠠᠪᠯᠠᠵᠤ ᠪᠠᠶᠢᠴᠠᠭᠠᠨ ᠦᠵᠡᠪᠡ᠃

   

2.jpg

      ᠰᠢᠯᠢ ᠶᠢᠨ ᠭᠤᠣᠯ ᠠᠶᠢᠮᠠᠭ

      ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠤᠰᠢᠭᠤ ᠰᠢᠶᠠᠨ ᠲᠣᠭᠤᠷᠢᠭ ᠪᠠ

ᠬᠤᠲᠠ ᠶᠢᠨ ᠰᠢᠭᠤᠳ ᠬᠠᠷᠢᠶ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ ᠲᠤᠰᠬᠠᠢ ᠵᠢᠭᠰᠠᠭᠠᠨ ᠪᠠᠶᠢᠴᠠᠭᠠᠵᠤ

ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ

ᠰᠤᠷᠭᠠᠭᠤᠯᠢ ᠶᠢᠨ ᠪᠠᠶᠢᠷᠢ ᠶᠢᠨ ᠭᠡᠷ᠂ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ ᠤᠨ ᠭᠠᠯ ᠰᠡᠷᠭᠡᠶᠢᠯᠡᠬᠦ ᠵᠢᠴᠢ

ᠡᠷᠭᠢᠨ ᠲᠣᠭᠤᠷᠢᠨ  ᠤ ᠠᠮᠤᠷ ᠲᠦᠪᠰᠢᠨ ᠵᠡᠷᠭᠡ ᠶᠢ ᠵᠢᠭᠰᠠᠭᠠᠨ ᠪᠠᠶᠢᠴᠠᠭᠠᠭᠰᠠᠨ ᠪᠥᠭᠡᠳ ᠰᠤᠷᠭᠠᠭᠤᠯᠢ ᠶᠢᠨ ᠠᠮᠤᠷ

ᠲᠦᠪᠰᠢᠨ ᠢ ᠥᠪᠡᠰᠦᠪᠡᠨ ᠪᠠᠶᠢᠴᠠᠭᠠᠬᠤ ᠵᠢᠴᠢ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠬᠤ ᠬᠡᠷᠡᠭᠲᠡᠢ ᠭᠡᠵᠦ

ᠱᠠᠭᠠᠷᠳᠠᠪᠠ᠃ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠰᠤᠷᠭᠠᠨ ᠬᠥᠮᠦᠵᠢᠯ ᠤᠨ ᠲᠣᠪᠴᠢᠶ᠎ᠠ ᠬᠠᠷᠢᠶ᠎ᠠ

ᠭᠠᠵᠠᠷ ᠤᠨ ᠴᠢᠯᠥᠭᠡ ᠲᠠᠯᠪᠢᠭᠰᠠᠨ ᠦᠭᠡᠢ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠠᠮᠤᠷ

ᠲᠦᠪᠰᠢᠨ ᠤ ᠪᠠᠶᠢᠴᠠᠭᠠᠯᠲᠠ ᠶᠢ ᠥᠷᠨᠢᠭᠦᠯᠦᠨ᠂ ᠰᠤᠷᠭᠠᠭᠤᠯᠢ ᠶᠢᠨ ᠪᠠᠶᠢᠷᠢ᠂ ᠵᠢᠭᠠᠨ ᠰᠤᠷᠭᠠᠯᠲᠠ ᠶᠢᠨ ᠠᠰᠠᠷ᠂

ᠬᠤᠭᠤᠯᠠᠨ ᠭᠡᠷ ᠵᠡᠷᠭᠡ ᠪᠠᠶᠢᠷᠢ ᠲᠠᠯᠠᠪᠤᠷ ᠲᠤ ᠭᠦᠨᠵᠡᠭᠡᠶᠢᠷᠡᠨ᠂ ᠭᠠᠯ ᠰᠡᠷᠭᠡᠶᠢᠯᠡᠬᠦ᠂ ᠤᠰᠤ ᠴᠠᠬᠢᠯᠭᠠᠨ ᠳᠤᠯᠠᠭᠠᠯᠠᠭ᠎ᠠ᠂

ᠲᠥᠬᠦᠭᠡᠷᠦᠮᠵᠢ᠂ ᠢᠳᠡᠭᠡᠨ᠂ ᠠᠶᠤᠯᠲᠠᠢ ᠬᠢᠮᠢ ᠶᠢᠨ ᠪᠣᠳᠠᠰ ᠵᠢᠴᠢ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ

ᠵᠡᠷᠭᠡ ᠪᠠᠷ ᠭᠤᠣᠯ ᠪᠣᠯᠭᠠᠨ ᠨᠡᠶᠢᠳᠡᠮ ᠪᠠᠶᠢᠴᠠᠭᠠᠪᠠ᠃

   

3.png

      ᠤᠯᠠᠭᠠᠨᠴᠠᠪ ᠬᠤᠲᠠ

      ᠤᠯᠠᠭᠠᠨᠴᠠᠪ ᠬᠤᠲᠠ ᠶᠢᠨ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ

ᠮᠥᠴᠢᠷ ᠤᠨ ᠬᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠢ ᠬᠠᠮᠲᠤᠷᠠᠨ ᠬᠠᠷᠢᠶ᠎ᠠ          

ᠭᠠᠵᠠᠷ ᠤᠨ ᠰᠤᠷᠭᠠᠭᠤᠯᠢ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠲᠤᠰᠬᠠᠢ ᠵᠢᠭᠰᠠᠭᠠᠨ

ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠰᠤᠷᠭᠠᠭᠤᠯᠢ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ

ᠳᠦᠷᠢᠮ ᠲᠣᠭᠲᠠᠭᠠᠯ᠂ ᠪᠠᠴᠢᠮ ᠪᠠᠶᠢᠳᠠᠯ  ᠢ ᠠᠷᠭᠠᠴᠠᠬᠤ ᠭᠠᠯ ᠤᠨᠲᠠᠷᠠᠭᠠᠬᠤ ᠲᠠᠷᠬᠠᠭᠠᠨ ᠵᠠᠶᠢᠯᠠᠭᠤᠯᠬᠤ ᠪᠡᠯᠡᠳᠬᠡᠯ

ᠲᠥᠰᠦᠯ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ

ᠭᠤᠣᠯᠳᠠᠯᠭ᠎ᠠ ᠲᠠᠢ ᠪᠠᠶᠢᠴᠠᠭᠠᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠪᠠᠶᠢᠷᠢ ᠶᠢᠨ ᠭᠡᠷ᠂ ᠬᠤᠭᠤᠯᠠᠨ

ᠭᠡᠷ ᠵᠡᠷᠭᠡ ᠭᠤᠣᠯᠳᠠᠯᠭ᠎ᠠ ᠲᠠᠢ ᠬᠡᠰᠡᠭ ᠤᠨ ᠲᠠᠷᠬᠠᠭᠠᠨ ᠵᠠᠶᠢᠯᠠᠭᠤᠯᠬᠤ ᠭᠤᠳᠤᠮ᠂ ᠠᠮᠤᠷ ᠲᠦᠪᠰᠢᠨ ᠭᠠᠷᠴᠠ ᠶᠢᠨ

ᠰᠠᠭᠠᠳ ᠦᠭᠡᠢ ᠨᠡᠪᠲᠡᠷᠡᠬᠦ ᠶᠢ ᠪᠠᠲᠤᠯᠠᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ᠂ ᠲᠠᠷᠬᠠᠭᠠᠨ

ᠵᠠᠶᠢᠯᠠᠭᠤᠯᠬᠤ ᠵᠢᠭᠠᠯᠲᠠ ᠲᠡᠮᠳᠡᠭ ᠪᠦᠷᠢᠨ ᠭᠦᠢᠴᠡᠳ ᠪᠠᠶᠢᠬᠤ ᠡᠰᠡᠬᠦ᠂ ᠭᠠᠯ ᠤᠨᠲᠠᠷᠠᠭᠠᠭᠤᠷ ᠵᠡᠷᠭᠡ ᠭᠠᠯ

ᠤᠨᠲᠠᠷᠠᠭᠠᠬᠤ ᠲᠥᠬᠦᠭᠡᠷᠦᠮᠵᠢ ᠪᠠᠭᠠᠵᠢ ᠬᠡᠷᠡᠭᠰᠡᠯ ᠪᠦᠷᠢᠨ ᠪᠦᠲᠦᠨ ᠪᠠᠶᠢᠬᠤ ᠡᠰᠡᠬᠦ᠂ ᠬᠦᠴᠦᠨ ᠲᠠᠢ ᠪᠠᠶᠢᠬᠤ

ᠡᠰᠡᠬᠦ ᠶᠢ ᠪᠠᠶᠢᠴᠠᠭᠠᠪᠠ᠃ ᠡᠭᠦᠨ ᠠᠴᠠ ᠭᠠᠳᠠᠨ᠎ᠠ᠂ ᠰᠤᠷᠭᠠᠭᠤᠯᠢ ᠶᠢᠨ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠠᠮᠤᠷ

ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠴᠠᠬᠢᠯᠭᠠᠨ ᠱᠤᠭᠤᠮ  ᠤᠨ ᠵᠢᠷᠤᠭ

ᠲᠥᠯᠥᠪᠯᠡᠭᠡ ᠪᠠᠷᠢᠮᠵᠢᠶ᠎ᠠ ᠳᠤ ᠨᠡᠶᠢᠴᠡᠬᠦ ᠡᠰᠡᠬᠦ ᠵᠡᠷᠭᠡ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠳᠠᠯ ᠢ ᠪᠦᠬᠦ

ᠲᠠᠯ᠎ᠠ ᠪᠠᠷ ᠪᠠᠶᠢᠴᠠᠭᠠᠪᠠ᠃

   

4.png

5.png

      ᠪᠠᠶᠠᠨᠨᠠᠭᠤᠷ ᠬᠤᠲᠠ

      ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠰᠤᠷᠭᠠᠭᠤᠯᠢ ᠶᠢᠨ ᠬᠦᠷᠢᠶᠡᠨ ᠤ ᠭᠠᠯ

ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠳᠲᠡᠷ ᠲᠦᠷᠭᠡᠨ

ᠥᠷᠨᠢᠭᠦᠯᠬᠦ ᠲᠤᠬᠠᠢ ᠪᠠᠴᠢᠮ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠰᠢᠭᠤ ᠰᠢᠶᠠᠨ ᠲᠣᠭᠤᠷᠢᠭ ᠪᠣᠯᠤᠨ

ᠬᠤᠲᠠ ᠶᠢᠨ ᠰᠢᠭᠤᠳ ᠬᠠᠷᠢᠶ᠎ᠠ ᠰᠤᠷᠭᠠᠭᠤᠯᠢ ᠶᠢ ᠳᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ

ᠵᠣᠬᠢᠶᠠᠨ ᠪᠠᠶᠢᠭᠤᠯᠤᠨ ᠪᠠᠶᠢᠷᠢᠯᠠᠭᠤᠯᠵᠠᠢ᠃ ᠰᠤᠷᠭᠠᠭᠤᠯᠢ ᠥᠪᠡᠰᠦᠪᠡᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠬᠤᠲᠠ᠂

ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠴᠥᠮ ᠭᠠᠯ ᠤᠨᠲᠠᠷᠠᠭᠠᠵᠤ ᠠᠪᠤᠷᠠᠨ

ᠲᠤᠰᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠰᠤᠷᠭᠠᠭᠤᠯᠢ ᠳᠤ

ᠭᠦᠨᠵᠡᠭᠡᠶᠢᠷᠡᠨ᠂ ᠪᠠᠶᠢᠷᠢ ᠶᠢᠨ ᠠᠰᠠᠷ᠂ ᠬᠤᠭᠤᠯᠠᠨ ᠭᠡᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ

ᠲᠦᠪᠰᠢᠨ ᠭᠠᠷᠴᠠ᠂ ᠲᠠᠷᠬᠠᠭᠠᠨ ᠵᠠᠶᠢᠯᠠᠭᠤᠯᠬᠤ ᠭᠤᠳᠤᠮ᠂ ᠴᠠᠬᠢᠯᠭᠠᠨ ᠤᠲᠠᠰᠤ ᠲᠠᠯᠪᠢᠬᠤ ᠵᠢᠴᠢ ᠭᠠᠯ

ᠤᠨᠲᠠᠷᠠᠭᠠᠬᠤ ᠲᠥᠬᠦᠭᠡᠷᠦᠮᠵᠢ ᠵᠡᠷᠭᠡ ᠶᠢ ᠪᠦᠬᠦ ᠲᠠᠯ᠎ᠠ ᠪᠠᠷ ᠪᠠᠶᠢᠴᠠᠭᠠᠪᠠ᠃

   

6.jpg

7.jpg

      ᠦᠬᠠᠢ ᠬᠤᠲᠠ

      ᠦᠬᠠᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠭᠠᠯ ᠰᠡᠷᠭᠡᠶᠢᠯᠡᠬᠦ ᠰᠠᠯᠠᠭ᠎ᠠ ᠮᠥᠴᠢᠷ ᠲᠠᠢ

ᠬᠠᠮᠲᠤᠷᠠᠨ ᠪᠦᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ

ᠴᠡᠴᠡᠷᠯᠢᠭ ᠲᠤ ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ

ᠠᠵᠢᠯᠯᠠᠭ᠎ᠠ ᠥᠷᠨᠢᠭᠦᠯᠪᠡ᠃ ᠡᠨᠡ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠰᠤᠷᠭᠠᠭᠤᠯᠢ ᠶᠢᠨ ᠬᠦᠷᠢᠶᠡᠨ ᠤ ᠭᠠᠯ

ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠲᠠᠷᠬᠠᠯᠲᠠ᠂ ᠭᠠᠯ

ᠤᠨᠲᠠᠷᠠᠭᠠᠬᠤ ᠲᠥᠬᠦᠭᠡᠷᠦᠮᠵᠢ ᠪᠠᠭᠠᠵᠢ ᠬᠡᠷᠡᠭᠰᠡᠯ᠂ ᠴᠠᠬᠢᠯᠭᠠᠨ ᠤ ᠭᠠᠯ ᠰᠡᠷᠭᠡᠶᠢᠯᠡᠬᠦ ᠠᠮᠤᠷ ᠲᠦᠪᠰᠢᠨ᠂ ᠭᠠᠯ ᠬᠡᠷᠡᠭᠯᠡᠬᠦ

ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ᠂ ᠪᠠᠴᠢᠮ ᠪᠠᠶᠢᠳᠠᠯ  ᠢ ᠠᠷᠭᠠᠴᠠᠨ ᠰᠢᠢᠳᠪᠦᠷᠢᠯᠡᠬᠦ ᠵᠡᠷᠭᠡ ᠶᠢᠨ

ᠲᠣᠭᠤᠷᠢᠨ ᠳᠤ ᠪᠦᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ᠂

ᠬᠡᠦᠬᠡᠳ ᠤᠨ ᠴᠡᠴᠡᠷᠯᠢᠭ ᠢ ᠨᠡᠶᠢᠳᠡᠮ ᠵᠢᠭᠰᠠᠭᠠᠨ  ᠪᠠᠶᠢᠴᠠᠭᠠᠵᠤ᠂ ᠰᠤᠷᠭᠠᠭᠤᠯᠢ ᠶᠢᠨ ᠭᠠᠯ ᠰᠡᠷᠭᠡᠶᠢᠯᠡᠬᠦ ᠠᠮᠤᠷ

ᠲᠦᠪᠰᠢᠨ ᠤ ᠠᠵᠢᠯ ᠢ  ᠬᠦᠴᠦᠯᠡᠨ ᠰᠠᠶᠢᠲᠤᠷ ᠠᠳᠬᠤᠪᠠ᠃

   

8.jpg

9.jpg

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map