ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠤᠨᠢᠨ ᠳᠡᠭᠡᠷ᠎ᠡ ᠨᠢ ᠬᠦᠴᠦᠯᠡᠵᠦ ᠦᠷᠭᠦᠯᠵᠢᠯᠡᠨ ᠬᠦᠴᠦᠯᠡᠵᠦ ᠪᠠᠶᠢᠭᠠᠳ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠶᠢ ᠠᠬᠢᠭᠤᠯᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ ᠸᠠᠩ ᠯᠢ ᠰᠢᠶᠠ ᠵᠠᠩ ᠶᠠᠨ ᠺᠦᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2024/1/25
      1 ᠳ᠋ᠦ᠋ᠭᠡᠷ ᠰᠠᠷ᠎ᠠ ᠶᠢᠨ 23 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶᠠᠨ ᠤ ᠳᠠᠷᠤᠭ᠎ᠠ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ  ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃

6384170750667768379932665.jpg

      1 ᠳ᠋ᠦ᠋ᠭᠡᠷ ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠳᠥᠷᠪᠡᠳᠦᠭᠡᠷ ᠪᠥᠬᠦᠳᠡ ᠬᠤᠷᠠᠯ ᠬᠥᠬᠡᠬᠤᠲᠠ ᠳᠤ ᠡᠬᠢᠯᠡᠪᠡ᠃

      ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠤ ᠪᠠᠨ

ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯ ᠮᠠᠨ ᠤ ᠨᠠᠮ ᠤᠨ ︽ᠬᠤᠶᠠᠷ ᠢ ᠤᠶᠠᠯᠳᠤᠭᠤᠯᠬᠤ︾ ᠶᠢ

ᠪᠠᠷᠢᠮᠲᠠᠯᠠᠨ ᠤᠨᠤᠯ ᠤᠨ ᠰᠢᠨ᠎ᠡ ᠡᠭᠦᠳᠦᠯᠲᠡ ᠶᠢ ᠠᠬᠢᠭᠤᠯᠵᠤ ᠣᠯᠤᠭᠰᠠᠨ ᠰᠢᠨ᠎ᠡ ᠦᠷ᠎ᠡ ᠪᠦᠲᠦᠭᠡᠯ ᠪᠣᠯᠤᠨ᠎ᠠ᠂

ᠡᠨᠡ ᠨᠢ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣ᠂ ᠡᠪ

ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠦᠨᠳᠦᠷᠴᠡ ᠳᠤ ᠬᠦᠷᠦᠭᠰᠡᠨ ᠢ

ᠬᠠᠷᠠᠭᠤᠯᠵᠤ ᠪᠠᠶᠢᠨ᠎ᠠ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ

ᠤᠯᠠᠨ ᠨᠠᠮ ᠤᠨ ᠭᠡᠰᠢᠭᠦᠨ ᠡᠨᠡ ᠬᠦ ᠴᠢᠬᠤᠯᠠ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠪᠣᠯᠤᠨ

ᠭᠤᠣᠯ ᠠᠭᠤᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠨᠠᠮ  ᠤᠨ ᠥᠪᠡᠷ ᠤᠨ ᠪᠡᠶ᠎ᠡ ᠳᠤ ᠪᠠᠨ ᠬᠤᠪᠢᠰᠬᠠᠯ

ᠬᠢᠬᠦ ᠶᠢ ᠠᠬᠢᠭᠤᠯᠬᠤ ᠡᠨᠡ ᠬᠦ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠳᠡᠭᠡᠳᠦ ᠬᠡᠮᠵᠢᠶᠡᠨ ᠤ ᠤᠯᠤᠰ

ᠲᠦᠷᠦ ᠶᠢᠨ ᠤᠬᠠᠮᠰᠠᠷ ᠢᠶᠠᠨ ᠪᠠᠲᠤᠯᠠᠵᠤ᠂ ᠪᠠᠶᠢᠪᠠᠰᠤ ᠵᠣᠬᠢᠬᠤ ᠨᠠᠮᠴᠢ ᠴᠢᠨᠠᠷ ᠤᠨ ᠪᠣᠯᠪᠠᠰᠤᠷᠠᠯ ᠢᠶᠠᠨ ᠢᠯᠡᠷᠡᠭᠦᠯᠵᠦ᠂

︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠭᠦᠷᠢᠳᠡ ᠵᠤᠬᠰᠤᠰᠢ ᠦᠭᠡᠢ

ᠬᠠᠳᠠᠨ ᠵᠣᠷᠢᠭ ᠪᠣᠯᠤᠨ ᠪᠠᠷᠢᠮᠲᠠᠯᠠᠯ ᠢᠶᠠᠷ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠶᠢ ᠡᠴᠦᠰ ᠲᠤ ᠨᠢ

ᠲᠤᠯᠲᠠᠯ᠎ᠠ ᠬᠢᠬᠦ ᠬᠡᠷᠡᠭᠲᠡᠢ ᠭᠡᠵᠡᠢ᠃

      ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ

ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ

ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠡᠷᠡᠰ ᠲᠤᠭᠤᠰᠢᠯᠠᠭᠤᠯᠵᠤ᠂

ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠭᠠᠵᠠᠷ

ᠣᠷᠣᠨ ᠤ ᠤᠯᠤᠰ ᠲᠦᠷᠦ ᠶᠢᠨ ᠠᠮᠢ ᠠᠬᠤᠢ ᠶᠢᠨ ︽ᠭᠠᠮᠰᠢᠭ ᠤᠨ ᠳᠠᠷᠠᠭ᠎ᠠ ᠳᠠᠬᠢᠨ ᠪᠦᠲᠦᠭᠡᠨ ᠪᠠᠶᠢᠭᠤᠯᠬᠤ︾ ᠨᠢ

ᠨᠢᠭᠡ ᠶᠡᠭᠡ ᠠᠯᠬᠤᠮ ᠢ ᠠᠯᠬᠤᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠥᠭᠡᠳᠡᠯᠡᠨ

ᠰᠠᠶᠢᠵᠢᠷᠠᠪᠠ᠃ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ

ᠬᠥᠮᠦᠵᠢᠯ ᠴᠡᠭᠴᠡᠯᠡᠯᠲᠡ ᠥᠷᠨᠢᠭᠦᠯᠬᠦ ᠳᠤᠮᠳᠠ ᠳᠠᠪᠲᠠᠨ ᠪᠣᠯᠪᠠᠰᠤᠷᠠᠵᠤ᠂ ᠦᠢᠯᠡᠴᠢᠯᠡᠭᠡᠨ ᠤ ᠲᠥᠪ᠂ ᠶᠡᠭᠡ ᠲᠠᠯ᠎ᠠ ᠶᠢ

ᠪᠠᠲᠤᠯᠠᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠬᠢᠯᠭ᠎ᠠ ᠪᠠᠲᠤ ᠪᠠᠶᠢᠴᠠᠭᠠᠬᠤ

ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ

ᠭᠡᠵᠡᠢ᠃

      ᠰᠦᠨ ᠱᠤᠤ ᠴᠧᠩ᠂ ᠥᠪᠥᠷ ᠮᠣᠩᠭᠤᠯ ᠣᠳᠣ ᠶᠠᠭ ᠰᠢᠨ᠎ᠡ ᠵᠠᠮ ᠢᠶᠠᠷ ᠵᠠᠮᠨᠠᠬᠤ᠂ ᠳᠤᠮᠳᠠ ᠤᠷᠤᠰᠬᠠᠯ ᠳᠤ

ᠣᠷᠣᠬᠤ ᠵᠠᠩᠭᠢᠯᠠᠭ᠎ᠠ ᠶᠢᠨ ᠴᠠᠭ ᠦᠶ᠎ᠡ᠂ ᠡᠷᠴᠢ ᠵᠣᠷᠢᠭ ᠢᠶᠠᠨ ᠬᠥᠪᠴᠢᠯᠡᠬᠦ ᠱᠠᠲᠤᠨ ᠳᠤ ᠣᠷᠣᠰᠢᠵᠤ᠂ ᠬᠤᠶᠠᠷ

ᠶᠡᠭᠡ ᠶᠠᠪᠤᠳᠠᠯ ᠢ ᠰᠠᠶᠢᠲᠤᠷ ᠬᠢᠬᠦ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠦᠳᠦᠯᠦᠨ

ᠳᠠᠭᠠᠭᠤᠯᠬᠤ ᠪᠠ ᠤᠯᠤᠰ ᠲᠦᠷᠦ ᠶᠢᠨ ᠪᠠᠲᠤᠯᠠᠭ᠎ᠠ ᠶᠢᠨ ᠦᠢᠯᠡᠳᠦᠯ ᠢ ᠨᠡᠩ ᠢᠯᠡᠭᠦᠦ ᠪᠠᠳᠠᠷᠠᠭᠤᠯᠬᠤ ᠶᠢ ᠱᠠᠭᠠᠷᠳᠠᠵᠤ

ᠪᠠᠶᠢᠨ᠎ᠠ᠃ ᠨᠡᠩ ᠶᠡᠭᠡ ᠵᠣᠷᠢᠭ ᠪᠠ ᠡᠷᠴᠢᠮ ᠢᠶᠠᠷ ᠢᠯᠵᠠᠷᠠᠯ ᠡᠬᠦᠰᠬᠦ ᠶᠢᠨ ᠦᠨᠳᠦᠰᠦ ᠪᠠ ᠨᠥᠬᠦᠴᠡᠯ ᠢ ᠠᠷᠢᠯᠭᠠᠵᠤ᠂

ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ ᠪᠠ ᠦᠨᠳᠦᠰᠦᠨ

ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ

ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ  ᠶᠢ ᠭᠦᠨᠵᠡᠭᠡᠶᠢᠷᠡᠭᠦᠯᠵᠦ᠂ ᠲᠦᠷᠢᠮ ᠲᠣᠭᠲᠠᠴᠠ ᠶᠢᠨ ᠲᠠᠯ᠎ᠠ ᠠᠴᠠ

ᠬᠦᠴᠦᠯᠡᠬᠦ ᠶᠢ ᠨᠡᠩ ᠴᠢᠬᠤᠯᠠᠴᠢᠯᠠᠵᠤ᠂ ᠢᠯᠵᠠᠷᠠᠯ ᠤᠨ ᠠᠰᠠᠭᠤᠳᠠᠯ ᠢ ᠰᠡᠷᠭᠡᠶᠢᠯᠡᠨ ᠵᠠᠰᠠᠬᠤ ᠶᠢ ᠪᠠᠶᠢᠩᠭᠤᠵᠢᠭᠤᠯᠬᠤ᠂

ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠲᠦᠷᠢᠮ ᠢ

ᠦᠨᠡᠨ ᠬᠦ ᠲᠣᠭᠲᠠᠭᠠᠵᠤ᠂ ᠴᠢᠩᠳᠠᠯᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠡᠭᠦᠷᠭᠡᠯᠡᠬᠦ ᠶᠢ

ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠥᠷᠭᠡᠨ ᠤᠯᠠᠨ ᠺᠠᠳ᠋ᠷᠴᠤᠳ ᠤᠨ ᠥᠪᠡᠷ ᠢ ᠪᠠᠨ

ᠵᠥᠪ ᠢᠶᠠᠷ ᠱᠠᠭᠠᠷᠳᠠᠵᠤ ᠠᠵᠢᠯ ᠶᠠᠪᠤᠳᠠᠯ ᠬᠢᠬᠦ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ

ᠴᠢᠷᠮᠠᠶᠢᠯᠭ᠎ᠠ ᠭᠠᠷᠭᠠᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠬᠤᠪᠢᠷᠠᠭᠤᠯᠬᠤ

ᠰᠢᠨ᠎ᠡ ᠰᠤᠷᠲᠠᠯ ᠪᠣᠶ ᠪᠣᠯᠭᠠᠬᠤ ᠶᠢ ᠴᠥᠬᠦᠷᠡᠰᠢ ᠥᠬᠡᠶ ᠠᠳᠬᠤᠵᠤ᠂ ︽ᠲᠦᠷᠭᠡᠨ︾᠂ ︽ᠪᠣᠳᠠᠲᠠᠶ︾᠂ ︽ᠤᠶᠠᠨ

ᠬᠠᠳᠠᠨ︾᠂ ︽ᠬᠠᠰᠤᠬᠤ︾᠂ ︽ᠠᠷᠪᠢᠯᠠᠬᠤ︾ ᠳᠡᠭᠡᠷ᠎ᠡ ᠬᠦᠴᠦᠯᠡᠵᠦ᠂ ︽ᠥᠨᠥᠳᠦᠷ ᠬᠡᠳᠦᠶ ᠣᠷᠦ᠋ᠢᠲᠠᠭᠰᠠᠨ

ᠴᠤ ᠡᠷᠲᠡ᠂ ᠮᠠᠷᠭᠠᠰᠢ ᠬᠡᠳᠦᠶ ᠡᠷᠲᠡᠯᠡᠭᠰᠡᠨ ᠴᠤ ᠣᠷᠣᠶ︾ ᠭᠡᠬᠦ ᠤᠬᠠᠮᠰᠠᠷ ᠢ ᠴᠢᠩᠭᠠᠳᠬᠠᠵᠤ᠂ ᠦᠨᠡᠨ ᠬᠦ

ᠠᠳᠬᠤᠨ ᠪᠣᠳᠠᠲᠠᠶ ᠠᠵᠢᠯᠯᠠᠬᠤ ᠰᠤᠷᠲᠠᠯ ᠢ ᠪᠠᠳᠠᠷᠠᠭᠤᠯᠵᠤ᠂ ᠮᠣᠩᠭᠤᠯ ᠮᠣᠷᠢ ᠰᠢᠭ᠋ ᠬᠠᠳᠠᠨ ᠵᠣᠷᠢᠭ ᠢ ᠪᠠᠷᠢᠮᠲᠠᠯᠠᠨ᠂

ᠳᠠᠷᠤᠭᠠᠰᠤ ᠶᠢ ᠬᠥᠩᠭᠡᠯᠡᠵᠦ ᠬᠦᠯᠢᠶᠡᠰᠦ ᠶᠢ ᠰᠤᠯᠠᠷᠠᠭᠤᠯᠬᠤ᠂ ᠬᠥᠩᠭᠡᠨ ᠱᠠᠯᠠᠮᠠᠭᠠᠢ ᠪᠠᠶᠢᠯᠳᠤᠬᠤ ᠳᠤ ᠨᠥᠬᠦᠴᠡᠯ

ᠡᠭᠦᠳᠴᠦ᠂ ︽ᠭᠠᠮᠨᠠᠵᠤ ᠠᠮᠢᠳᠤᠷᠠᠬᠤ︾ ᠳᠠᠳᠬᠠᠯ ᠢ ᠪᠣᠶ ᠪᠣᠯᠭᠠᠵᠤ᠂ ᠰᠠᠶᠢᠨ ᠰᠤᠷᠲᠠᠯ ᠢ ᠥᠪᠥᠷ ᠮᠣᠩᠭᠤᠯ ᠳᠤ

ᠪᠣᠢ ᠪᠣᠯᠭᠠᠬᠤ ᠬᠡᠷᠡᠭᠲᠡᠶ᠃ ᠴᠢᠩᠭ᠎ᠠ ᠬᠦᠴᠦᠲᠡᠢ ᠬᠢᠨᠠᠯᠲᠠ ᠳᠤ ᠲᠦᠰᠢᠭᠯᠡᠨ ᠬᠤᠶᠠᠷ ᠶᠡᠭᠡ ᠶᠠᠪᠤᠳᠠᠯ ᠢ ᠰᠠᠶᠢᠲᠤᠷ

ᠬᠢᠵᠦ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠢ ᠴᠢᠩᠭ᠎ᠠ ᠠᠩᠬᠠᠷᠴᠤ᠂ ︽ᠥᠪᠥᠷ

ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ

ᠬᠤᠷᠢᠶᠠᠨ ᠤ ᠰᠠᠨᠠᠯ︾ ᠵᠢᠴᠢ ᠢᠵᠢ ᠪᠦᠷᠢᠳᠦᠭᠰᠡᠨ ᠨᠠᠷᠢᠨ ᠲᠠᠩᠰᠠ ᠪᠣᠯᠤᠨ ︽ᠲᠠᠪᠤᠨ ᠶᠡᠭᠡ ᠡᠭᠦᠷᠭᠡ︾ ᠶᠢ

ᠬᠡᠷᠡᠭᠵᠢᠭᠦᠯᠬᠦ ᠲᠥᠰᠦᠯ ᠢ ᠲᠤᠭᠤᠰᠢᠯᠠᠭᠤᠯᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ ᠤᠯᠤᠰ

ᠲᠦᠷᠦ ᠶᠢᠨ ᠬᠢᠨᠠᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠨᠡᠪᠲᠡᠷᠡᠯᠴᠡᠨ ᠵᠣᠬᠢᠴᠠᠭᠤᠯᠬᠤ ᠠᠵᠢᠯ ᠤᠨ

ᠲᠣᠭᠲᠠᠴᠠ ᠶᠢ ᠭᠦᠢᠴᠡᠳ ᠰᠠᠶᠢᠲᠤᠷ ᠬᠡᠷᠡᠭᠯᠡᠵᠦ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂

ᠠᠰᠠᠭᠤᠳᠠᠯ ᠢ ᠲᠤᠭᠤᠰᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠭᠤᠤᠯ ᠰᠡᠳᠦᠪᠲᠦ ᠬᠥᠮᠦᠵᠢᠯ

ᠪᠣᠯᠤᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠡᠮᠦᠷ ᠮᠡᠲᠦ ᠰᠠᠬᠢᠯᠭ᠎ᠠ

ᠪᠠᠲᠤ ᠪᠠᠷ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠬᠢᠯᠭ᠎ᠠ ᠪᠠᠲᠤ ᠪᠠᠶᠢᠴᠠᠭᠠᠬᠤ

ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠶ ᠭᠡᠪᠡ᠃

      ᠯᠢᠦ ᠱᠤᠸᠠᠩ ᠬᠤᠷᠠᠯ ᠡᠷᠬᠢᠯᠡᠬᠦ ᠳᠤ ᠪᠠᠨ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ

ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠤᠨ

ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ

ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠪᠣᠯᠤᠨ ᠰᠦᠨ ᠱᠤᠤ ᠴᠧᠩ ᠨᠥᠬᠦᠷ ᠤᠨ ᠶᠠᠷᠢᠶᠠᠨ ᠤ

ᠱᠠᠭᠠᠷᠳᠠᠯᠭ᠎ᠠ ᠶᠣᠰᠣᠭᠠᠷ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ

ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠰᠢᠨ᠎ᠡ ᠦᠷ᠎ᠡ

ᠪᠦᠲᠦᠮᠵᠢ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠪᠡ᠃

      ᠬᠤᠷᠠᠯ ᠳᠤ ᠣᠷᠣᠯᠴᠠᠭᠰᠠᠳ ︽ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ

ᠲᠥᠪᠯᠡᠷᠡᠭᠦᠯᠵᠦ᠂ ︿ᠵᠠᠮ ᠬᠠᠰᠢᠭᠴᠢ﹀ ︿ᠲᠤᠷᠤᠭᠠᠰᠦ﹀ ᠶᠢ ᠢ ᠡᠷᠡᠰ ᠠᠷᠢᠯᠭᠠᠨ᠎ᠠ︾ ᠬᠡᠮᠡᠬᠦ ᠰᠡᠷᠡᠮᠵᠢᠯᠡᠭᠦᠯᠬᠦ

ᠬᠥᠮᠦᠵᠢᠯ ᠤᠨ ᠹᠢᠯᠢᠮ ᠢ ᠦᠵᠡᠵᠡᠭᠡᠪᠡ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ

 ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃

      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ

1 ᠳ᠋ᠦ᠋ᠭᠡᠷ ᠰᠠᠷ᠎ᠠ ᠶᠢᠨ 23 ᠤ ᠡᠳᠦᠷ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ

ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠬᠢᠯᠡᠪᠡ᠃ 23 ᠤ ᠡᠳᠦᠷ ᠤᠨ ᠦᠳᠡ ᠶᠢᠨ

ᠬᠤᠶᠢᠨ᠎ᠠ ᠯᠢᠦ ᠱᠤᠸᠠᠩ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠪᠥᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠤᠶᠠᠷ ᠶᠡᠭᠡ ᠶᠠᠪᠤᠳᠠᠯ  ᠳᠤ ᠦᠢᠯᠡᠴᠢᠯᠡᠵᠦ ᠪᠠᠲᠤᠯᠠᠶ᠎ᠠ︾

ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠠ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map