2024 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/26
      1 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ 2024 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ  ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠠᠵᠢᠯ ᠤᠨ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠤᠷᠭᠠᠨ ᠬᠥᠮᠦᠵᠢᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠯᠦ ᠶᠠᠨ ᠶᠠᠩ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠵᠦ ᠴᠢᠬᠤᠯᠠᠴᠢᠯᠠᠪᠠ᠃

1.jpg

2.jpg

      ᠬᠤᠷᠠᠯ ᠠᠴᠠ᠂ 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ

ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾

 ᠤᠨ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠤᠷᠢᠳᠤᠬᠢ  ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ‍ ᠨᠢᠭᠡ ᠵᠢᠯ

ᠮᠥᠨ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠬᠤᠶᠠᠷ ᠢ ᠳᠣᠭᠲᠠᠭᠠᠭᠰᠠᠨ︾ ᠤ

ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ

ᠡᠷᠡᠰ ᠪᠡᠶᠡᠯᠡᠭᠦᠯᠦᠨ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ

ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠤᠯᠤᠰ ᠲᠥᠷᠥ ᠶᠢᠨ ᠰᠢᠨᠵᠢ

ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ᠂ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠪᠠᠲᠤ

ᠡᠵᠡᠮᠳᠡᠨ᠂ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠣᠯᠤᠨ ᠪᠠᠶᠢᠯᠳᠤᠬᠤ ᠪᠣᠳᠣᠯᠭ᠎ᠠ ᠶᠢᠨ ᠰᠡᠳᠬᠢᠮᠵᠢ ᠪᠠᠨ

ᠴᠢᠩᠭᠠᠳᠬᠠᠵᠤ᠂ ᠤᠷᠤᠭᠰᠢᠯᠠᠬᠤ ᠴᠢᠭᠯᠡᠯ ᠢᠶᠠᠨ ᠳᠣᠭᠲᠠᠭᠠᠨ᠂ ᠴᠢᠨᠠᠷᠯᠢᠭ ᠰᠤᠷᠭᠠᠨ ᠬᠥᠮᠦᠵᠢᠯ ᠤᠨ

ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠳᠣᠪᠤᠶᠢᠯᠭᠠᠵᠤ᠂

ᠲᠣᠭᠲᠠᠭᠤᠨ ᠢᠶᠠᠷ ᠤᠷᠤᠭᠰᠢᠯᠠᠵᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠤᠨ᠂ ᠤᠷᠢᠳ ᠢᠶᠠᠷ ᠪᠠᠶᠢᠭᠤᠯᠵᠤ

ᠳᠠᠷᠠᠭ᠎ᠠ ᠨᠢ ᠡᠪᠳᠡᠬᠦ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠦᠨ ᠳᠡᠰ ᠳᠡᠪᠰᠢᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠠᠵᠢᠯ ᠤᠨ ᠭᠤᠣᠯ

ᠲᠡᠩᠭᠡᠯᠢᠭ ᠪᠣᠯᠭᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠦᠨᠳᠦᠰᠦᠨ ᠬᠥᠳᠡᠯᠭᠡᠬᠦ

ᠬᠦᠴᠦᠨ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ

ᠳᠡᠭᠡᠭᠰᠢᠯᠡᠭᠦᠯᠬᠦ ᠪᠠᠷ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠳᠤ ᠦᠢᠯᠡᠴᠢᠯᠡᠬᠦ ᠭᠤᠣᠯ

ᠰᠢᠪᠲᠤᠯᠤᠯᠲᠠ ᠶᠢᠨ ᠴᠢᠭᠯᠡᠯ ᠪᠣᠯᠭᠠᠨ᠂ ︽ᠬᠦᠴᠦᠷᠬᠡᠭ ᠣᠷᠣᠨ ᠢ ᠪᠦᠲᠦᠭᠡᠨ  ᠪᠠᠶᠢᠭᠤᠯᠬᠤ ᠳᠤ ᠰᠤᠷᠭᠠᠨ ᠬᠥᠮᠦᠵᠢᠯ

ᠶᠠᠭᠤ ᠬᠢᠬᠦ ᠪᠣᠢ︾ ᠭᠡᠬᠦ ᠡᠨᠡ ᠬᠦ ᠴᠠᠭ ᠦᠶ᠎ᠡ ᠶᠢᠨ ᠰᠡᠳᠦᠪ ᠢ ᠰᠠᠶᠢᠲᠤᠷ ᠬᠠᠷᠢᠭᠤᠯᠵᠤ᠂ ᠰᠤᠷᠭᠠᠨ ᠬᠥᠮᠦᠵᠢᠯ ᠢᠶᠠᠷ

ᠣᠷᠣᠨ  ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ

ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠤᠨ᠂

ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠰᠤᠷᠭᠠᠨ ᠬᠥᠮᠦᠵᠢᠯ ᠤᠨ

ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃

      ᠨᠢᠭᠡ ᠳᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ

ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠰᠦᠭ ᠢ ᠱᠤᠭᠤᠵᠤ ᠬᠥᠮᠦᠨ ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠨ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠳᠠᠭᠤᠷᠢᠶᠠᠯ

ᠦᠵᠡᠭᠦᠯᠬᠦ ᠣᠷᠣᠨ ᠢ ᠬᠦᠴᠦᠯᠡᠨ ᠪᠠᠶᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ

ᠪᠦᠲᠦᠭᠡᠨ ᠪᠠᠶᠢᠭᠤᠯᠬᠤ ᠶᠠᠪᠤᠴᠠ ᠳᠤ ᠦᠷᠭᠦᠯᠵᠢᠯᠡᠨ ᠬᠤᠰᠢᠭᠤᠴᠢᠯᠠᠵᠤ᠂ ᠦᠯᠢᠭᠡᠷ ᠳᠠᠭᠤᠷᠢᠶᠠᠯ ᠦᠵᠡᠭᠦᠯᠦᠨ᠂

︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ  ᠶᠢ ᠭᠦᠨᠵᠡᠭᠡᠢ

ᠠᠬᠢᠭᠤᠯᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠶᠢ

ᠪᠦᠬᠦ ᠲᠠᠯ᠎ᠠ ᠪᠠᠷ ᠬᠥᠮᠦᠵᠢᠭᠦᠯᠬᠦ ᠰᠤᠷᠭᠠᠨ ᠬᠥᠮᠦᠵᠢᠯ  ᠤᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃

      ᠬᠤᠶᠠᠷ ᠲᠤ᠂ ᠰᠠᠭᠤᠷᠢ ᠰᠤᠷᠭᠠᠨ ᠬᠥᠮᠦᠵᠢᠯ ᠤᠨ ᠰᠠᠭᠤᠷᠢ ᠴᠡᠭ ᠢ ᠤᠯᠠᠮ ᠨᠢᠭᠡ ᠠᠯᠬᠤᠮ ᠪᠠᠬᠢᠵᠢᠭᠦᠯᠵᠦ᠂

ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢ ᠪᠣᠳᠣᠯᠬᠢᠯᠠᠨ᠂ ᠪᠠᠷᠠᠯᠠᠯᠲᠤ ᠴᠢᠨᠠᠷᠲᠠᠢ ᠪᠠᠶᠢᠷᠢᠰᠢᠭᠤᠯᠤᠯᠲᠠ ᠶᠢ

ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ ᠥᠷᠭᠡᠳᠬᠡᠬᠦ

ᠢᠨᠵᠧᠨᠧᠷᠢᠩ ᠢ ᠭᠦᠨᠵᠡᠭᠡᠶᠢᠷᠡᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ

ᠬᠠᠷᠠᠭᠠᠯᠵᠠᠯᠲᠤ ᠠᠮᠤᠷ ᠲᠦᠪᠰᠢᠨ ᠴᠢᠨᠠᠷᠯᠢᠭ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ

ᠲᠡᠩᠴᠡᠭᠦᠷᠢᠲᠡᠢ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ᠂ ᠡᠩ ᠤᠨ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠣᠨᠴᠠᠯᠢᠭᠲᠤ ᠣᠯᠠᠨ ᠶᠠᠩᠵᠤᠴᠢᠯᠠᠭᠰᠠᠨ ᠬᠥᠭᠵᠢᠯᠲᠡ᠂ ᠣᠨᠴᠠᠭᠠᠢ ᠰᠤᠷᠭᠠᠨ

ᠬᠥᠮᠦᠵᠢᠯ ᠤᠨ ᠠᠭᠤᠰᠤᠯᠴᠠᠭᠰᠠᠨ ᠬᠥᠭᠵᠢᠯᠲᠡ  ᠶᠢ ᠠᠬᠢᠭᠤᠯᠵᠤ᠂ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠭᠤᠣᠯ

ᠵᠢᠭᠰᠠᠭᠠᠯ ᠤᠨ ᠭᠠᠵᠠᠷ ᠤᠨ ᠦᠢᠯᠡᠳᠦᠯ ᠢ ᠴᠢᠩᠭᠠᠷᠠᠭᠤᠯᠤᠨ᠂ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ ᠪᠦᠬᠦ

ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃

      ᠭᠤᠷᠪᠠ ᠳᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠠᠭᠠᠭᠤᠯᠤᠭᠴᠢ ᠦᠢᠯᠡᠳᠦᠯ ᠢ ᠤᠯᠠᠮ ᠨᠢᠭᠡ

ᠠᠯᠬᠤᠮ ᠴᠢᠩᠭᠠᠳᠬᠠᠵᠤ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠥᠨᠳᠥᠷ

ᠪᠠᠷᠢᠮᠵᠢᠶ᠎ᠠ ᠪᠠᠷ ᠪᠠᠶᠢᠭᠤᠯᠵᠤ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ

ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ

ᠰᠢᠪᠲᠤᠯᠬᠤ︾ ᠢᠨᠵᠧᠨᠧᠷᠢᠩ ᠲᠠᠢ ᠵᠣᠯᠭᠠᠭᠤᠯᠤᠨ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ

ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠦᠢᠯᠡᠴᠢᠯᠡᠭᠡ ᠶᠢ ᠴᠢᠩᠭᠠᠳᠬᠠᠬᠤ᠂ ᠣᠨᠴᠠᠯᠢᠭ ᠢ ᠪᠣᠢ ᠪᠣᠯᠭᠠᠬᠤ ᠳᠡᠭᠡᠷ᠎ᠡ

ᠭᠤᠣᠯᠳᠠᠯᠭ᠎ᠠ ᠲᠠᠢ ᠬᠦᠴᠦ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂  ᠳᠤᠮᠳᠠ

ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃

      ᠳᠥᠷᠪᠡ ᠳᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠪᠣᠯᠤᠨ ᠲᠠᠲᠠᠬᠤ

ᠬᠦᠴᠦᠨ ᠢ ᠨᠡᠮᠡᠭᠳᠡᠭᠦᠯᠵᠦ᠂ ︽ᠬᠤᠣᠰ ᠥᠨᠳᠥᠷ︾᠂ ︽ᠬᠤᠣᠰ ᠰᠢᠯᠢᠳᠡᠭ︾ ᠪᠦᠲᠦᠭᠡᠨ ᠪᠠᠶᠢᠭᠤᠯᠤᠯᠲᠠ ᠶᠢ

ᠭᠦᠨᠵᠡᠭᠡᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠤᠨ ᠠᠭᠤᠰᠤᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠱᠦᠵᠢ᠂ ᠰᠤᠷᠭᠠᠭᠤᠯᠢ ᠶᠢᠨ ᠵᠠᠬᠢᠷᠤᠯ ᠤᠨ ︽ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ

ᠪᠠᠶᠢᠷᠢ ᠶᠢ ᠥᠷᠭᠡᠳᠬᠡᠬᠦ︾᠂ ︽ᠠᠵᠤ ᠠᠬᠤᠶᠢᠯᠠᠯ ᠢ ᠰᠤᠷᠪᠤᠯᠵᠢᠯᠠᠨ ᠠᠭᠤᠰᠤᠯᠴᠠᠭ᠎ᠠ ᠶᠢ ᠠᠬᠢᠭᠤᠯᠬᠤ︾ ᠠᠵᠢᠯᠯᠠᠭ᠎ᠠ ᠶᠢ

ᠨᠠᠷᠢᠨ ᠬᠢᠨᠠᠮᠠᠭᠠᠢ ᠥᠷᠨᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠬᠥᠮᠦᠨ ᠬᠥᠮᠦᠵᠢᠭᠦᠯᠬᠦ ᠶᠢ

ᠠᠬᠢᠭᠤᠯᠤᠨ᠂ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠪᠣᠯᠤᠨ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ

ᠬᠠᠮᠲᠤᠷᠠᠯᠴᠠᠭᠠᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃

      ᠲᠠᠪᠤ ᠳᠤ᠂ ᠰᠤᠷᠭᠠᠨ ᠬᠥᠮᠦᠵᠢᠯ ᠤᠨ ᠵᠠᠰᠠᠯᠲᠠ ᠶᠢᠨ ᠲᠦᠪᠰᠢᠨ ᠪᠣᠯᠤᠨ ᠵᠠᠰᠠᠯᠲᠠ ᠶᠢᠨ ᠴᠢᠳᠠᠪᠤᠷᠢ ᠶᠢᠨ

ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠰᠢᠨ᠎ᠡ ᠤᠷᠤᠯᠳᠤᠭᠠᠨ ᠢ

ᠲᠠᠰᠤᠷᠠᠯᠲᠠ ᠦᠭᠡᠢ ᠨᠡᠭᠡᠭᠡᠵᠦ᠂ ᠰᠤᠷᠭᠠᠨ ᠬᠥᠮᠦᠵᠢᠯ ᠤᠨ ᠲᠣᠭᠠᠵᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ

ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠥᠨᠳᠥᠷ ᠲᠦᠪᠰᠢᠨᠲᠦ ᠰᠤᠷᠭᠠᠨ ᠬᠥᠮᠦᠵᠢᠯ ᠢ ᠭᠠᠳᠠᠭᠰᠢ ᠨᠡᠭᠡᠭᠡᠬᠦ ᠶᠢ

ᠡᠷᠡᠰ ᠠᠬᠢᠭᠤᠯᠤᠨ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ

ᠴᠢᠨᠠᠷ᠂ ᠬᠠᠮᠵᠢᠯᠴᠠᠬᠤ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃

      ᠵᠢᠷᠭᠤᠭ᠎ᠠ ᠳᠤ᠂ ᠥᠨᠳᠥᠷ ᠬᠡᠪ ᠴᠢᠨᠠᠷ ᠲᠠᠢ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ ᠪᠠᠭᠰᠢ ᠶᠢᠨ

ᠮᠣᠷᠠᠯ ᠰᠤᠷᠲᠠᠯ ᠤᠨ ᠬᠥᠮᠦᠵᠢᠯ ᠢ  ᠴᠢᠩᠭᠠᠳᠬᠠᠨ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ

ᠨᠡᠶᠢᠭᠡᠮ ᠤᠨ ᠬᠡᠪ ᠰᠤᠷᠲᠠᠯ ᠢ ᠪᠣᠢ ᠪᠣᠯᠭᠠᠵᠤ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ

ᠰᠢᠯᠢᠳᠡᠭᠵᠢᠭᠦᠯᠦᠨ᠂ ᠪᠠᠭᠰᠢ ᠶᠢ ︽ᠰᠢᠶᠠᠨ  ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ

ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠬᠢᠷᠢ

ᠬᠡᠮᠲᠦ︾ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠥᠮᠦᠵᠢᠭᠦᠯᠦᠨ ᠪᠣᠯᠪᠠᠰᠤᠷᠠᠭᠤᠯᠬᠤ

ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠭᠰᠢ ᠶᠢᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠴᠢᠳᠠᠪᠤᠷᠢ ᠶᠢ

ᠳᠡᠭᠡᠭᠰᠢᠯᠡᠭᠦᠯᠦᠨ᠂ ᠳᠡᠭᠡᠳᠦ ᠳᠡᠰ ᠤᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂

︽ᠳᠠᠲᠠᠬᠤ ᠬᠥᠮᠥᠵᠢᠭᠦᠯᠬᠦ ᠦᠯᠡᠳᠡᠭᠡᠬᠦ ᠬᠡᠷᠡᠭᠯᠡᠬᠦ︾ ᠬᠠᠮ ᠠᠷᠭ᠎ᠠ ᠬᠡᠮᠵᠢᠶ᠎ᠡ ᠭᠠᠷᠭᠠᠬᠤ ᠬᠡᠷᠡᠭᠲᠡᠢ᠃

      ᠳᠣᠯᠤᠭ᠎ᠠ ᠳᠤ᠂ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ

ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠂

ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠬᠦ ᠠᠵᠢᠯᠯᠠᠭ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠰᠠᠭᠤᠷᠢ ᠶᠢ

ᠪᠠᠲᠤᠳᠬᠠᠨ ᠦᠷ᠎ᠡ ᠠᠰᠢᠭ  ᠢ ᠨᠡᠮᠡᠭᠳᠡᠭᠦᠯᠬᠦ ᠠᠵᠢᠯᠯᠠᠭ᠎ᠠ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ

ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ

ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠳᠡᠰ

ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ

ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠲᠥᠪ ᠤᠨ ᠨᠠᠢᠮᠠᠨ ᠲᠣᠭᠲᠠᠭᠠᠯ ᠵᠢᠴᠢ

ᠬᠡᠷᠡᠭᠵᠢᠭᠦᠯᠬᠦ ᠨᠠᠷᠢᠨ ᠳᠦᠷᠢᠮ  ᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ

ᠶᠡᠭᠡ ᠪᠠᠷ ᠴᠡᠭᠴᠡᠯᠡᠨ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ

ᠪᠣᠳᠣᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠰᠪᠤᠷ ᠰᠢᠯᠤᠭᠤᠨ᠂ ᠠᠷᠢᠭᠤᠨ ᠴᠡᠪᠡᠷ᠂

ᠠᠷᠢᠭᠤᠨ ᠴᠢᠬᠡᠴᠢ ᠬᠥᠮᠦᠨ ᠬᠥᠮᠦᠵᠢᠭᠦᠯᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃

       

 

3.jpg

  

   

      ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ

ᠨᠠᠮ ᠤᠨ ᠥᠪᠡᠷ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ

ᠪᠠᠲᠤ ᠶᠢ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ

ᠰᠠᠨᠠᠭ᠎ᠠ ᠶᠢ ᠭᠦᠨᠵᠡᠭᠡᠢ ᠣᠶᠢᠯᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠣᠭᠤᠷᠢᠨ ᠳᠤ ᠤᠯᠤᠰ

ᠲᠥᠷᠥ ᠶᠢᠨ ᠬᠢᠨᠠᠯᠲᠠ ᠶᠢ ᠴᠢᠩᠭᠠᠳᠬᠠᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠢᠯᠵᠠᠷᠠᠯ

ᠡᠭᠦᠰᠬᠦ ᠣᠷᠴᠢᠨ ᠪᠣᠯᠤᠨ ᠨᠥᠬᠦᠴᠡᠯ ᠢ ᠶᠡᠭᠡ ᠬᠦᠴᠦ ᠣᠷᠣᠭᠤᠯᠤᠨ ᠠᠷᠢᠯᠭᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ

ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ

ᠦᠷᠭᠦᠯᠵᠢᠯᠡᠨ ᠪᠠᠬᠢᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ

ᠡᠰᠡᠷᠭᠦᠴᠡᠬᠦ ᠶᠢ ᠭᠦᠨᠵᠡᠭᠡᠢ ᠠᠬᠢᠭᠤᠯᠤᠨ᠂ ᠲᠣᠭᠤᠷᠢᠨ ᠦᠵᠡᠵᠦ ᠲᠣᠭᠤᠷᠢᠨ ᠪᠠᠶᠢᠴᠠᠭᠠᠵᠤ ᠴᠡᠭᠴᠡᠯᠡᠨ

ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ

ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠷᠠᠳ

ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠰᠤᠷᠭᠠᠨ ᠬᠥᠮᠦᠵᠢᠯ ᠤᠨ ᠠᠰᠠᠭᠤᠳᠠᠯ ᠢ

ᠰᠢᠢᠳᠪᠦᠷᠢᠯᠡᠬᠦ ᠶᠢ ᠲᠠᠰᠤᠷᠠᠯᠲᠠ ᠦᠭᠡᠢ ᠠᠬᠢᠭᠤᠯᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠳᠤ ᠴᠠᠭ ᠪᠢᠳᠡᠨ ᠢ

ᠬᠦᠯᠢᠶᠡᠬᠦ ᠦᠭᠡᠢ᠂ ᠡᠭᠦᠷᠭᠡ ᠬᠦᠨᠳᠦ ᠵᠠᠮ ᠬᠤᠯᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ

ᠴᠤᠭ ᠪᠠᠳᠠᠷᠠᠩᠭᠤᠢ ᠡᠷᠡᠮᠡᠬᠡᠶᠢᠯᠡᠨ ᠤᠷᠤᠭᠰᠢᠯᠠᠵᠤ᠂ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠰᠤᠷᠭᠠᠨ ᠬᠥᠮᠦᠵᠢᠯ ᠢ

ᠡᠷᠬᠢᠮᠯᠡᠬᠦ᠂ ᠠᠷᠭ᠎ᠠ ᠶᠢᠨ ᠲᠠᠯ᠎ᠠ ᠠᠴᠠ ᠰᠤᠷᠭᠠᠨ ᠬᠥᠮᠦᠵᠢᠯ ᠢ ᠠᠳᠬᠤᠬᠤ᠂ ᠰᠤᠷᠲᠠᠯ ᠤᠨ ᠲᠠᠯ᠎ᠠ ᠠᠴᠠ ᠰᠤᠷᠭᠠᠨ

ᠬᠥᠮᠦᠵᠢᠯ ᠢ ᠴᠢᠩᠭᠠᠳᠬᠠᠬᠤ ᠶᠢ ᠪᠠᠷᠢᠮᠲᠠᠯᠠᠨ᠂ ︽ᠤᠯᠤᠰ ᠲᠥᠷᠥ ᠶᠢᠨ ᠭᠤᠷᠪᠠᠨ ᠬᠦᠴᠦᠨ︾ ᠢ ᠲᠠᠰᠤᠷᠠᠯᠲᠠ ᠦᠭᠡᠢ

ᠳᠡᠭᠡᠭᠰᠢᠯᠡᠭᠦᠯᠵᠦ᠂ ᠢᠳᠡᠪᠬᠢᠲᠡᠢ ᠲᠥᠯᠦᠪᠵᠢᠭᠦᠯᠦᠨ᠂ ᠰᠤᠷᠤᠯᠴᠠᠨ ᠰᠤᠳᠤᠯᠬᠤ ᠶᠢ ᠴᠢᠩᠭᠠᠳᠬᠠᠵᠤ᠂ ᠠᠵᠢᠯ ᠤᠨ

ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠵᠣᠷᠢᠭᠲᠠᠢ ᠬᠢᠵᠦ ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ

ᠠᠳᠬᠤᠬᠤ ᠬᠡᠷᠡᠭᠲᠡᠢ᠃ ᠰᠢᠪᠠᠳᠠᠭᠤᠯᠵᠤ ᠲᠦᠷᠭᠡᠳᠭᠡᠨ ᠭᠦᠢᠴᠡᠳᠭᠡᠬᠦ ᠵᠣᠷᠢᠭ ᠢ ᠪᠠᠷᠢᠮᠲᠠᠯᠠᠵᠤ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶᠠᠨ ᠤ ︽ᠲᠠᠪᠤ ᠶᠢ ᠪᠠᠶᠢᠭᠤᠯᠬᠤ︾ ᠪᠠ ︽ᠵᠢᠷᠤᠮᠵᠢᠭᠤᠯᠬᠤ᠂ ᠴᠣᠮᠬᠠᠳᠬᠠᠬᠤ᠂

ᠲᠦᠷᠭᠡᠳᠬᠡᠬᠦ︾ ᠱᠠᠭᠠᠷᠳᠠᠯᠭ᠎ᠠ ᠳᠤ ᠠᠩᠬᠠᠷᠤᠯ ᠢᠶᠠᠨ ᠬᠠᠨᠳᠤᠭᠤᠯᠤᠨ᠂ ︽ᠭᠤᠷᠪᠠᠨ ᠣᠯᠠᠨ ᠭᠤᠷᠪᠠᠨ ᠴᠥᠬᠡᠨ

ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠠᠭᠤᠷᠮᠠᠭ︾ ᠵᠡᠷᠭᠡ ᠠᠰᠠᠭᠤᠳᠠᠯ ᠢ ᠡᠷᠡᠰ ᠲᠡᠪᠴᠢᠵᠦ᠂

ᠨᠠᠮ ᠤᠨ ᠰᠤᠷᠲᠠᠯ ᠵᠠᠰᠠᠭ ᠤᠨ ᠰᠤᠷᠲᠠᠯ᠂ ᠪᠠᠭᠰᠢ ᠶᠢᠨ ᠮᠣᠷᠠᠯ ᠰᠤᠷᠲᠠᠯ᠂ ᠰᠤᠷᠭᠠᠭᠤᠯᠢ ᠶᠢᠨ ᠰᠤᠷᠲᠠᠯ

ᠰᠤᠷᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠰᠢᠰᠲ᠋ᠧᠮ ᠲᠠᠢ ᠠᠬᠢᠭᠤᠯᠵᠤ᠂ ᠠᠯᠬᠤᠮ ᠠᠯᠬᠤᠮ ᠢᠶᠠᠷ

ᠪᠠᠶᠢᠷᠢᠯᠠᠭᠤᠯᠤᠯᠲᠠ ᠶᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠵᠢᠷᠤᠭ ᠲᠥᠯᠥᠪᠯᠡᠭᠡ ᠶᠢ ᠪᠣᠳᠠᠲᠤ ᠠᠬᠤᠢ ᠪᠣᠯᠭᠠᠨ

ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠠᠵᠢᠯ ᠤᠨ ᠰᠢᠨ᠎ᠡ

ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃

      ᠬᠤᠷᠠᠯ ᠳᠡᠭᠡᠷ᠎ᠡ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠲᠦᠩᠯᠢᠶᠣᠤ ᠬᠤᠲᠠ ᠶᠢᠨ

ᠰᠤᠷᠭᠠᠨ ᠬᠥᠮᠦᠵᠢᠯ ᠤᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠥᠪᠥᠷ

ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠶᠡᠭᠡ ᠰᠤᠷᠭᠠᠭᠤᠯᠢ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠂ ᠲᠦᠩᠯᠢᠶᠣᠤ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠠᠨᠠᠯ ᠢᠶᠠᠨ

ᠰᠣᠯᠢᠯᠴᠠᠪᠠ᠃

      ᠬᠤᠷᠠᠯ ᠢ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ

ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ

ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠭᠡᠰᠢᠭᠦᠨ᠂ ᠲᠢᠩᠬᠢᠮ ᠤᠨ

ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠭᠤᠣᠯ

ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ

ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠪᠣᠯᠤᠨ ᠬᠠᠮᠢᠶ᠎ᠠ ᠪᠦᠬᠦᠢ

ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map