ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠢ ᠰᠡᠳᠦᠪᠲᠦ ᠸᠢᠳᠢᠣ᠋ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
      1 ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠲᠠᠢ ᠬᠠᠮᠲᠤᠷᠠᠨ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠢ ᠰᠡᠳᠦᠪᠲᠦ ᠸᠢᠳᠢᠣ᠋ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠵᠠᠳᠠᠯᠤᠭᠰᠠᠨ ᠤ ᠬᠠᠮᠲᠤ᠂ ᠪᠦᠬᠦ ᠤᠯᠤᠰ᠂ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠵᠤ᠂ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠳᠠᠬᠢᠨ ᠱᠠᠭᠠᠷᠳᠠᠯᠭ᠎ᠠ ᠲᠠᠯᠪᠢᠪᠠ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠶᠢᠨ ᠨᠢᠭᠡᠳᠦᠭᠡᠷ ᠳᠡᠰ ᠤᠨ ᠵᠢᠯᠣᠭᠤᠳᠣᠭᠴᠢ ᠯᠢ ᠰᠢᠶᠣᠤ ᠭᠤᠸᠠᠩ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ ᠠᠮᠤᠷ ᠲᠦᠪᠰᠢᠨ  ᠤ ᠠᠵᠢᠯ ᠢ ᠰᠠᠶᠢᠲᠤᠷ ᠬᠢᠬᠦ ᠲᠤᠬᠠᠢ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃      ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠵᠡᠮᠳᠡᠵᠦ᠂ ᠬᠤᠷᠢᠭ᠎ᠠ ᠱᠤᠭᠤᠮ ᠢ ᠰᠠᠬᠢᠬᠤ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠠᠶᠢᠮᠠᠭ ᠬᠤᠲᠠ᠂ ᠶᠡᠭᠡ ᠳᠡᠭᠡᠳᠦ ᠰᠤᠷᠭᠠᠭᠤᠯᠢ ᠶᠢᠨ ᠥᠪᠡᠰᠦᠪᠡᠨ ᠪᠠᠶᠢᠴᠠᠭᠠᠵᠤ ᠬᠠᠷᠢᠯᠴᠠᠨ ᠪᠠᠶᠢᠴᠠᠭᠠᠬᠤ ᠶᠢ ᠲᠤᠰᠬᠠᠶᠢᠵᠢᠭᠤᠯᠤᠨ᠂ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ︽ᠬᠦᠯᠢᠶᠡᠬᠦ ᠦᠭᠡᠢ᠂ ᠤᠳᠠᠭᠠᠰᠢᠷᠠᠭᠤᠯᠬᠤ         ᠦᠭᠡᠢ︾ ᠲᠦᠭᠰᠢᠭᠦᠷᠢ ᠶᠢᠨ ᠤᠬᠠᠮᠰᠠᠷ ᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠂ ᠳᠠᠯᠳᠠ ᠭᠡᠮ ᠢ ᠠᠷᠢᠯᠭᠠᠬᠤ ᠦᠭᠡᠢ ᠪᠣᠯ ᠲᠠᠯᠪᠢᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠯ ᠰᠡᠷᠭᠡᠶᠢᠯᠡᠬᠦ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠨ ᠰᠢᠪᠠᠳᠠᠭᠤᠯᠤᠨ ᠵᠢᠯᠣᠭᠤᠳᠴᠤ ᠰᠢᠪᠠᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ ᠠᠷᠠᠳ ᠠᠴᠠ ᠡᠷᠬᠢᠯᠡᠭᠰᠡᠨ ᠰᠤᠷᠭᠠᠭᠤᠯᠢ᠂ ᠬᠥᠳᠡᠭᠡ ᠲᠣᠰᠬᠤᠨ ᠤ ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠪᠠᠭ᠎ᠠ ᠰᠤᠷᠭᠠᠭᠤᠯᠢ᠂ ᠬᠢᠯᠢ ᠬᠢᠵᠠᠭᠠᠷ ᠤᠨ ᠪᠠᠭ᠎ᠠ ᠰᠤᠷᠭᠠᠭᠤᠯᠢ ᠵᠡᠷᠭᠡ ᠶᠢ ᠭᠤᠣᠯᠳᠠᠯᠭ᠎ᠠ ᠲᠠᠢ ᠡᠲᠡᠭᠡᠳ ᠢᠶᠠᠨ ᠪᠣᠯᠭᠠᠨ᠂ ᠪᠤᠢ ᠪᠦᠬᠦᠢ ᠠᠰᠠᠷ ᠪᠠ ᠪᠠᠶᠢᠷᠢ ᠲᠠᠯᠠᠪᠤᠷ ᠲᠤ  ᠪᠥᠬᠦ ᠲᠠᠯ᠎ᠠ ᠶᠢᠨ ᠭᠦᠨᠵᠡᠭᠡᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠶᠢᠴᠠᠭᠠᠯᠲᠠ ᠬᠢᠬᠦ ᠬᠡᠷᠡᠭᠲᠡᠢ᠃ ᠡᠪᠦᠯ ᠤᠨ ᠠᠮᠠᠷᠠᠯᠲᠠ ᠶᠢ ᠠᠰᠢᠭᠯᠠᠨ ᠭᠠᠯ ᠤᠨ ᠠᠶᠤᠯ ᠤᠨ ᠳᠠᠯᠳᠠ ᠭᠡᠮ ᠢ ᠪᠦᠬᠦ ᠲᠠᠯ᠎ᠠ ᠪᠠᠷ ᠠᠷᠢᠯᠭᠠᠵᠤ᠂ ᠬᠠᠭᠤᠴᠢᠨ ᠴᠠᠬᠢᠯᠭᠠᠨ ᠤᠲᠠᠰᠤᠨ ᠤ ᠱᠤᠭᠤᠮ ᠢ ᠥᠭᠡᠷᠡᠴᠢᠯᠡᠨ ᠰᠠᠶᠢᠵᠢᠷᠠᠭᠤᠯᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠨᠤᠷᠠᠬᠤ ᠠᠶᠤᠯᠲᠠᠢ ᠬᠠᠭᠤᠴᠢᠨ ᠪᠠᠷᠢᠯᠭ᠎ᠠ ᠶᠢ ᠪᠠᠬᠢᠵᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ︽ᠰᠤᠷᠤᠭᠴᠢᠳ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠦᠬᠦ ᠶᠠᠪᠤᠴᠠ ᠳᠤ ᠲᠤᠭᠤᠰᠢᠯᠠᠭᠤᠯᠵᠤ᠂ ︽ᠬᠡᠷᠡᠭ ᠤᠨ ᠳᠠᠷᠠᠭ᠎ᠠ ᠰᠢᠢᠳᠪᠦᠷᠢᠯᠡᠬᠦ ᠶᠢ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ︾ ᠣᠶᠢᠯᠠᠭᠠᠭᠳᠠᠬᠤᠨ ᠢ ᠦᠨᠡᠨ ᠬᠦ ᠪᠣᠢ ᠪᠣᠯᠭᠠᠵᠤ᠂ ︽ᠠᠳᠠᠯ ᠤᠨ ᠳᠠᠯᠳᠠ ᠭᠡᠮ ᠢ ᠦᠨᠳᠦᠰᠦᠨ ᠠᠴᠠ ᠨᠢ ᠠᠷᠢᠯᠭᠠᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ︾ ᠱᠠᠭᠠᠷᠳᠠᠯᠭ᠎ᠠ ᠶᠢ ᠪᠣᠳᠠᠲᠠᠢ ᠠᠵᠢᠯᠯᠠᠬᠤ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠠᠷᠪᠠᠨ ᠳᠥᠷᠪᠡᠳᠦᠭᠡᠷ ᠡᠪᠦᠯ︾ ᠳᠤ ᠰᠤᠷᠭᠠᠨ ᠬᠥᠮᠦᠵᠢᠯ ᠤᠨ ᠰᠢᠰᠲ᠋ᠧᠮ ᠤᠨ ᠲᠣᠮᠢᠯᠠᠭᠰᠠᠨ ᠦᠢᠯᠡᠴᠢᠯᠡᠭᠡ ᠶᠢ ᠪᠠᠲᠤᠯᠠᠬᠤ ᠠᠵᠢᠯᠲᠠᠨ᠂ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠳᠤ ᠦᠯᠡᠳᠡᠭᠰᠡᠳ ᠤᠨ ᠠᠮᠤᠷ ᠲᠦᠪᠰᠢᠨ  ᠤ ᠠᠵᠢᠯ ᠢ ᠲᠥᠪᠯᠡᠷᠡᠭᠦᠯᠦᠨ ᠰᠠᠶᠢᠲᠤᠷ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠤᠯᠪᠣᠭᠠᠯᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠢ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ ᠭᠠᠵᠠᠷ ᠲᠠᠰᠤᠭ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠭᠡᠰᠢᠭᠦᠨ ᠪᠣᠯᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map