ᠪᠦᠬᠦ ᠣᠷᠣᠨ ᠤ ᠰᠤᠷᠭᠠᠨ ᠬᠥᠮᠦᠵᠢᠯ ᠤᠨ ᠭᠠᠳᠠᠭᠠᠳᠤ ᠶᠠᠪᠤᠳᠠᠯ ᠤᠨ ᠠᠵᠢᠯ ᠤᠨ ᠰᠣᠯᠢᠯᠴᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
      1 ᠰᠠᠷ᠎ᠠ ᠶᠢᠨ 26 - 27 ᠤ ᠡᠳᠦᠷ᠂ ᠪᠦᠬᠦ ᠣᠷᠣᠨ ᠤ ᠰᠤᠷᠭᠠᠨ ᠬᠥᠮᠦᠵᠢᠯ ᠤᠨ ᠭᠠᠳᠠᠭᠠᠳᠤ ᠶᠠᠪᠤᠳᠠᠯ ᠤᠨ ᠠᠵᠢᠯ ᠤᠨ ᠰᠣᠯᠢᠯᠴᠠᠭᠠᠨ ᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠰᠤᠷᠭᠠᠨ ᠬᠥᠮᠦᠵᠢᠯ ᠤᠨ ᠶᠠᠮᠤᠨ ᠤ ᠣᠯᠠᠨ ᠤᠯᠤᠰ ᠤᠨ ᠬᠠᠮᠲᠤᠷᠠᠯᠴᠠᠬᠤ ᠪᠠ ᠰᠣᠯᠢᠯᠴᠠᠬᠤ ᠵᠤᠷᠭᠠᠨ ᠤ ᠳᠡᠳ᠋ ᠳᠠᠷᠤᠭ᠎ᠠ ᠵᠢᠶᠠ ᠫᠧᠩ ᠰᠦᠯᠵᠢᠶᠡᠨ ᠳᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠳᠠᠪᠬᠤᠷᠪᠠᠶᠠᠷ ᠪᠠᠶᠠᠷ ᠤᠨ ᠦᠭᠡ ᠬᠡᠯᠡᠪᠡ᠃

cf825c39d05ae8dff043abe0dc36c8ec_640_wx_fmt=jpeg&from=appmsg&wxfrom=5&wx_lazy=1&wx_co=1.jpg

      ᠵᠢᠶᠠ ᠫᠧᠩ ᠮᠠᠨ ᠤ ᠣᠷᠣᠨ ᠤ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠠᠵᠢᠯ ᠤᠨ

ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ᠂ ᠰᠤᠷᠭᠠᠨ ᠬᠥᠮᠦᠵᠢᠯ  ᠤᠨ ᠭᠠᠳᠠᠭᠠᠳᠤ

ᠨᠡᠭᠡᠭᠡᠯᠲᠡ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠰᠤᠷᠭᠠᠨ ᠬᠥᠮᠦᠵᠢᠯ ᠤᠨ ᠬᠦᠴᠦᠷᠬᠡᠭ

ᠤᠯᠤᠰ ᠤᠨ ᠪᠦᠲᠦᠭᠡᠨ ᠪᠠᠶᠢᠭᠤᠯᠤᠯᠲᠠ᠂ ᠭᠠᠳᠠᠭᠠᠳᠤ ᠠᠵᠢᠯ ᠤᠨ ᠶᠡᠭᠡ ᠲᠠᠯ᠎ᠠ᠂ ᠤᠯᠤᠰ ᠤᠨ ᠳᠣᠲᠣᠭᠠᠳᠤ ᠶᠢᠨ

ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠡᠩ ᠥᠨᠳᠥᠷ ᠳᠠᠪᠬᠤᠷᠭ᠎ᠠ ᠳᠤ ᠲᠠᠯᠪᠢᠵᠤ

ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠥᠨᠳᠥᠷ ᠬᠢᠷᠢ

ᠲᠦᠪᠰᠢᠨᠲᠦ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ᠂ ᠥᠪᠡᠷᠲᠡᠭᠡᠨ ᠵᠠᠰᠠᠬᠤ

ᠣᠷᠣᠨ ᠤ ︽ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠶᠡᠷᠦᠩᠬᠡᠢ

ᠪᠠᠶᠢᠷᠢᠰᠢᠭᠤᠯᠤᠯᠲᠠ ᠳᠤ ᠦᠢᠯᠡᠴᠢᠯᠡᠨ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠪᠣᠯᠤᠨ ᠥᠨᠳᠥᠷ ᠬᠢᠷᠢ

ᠲᠦᠪᠰᠢᠨᠲᠦ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠶᠠᠪᠤᠴᠠ ᠳᠤ

ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃

      ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠮᠠᠨ ᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ

ᠭᠠᠳᠠᠭᠠᠳᠤ ᠶᠠᠪᠤᠳᠠᠯ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠳ᠋ᠦᠩᠨᠡᠵᠦ᠂ ᠣᠳᠣᠬᠠᠨ ᠳᠤ ᠣᠷᠣᠰᠢᠵᠤ

ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠵᠠᠳᠠᠯᠤᠨ᠂ ᠳᠠᠷᠠᠭ᠎ᠠ ᠠᠯᠬᠤᠮ ᠤᠨ ᠠᠵᠢᠯ ᠤᠨ

ᠭᠤᠣᠯᠳᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠵᠠᠢ᠃

      ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ

ᠲᠠᠯ᠎ᠠ ᠪᠠᠷ ᠨᠠᠶᠢᠳᠠᠪᠤᠷᠢᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢ

ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠦᠭᠡᠨ ᠪᠠᠶᠢᠭᠤᠯᠬᠤ

ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠥᠨᠳᠥᠷ

ᠲᠦᠪᠰᠢᠨᠲᠦ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠯᠠᠪᠳᠠᠭᠤᠨ ᠪᠠᠲᠤᠲᠠᠢ ᠲᠥᠯᠥᠪᠵᠢᠭᠦᠯᠦᠨ

ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ 2024 ᠣᠨ ᠤ ᠪᠦᠬᠦ ᠤᠯᠤᠰ ᠤᠨ

ᠰᠤᠷᠭᠠᠨ ᠬᠥᠮᠦᠵᠢᠯ ᠤᠨ ᠠᠵᠢᠯ ᠤᠨ ᠬᠤᠷᠠᠯ ᠪᠣᠯᠤᠨ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ

ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ

ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ

ᠨᠡᠮᠡᠭᠳᠡᠭᠦᠯᠬᠦ ᠪᠠᠷ ᠬᠦᠴᠦᠯᠡᠬᠦ ᠴᠡᠭ ᠪᠣᠯᠭᠠᠨ᠂ ᠰᠤᠷᠭᠠᠨ ᠬᠥᠮᠦᠵᠢᠯ ᠭᠠᠳᠠᠭᠠᠳᠤ ᠶᠠᠪᠤᠳᠠᠯ ᠤᠨ ᠠᠵᠢᠯ ᠤᠨ ᠪᠠᠶᠢᠭᠤᠯᠤᠯ

ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠭᠤᠯᠤᠯᠲᠠ ᠶᠢ

ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠡᠯ᠎ᠡ ᠵᠦᠢᠯ ᠤᠨ ᠠᠵᠢᠯ ᠤᠨ

ᠪᠠᠷᠢᠮᠵᠢᠶ᠎ᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠬᠡᠬᠦ ᠶᠢ

ᠠᠬᠢᠭᠤᠯᠵᠤ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠴᠢᠨᠠᠷᠯᠢᠭ ᠬᠥᠭᠵᠢᠯᠲᠡ ᠶᠢ ᠠᠬᠢᠭᠤᠯᠵᠤ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ

ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠤᠨ ᠬᠤᠭᠤᠴᠠᠭᠠᠨ ᠳᠤ᠂ ᠡᠯ᠎ᠡ ᠶᠡᠭᠡ ᠳᠡᠭᠡᠳᠦ ᠰᠤᠷᠭᠠᠭᠤᠯᠢ ᠪᠣᠯᠤᠨ ᠠᠶᠢᠮᠠᠭ ᠬᠤᠲᠠ ᠶᠢᠨ ᠰᠤᠷᠭᠠᠨ

ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠲᠤᠷᠰᠢᠯᠭ᠎ᠠ ᠪᠠᠨ ᠰᠣᠯᠢᠯᠴᠠᠪᠠ᠃ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠥᠪᠡᠷᠲᠡᠭᠡᠨ

ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ

ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠣᠷᠣᠨ ᠤ ᠭᠠᠳᠠᠨᠠᠬᠢ ᠳᠡᠭᠡᠳᠦ

ᠰᠤᠷᠭᠠᠭᠤᠯᠢ ᠶᠢᠨ ᠨᠡᠷᠡᠲᠦ ᠲᠤᠰᠬᠠᠢ ᠮᠡᠷᠭᠡᠵᠢᠯᠲᠡᠨ ᠠᠴᠠ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ

ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠲᠤᠬᠠᠢ ᠲᠤᠰᠬᠠᠢ ᠰᠡᠳᠦᠪᠲᠦ

ᠬᠠᠪᠰᠤᠷᠤᠨ ᠵᠢᠯᠣᠭᠤᠳᠬᠤ ᠲᠠᠶᠢᠯᠤᠮᠵᠢ ᠬᠢᠪᠡ᠃

      

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map