ᠭᠤᠷᠪᠠᠳᠤᠭᠠᠷ ᠪᠦᠯᠦᠭ ᠤᠨ ᠤᠯᠤᠰ ᠤᠨ ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠬᠢᠴᠢᠶᠡᠯ ᠢ ᠲᠠᠨᠢᠯᠴᠠᠭᠤᠯᠤᠨ ᠮᠡᠳᠡᠭᠦᠯᠬᠦ ᠨᠡᠷᠡᠰ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/1/31
      ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠭᠤᠷᠪᠠᠳᠤᠭᠠᠷ ᠪᠦᠯᠦᠭ ᠤᠨ ᠤᠯᠤᠰ ᠤᠨ ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠬᠢᠴᠢᠶᠡᠯ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠰᠤᠷᠭᠠᠨ ᠳᠡᠭᠡᠳᠦ ᠲᠢᠩᠬᠢᠮ ᠪᠢᠴᠢᠭ ﹇2023﹈ 24 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠠᠴᠠ ᠮᠡᠳᠡᠭᠦᠯᠬᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠢᠨᠠᠨ ᠲᠣᠭᠲᠠᠭᠠᠬᠤ᠂ ᠬᠢᠨᠠᠨ ᠲᠣᠭᠲᠠᠭᠠᠬᠤ ᠵᠦᠪᠯᠡᠯ ᠠᠴᠠ ᠳᠠᠬᠢᠨ ᠬᠢᠨᠠᠬᠤ ᠪᠠᠷ ᠳᠠᠮᠵᠢᠨ᠂ 125 ᠲᠥᠷᠥᠯ ᠤᠨ ᠬᠢᠴᠢᠶᠡᠯ ᠢ ᠤᠯᠤᠰ ᠤᠨ ᠳᠡᠰ ᠤᠨ ᠭᠤᠷᠪᠠᠳᠤᠭᠠᠷ ᠪᠦᠯᠦᠭ ᠤᠨ ᠲᠡᠷᠢᠭᠦᠨ ᠤ ᠵᠢᠩᠬᠢᠨᠢ ᠠᠩᠭᠢ ᠶᠢᠨ ᠬᠢᠴᠢᠶᠡᠯ ᠢᠶᠠᠷ ᠮᠡᠳᠡᠭᠦᠯᠬᠦ ᠪᠠᠷ ᠲᠣᠭᠲᠠᠪᠠ᠂ ᠡᠭᠦᠨ ᠳᠤ ᠰᠦᠯᠵᠢᠶᠡᠨ ᠳᠠᠬᠢ ᠬᠢᠴᠢᠶᠡᠯ 12᠂ ᠰᠦᠯᠵᠢᠶᠡᠨ ᠭᠠᠳᠠᠨᠠᠬᠢ ᠬᠢᠴᠢᠶᠡᠯ 49᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠬᠤᠯᠢᠮᠠᠭ ᠬᠢᠴᠢᠶᠡᠯ 38᠂ ᠵᠢᠱᠢᠮᠡᠭ ᠦᠨᠡᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠬᠢᠴᠢᠶᠡᠯ 16᠂ ᠨᠡᠶᠢᠭᠡᠮ ᠤᠨ ᠦᠢᠯᠡᠳᠦᠯᠭᠡ ᠶᠢᠨ ᠬᠢᠴᠢᠶᠡᠯ 10 ᠪᠤᠢ᠃ ᠡᠳᠦᠭᠡ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ 2024 ᠣᠨ ᠤ 1 ᠰᠠᠷ᠎ᠠ ᠶᠢᠨ 16-29 ᠤ ᠡᠳᠦᠷ ᠪᠣᠯᠲᠠᠯ᠎ᠠ᠂ 10 ᠠᠵᠢᠯᠯᠠᠬᠤ ᠡᠳᠦᠷ ᠪᠣᠯᠤᠨ᠎ᠠ᠃      ᠳᠡᠭᠡᠷ᠎ᠡ ᠳᠤᠷᠠᠳᠤᠭᠰᠠᠨ ᠢᠯᠡ ᠨᠡᠶᠢᠳᠡᠯᠡᠯ ᠳᠤ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠲᠤᠰᠬᠠᠬᠤ ᠶᠢᠨ ᠬᠠᠮᠲᠤ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠬᠢᠨᠠᠨ ᠪᠠᠶᠢᠴᠠᠭᠠᠬᠤ ᠳᠤ ᠳᠥᠭᠦᠮ ᠦᠵᠡᠭᠦᠯᠦᠨ᠎ᠡ᠃ ᠨᠢᠭᠡᠴᠢ ᠶᠢᠨ ᠨᠡᠷ᠎ᠡ ᠪᠠᠷ ᠲᠤᠰᠬᠠᠭᠰᠠᠨ ᠪᠣᠯ᠂ ᠨᠢᠭᠡᠴᠢ ᠶᠢᠨ ᠬᠠᠷᠢᠯᠴᠠᠬᠤ ᠬᠥᠮᠦᠨ ᠤ ᠣᠪᠣᠭ ᠨᠡᠷ᠎ᠡ᠂ ᠬᠠᠷᠢᠯᠴᠠᠬᠤ ᠤᠲᠠᠰᠤ ᠶᠢ ᠬᠠᠩᠭᠠᠬᠤ ᠶᠢᠨ ᠬᠠᠮᠲᠤ ᠲᠤᠰ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ︔ ᠬᠤᠪᠢ ᠬᠥᠮᠦᠨ ᠤ ᠨᠡᠷ᠎ᠡ ᠪᠠᠷ ᠲᠤᠰᠬᠠᠭᠰᠠᠨ ᠪᠣᠯ᠂ ᠦᠨᠡᠨ ᠪᠣᠳᠠᠲᠠᠢ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠪᠡᠶ᠎ᠡ ᠶᠢᠨ ᠦᠨᠡᠮᠯᠡᠯ ᠤᠨ ᠨᠣᠮᠧᠷ᠂ ᠠᠵᠢᠯᠯᠠᠵᠤ ᠪᠠᠶᠢᠭ᠎ᠠ ᠨᠢᠭᠡᠴᠢ ᠪᠠ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠬᠠᠩᠭᠠᠨ᠎ᠠ᠃ ᠮᠠᠨ ᠤ ᠲᠢᠩᠬᠢᠮ ᠠᠴᠠ ᠰᠠᠨᠠᠯ ᠳᠤᠷᠠᠳᠤᠭᠰᠠᠨ ᠨᠢᠭᠡᠴᠢ ᠪᠣᠯᠤᠨ ᠬᠤᠪᠢ ᠬᠥᠮᠦᠨ ᠤ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠲᠣᠭᠲᠠᠭᠠᠯ ᠪᠠ ᠱᠠᠭᠠᠷᠳᠠᠯᠭ᠎ᠠ ᠳᠤ ᠦᠯᠦ ᠨᠡᠶᠢᠴᠡᠬᠦ ᠰᠠᠨᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ 607 ᠠᠯᠪᠠᠨ ᠭᠡᠷ᠂ ᠰᠢᠤᠳᠠᠨ ᠨᠣᠮᠧᠷ 010010᠂ ᠬᠠᠷᠢᠯᠴᠠᠬᠤ ᠤᠲᠠᠰᠤ᠄ 0471 - 2856605᠂ ᠢᠮᠧᠯ᠄ jytgjc607@163.com          ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠤᠯᠤᠰ ᠤᠨ ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠬᠢᠴᠢᠶᠡᠯ ᠤᠨ ᠨᠡᠷᠡᠰ ᠤᠨ ᠢᠯᠡ ᠨᠡᠶᠢᠲᠡᠯᠡᠯ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2024 ᠣᠨ ᠤ 1 ᠰᠠᠷ᠎ᠠ ᠶᠢᠨ 16 ᠤ ᠡᠳᠦᠷᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠤᠯᠤᠰ ᠤᠨ ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠬᠢᠴᠢᠶᠡᠯ ᠤᠨ ᠨᠡᠷᠡᠰ ᠤᠨ ᠢᠯᠡ ᠨᠡᠶᠢᠲᠡᠯᠡᠯ .pdf 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map