2024 ᠣᠨ ᠤ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠨᠢᠯᠴᠠᠭᠤᠯᠬᠤ ᠪᠠᠷ ᠪᠠᠶᠢᠭ᠎ᠠ ᠤᠷ᠎ᠠ ᠴᠢᠳᠠᠪᠤᠷᠢᠲᠤ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠬᠤ ᠲᠥᠷᠥᠯ ᠵᠦᠢᠯ ᠤᠨ ᠨᠡᠷᠡᠰ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/1/31
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ︽2024 ᠣᠨ ᠤ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ ᠢ  ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠤᠷ᠎ᠠ ᠴᠢᠳᠠᠪᠤᠷᠢᠲᠤ ᠪᠠᠭᠰᠢ ᠶᠢᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠤᠬᠠᠢ ᠮᠡᠳᠡᠭᠳᠡᠯ︾ ︵ᠥᠪᠥᠷ ᠬᠥᠮᠦᠨ ᠤ ᠬᠦᠴᠦᠨ ᠲᠠᠷᠬᠠᠭᠠᠭᠰᠠᠨ ﹇2024﹈ 205 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠠᠴᠠ ᠲᠠᠨᠢᠯᠴᠠᠭᠤᠯᠬᠤ ᠪᠠ ᠬᠤᠷᠠᠯ ᠢᠶᠠᠷ ᠰᠤᠳᠤᠯᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠨᠢᠯᠴᠠᠭᠤᠯᠬᠤ ᠪᠠᠷ ᠪᠠᠶᠢᠭ᠎ᠠ ᠤᠷ᠎ᠠ ᠴᠢᠳᠠᠪᠤᠷᠢᠲᠤ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠬᠤ ᠲᠥᠷᠥᠯ ᠵᠦᠢᠯ ᠤᠨ ᠨᠡᠷᠡᠰ ᠢ ᠲᠣᠭᠲᠠᠭᠠᠵᠤ᠂ ᠡᠳᠦᠭᠡ ᠢᠯᠡ ᠨᠡᠶᠢᠲᠡᠯᠡᠪᠡ᠃      ᠢᠯᠡ ᠨᠡᠶᠢᠲᠡᠯᠡᠬᠦ ᠴᠠᠭ᠄ 2024 ᠣᠨ ᠤ 1 ᠰᠠᠷ᠎ᠠ ᠶᠢᠨ 23-1 ᠰᠠᠷ᠎ᠠ ᠶᠢᠨ 29  ᠤ ᠡᠳᠦᠷ᠃ ᠨᠢᠭᠡᠴᠢ ᠪᠠ ᠬᠤᠪᠢ ᠬᠥᠮᠦᠨ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠢᠨᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠬᠤ ᠶᠢᠨ ᠬᠠᠮᠲᠤ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠠ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠳᠠᠷᠤᠢ ᠳᠤ ᠨᠢ ᠬᠠᠷᠢᠭᠤ ᠪᠤᠴᠠᠭᠠᠨ᠎ᠠ᠃      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ      ᠰᠢᠤᠳᠠᠨ ᠨᠣᠮᠧᠷ᠄ 010011      ᠬᠠᠷᠢᠯᠴᠠᠬᠤ ᠤᠲᠠᠰᠤ᠄ 0471 - 2856822      ᠢᠮᠧᠯ᠄ nmgjytjsgzc@126.com       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2024 ᠣᠨ ᠤ 1 ᠰᠠᠷ᠎ᠠ ᠶᠢᠨ 23 ᠤ ᠡᠳᠦᠷ   

1.png

   

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map