ᠪᠦᠦ ᠰᠢᠶᠠᠨ ᠬᠤᠸᠠ᠂ ᠶᠠᠩ ᠵᠢᠶᠧ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/1/31
      1 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠬᠥᠬᠡᠬᠤᠲᠠ ᠶᠢᠨ ᠬᠡᠰᠡᠭ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ᠃      ᠥᠪᠥᠷ ᠮᠣᠩᠭᠤᠯ ᠤᠨ ᠶᠡᠭᠡ ᠰᠤᠷᠭᠠᠭᠤᠯᠢ ᠳᠤ᠂ ᠪᠦᠦ ᠰᠢᠶᠠᠨ ᠬᠤᠸᠠ᠂ ᠶᠠᠩ ᠵᠢᠶᠧ ᠠᠮᠢ ᠰᠢᠨᠵᠢᠯᠡᠭᠡᠨ ᠤ ᠳᠡᠭᠡᠳᠦ ᠰᠤᠷᠭᠠᠭᠤᠯᠢ᠂ ᠬᠢᠮᠢ ᠪᠠ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠵᠢᠴᠢ ᠰᠤᠷᠭᠠᠭᠤᠯᠢ ᠶᠢᠨ ᠠᠵᠢᠯᠯᠠᠬᠤ ᠭᠠᠵᠠᠷ᠂ ᠰᠤᠷᠤᠭᠴᠢ ᠶᠢᠨ ᠪᠠᠶᠢᠷᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠪᠠᠶᠢᠴᠠᠭᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠬᠠᠷᠢᠭᠤᠴᠠᠯᠭᠠᠲᠠᠨ ᠳᠤ ᠲᠤᠷᠰᠢᠯᠲᠠ ᠶᠢᠨ ᠲᠠᠰᠤᠭ ᠮᠡᠲᠦ ᠲᠦᠭᠰᠢᠭᠦᠷᠢ ᠶᠡᠬᠡᠲᠡᠢ ᠣᠷᠣᠨ ᠪᠦᠰᠡ᠂ ᠪᠠᠶᠢᠷᠢ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠪᠦᠬᠦ ᠲᠠᠯ᠎ᠠ ᠪᠠᠷ ᠳᠠᠬᠢᠨ ᠳᠠᠪᠲᠠᠨ ᠵᠢᠭᠰᠠᠭᠠᠨ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠬᠡᠷᠡᠭᠯᠡᠵᠦ ᠪᠠᠶᠢᠭ᠎ᠠ ᠶᠡᠭᠡ ᠴᠢᠳᠠᠮᠵᠢᠲᠤ ᠴᠠᠬᠢᠯᠭᠠᠨ ᠬᠡᠷᠡᠭᠰᠡᠯ ᠵᠡᠷᠭᠡ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠵᠠᠬᠢᠪᠠ᠃

14ebb99d806d5742bbdf2a69e98eb8b9.jpg

      ᠪᠦᠦ ᠰᠢᠶᠠᠨ ᠬᠤᠸᠠ ᠪᠣᠯᠤᠨ ᠶᠠᠩ ᠵᠢᠶᠧ ᠲᠤᠰ ᠲᠤᠰ ᠬᠥᠬᠡᠬᠤᠲᠠ ᠶᠢᠨ ᠵᠢᠩ ᠶᠧ ᠳᠤᠮᠳᠠᠳᠤ

ᠰᠤᠷᠭᠠᠭᠤᠯᠢ᠂ ᠱᠦ ᠷᠧᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ

ᠰᠢᠯᠭᠠᠯᠲᠠ ᠶᠢᠨ ᠳᠠᠪᠲᠠᠬᠤ ᠰᠤᠷᠭᠠᠭᠤᠯᠢ ᠳᠤ ᠬᠦᠷᠴᠦ᠂ ᠰᠤᠷᠭᠠᠭᠤᠯᠢ  ᠶᠢᠨ ᠠᠯᠪᠠᠨ ᠠᠰᠠᠷ᠂ ᠰᠤᠷᠤᠭᠴᠢ ᠶᠢᠨ ᠪᠠᠶᠢᠷᠢ

ᠪᠣᠯᠤᠨ ᠬᠤᠭᠤᠯᠠᠨ ᠭᠡᠷ ᠵᠡᠷᠭᠡ ᠭᠠᠵᠠᠷ ᠢ ᠪᠠᠶᠢᠴᠠᠭᠠᠵᠤ᠂ ᠭᠠᠯ ᠰᠡᠷᠭᠡᠶᠢᠯᠡᠬᠦ ᠠᠮᠤᠷ ᠲᠦᠪᠰᠢᠨ᠂ ᠢᠳᠡᠭᠡᠨ ᠤ ᠠᠮᠤᠷ

ᠲᠦᠪᠰᠢᠨ ᠤ ᠪᠠᠶᠢᠳᠠᠯ  ᠢ ᠨᠠᠷᠢᠨ ᠣᠶᠢᠯᠠᠭᠠᠵᠤ᠂ ᠰᠤᠷᠭᠠᠭᠤᠯᠢ ᠶᠢ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ

ᠪᠣᠳᠠᠲᠠᠶᠢᠵᠢᠭᠤᠯᠵᠤ᠂ ᠠᠶᠤᠯ ᠦᠭᠡᠢ ᠦᠢᠯᠡᠳᠪᠦᠷᠢᠯᠡᠬᠦ ᠠᠵᠢᠯᠲᠠᠨ ᠤ ᠲᠣᠬᠢᠷᠠᠭᠤᠯᠤᠯᠲᠠ ᠪᠣᠯᠤᠨ ᠪᠣᠯᠪᠠᠰᠤᠷᠠᠯ ᠢ

ᠴᠢᠩᠭᠠᠳᠬᠠᠵᠤ᠂ ᠭᠠᠯ ᠤᠨᠲᠠᠷᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠭᠠᠯ ᠤᠨᠲᠠᠷᠠᠭᠠᠬᠤ

ᠪᠠᠭᠠᠵᠢ ᠬᠡᠷᠡᠭᠰᠡᠯ᠂ ︽ᠨᠢᠭᠡ ᠳᠠᠷᠤᠪᠴᠢ ᠪᠠᠷ ᠲᠦᠭᠰᠢᠭᠦᠷᠢ ᠮᠡᠳᠡᠭᠦᠯᠬᠦ︾ ᠵᠡᠷᠭᠡ ᠲᠥᠬᠦᠭᠡᠷᠦᠮᠵᠢ ᠶᠢ ᠪᠦᠷᠢᠨ ᠭᠦᠢᠴᠡᠳ

ᠰᠠᠶᠢᠲᠤᠷ ᠬᠡᠷᠡᠭᠯᠡᠵᠦ᠂ ᠵᠠᠮ ᠱᠤᠭᠤᠮ  ᠤᠨ ᠪᠠᠶᠢᠴᠠᠭᠠᠯᠲᠠ᠂ ᠢᠳᠡᠭᠡᠨ ᠤ ᠦᠯᠢᠭᠡᠷ ᠶᠠᠩᠵᠤ ᠦᠯᠡᠳᠡᠭᠡᠬᠦ ᠵᠡᠷᠭᠡ ᠨᠠᠷᠢᠨ

ᠵᠦᠢᠯ ᠤᠨ ᠬᠠᠮᠢᠶᠠᠷᠤᠯᠲᠠ ᠶᠢ ᠰᠠᠶᠢᠲᠤᠷ ᠪᠣᠳᠠᠲᠠᠶᠢᠵᠢᠭᠤᠯᠵᠤ᠂ ᠠᠮᠤᠷ ᠲᠦᠪᠰᠢᠨ ᠤ ᠳᠠᠯᠳᠠ ᠭᠡᠮ ᠢ ᠡᠬᠢ ᠡᠭᠦᠰᠦᠯ

 ᠠᠴᠠ ᠨᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃

      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ

ᠦᠢᠯᠡᠳᠪᠦᠷᠢᠯᠡᠬᠦ ᠵᠥᠪᠯᠡᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠵᠤ ᠠᠪᠤᠷᠠᠨ

ᠲᠤᠰᠠᠯᠠᠬᠤ ᠶᠡᠷᠦᠩᠬᠡᠢ ᠠᠩᠭᠢ ᠵᠢᠷᠭᠤᠭᠠᠨ ᠳᠤᠭᠤᠶᠢᠯᠠᠩ ᠵᠣᠬᠢᠶᠠᠨ ᠪᠠᠶᠢᠭᠤᠯᠵᠤ᠂ ᠰᠤᠷᠭᠠᠨ ᠬᠥᠮᠦᠵᠢᠯ ᠤᠨ

ᠲᠢᠩᠬᠢᠮ ᠤᠨ ᠤᠳᠤᠷᠢᠳᠤᠯᠭ᠎ᠠ ᠪᠦᠯᠬᠦᠮ ᠳᠠᠭᠠᠭᠤᠯᠤᠨ᠂ ᠪᠦᠬᠦ ᠣᠷᠣᠨ ᠤ 12 ᠠᠶᠢᠮᠠᠭ ᠬᠤᠲᠠ ᠪᠣᠯᠤᠨ ᠳᠡᠭᠡᠳᠦ

ᠰᠤᠷᠭᠠᠭᠤᠯᠢ ᠳᠤ ᠬᠦᠷᠴᠦ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠤ

ᠲᠦᠭᠰᠢᠭᠦᠷᠢ ᠶᠢᠨ ᠳᠠᠯᠳᠠ ᠭᠡᠮ ᠢ ᠪᠠᠶᠢᠴᠠᠭᠠᠵᠤ ᠬᠢᠨᠠᠨ ᠵᠢᠯᠣᠭᠤᠳᠬᠤ ᠠᠵᠢᠯ ᠢ ᠬᠠᠮᠲᠤᠷᠠᠨ ᠥᠷᠨᠢᠭᠦᠯᠵᠦ᠂

ᠰᠤᠷᠭᠠᠭᠤᠯᠢ ᠶᠢᠨ ᠪᠠᠶᠢᠷᠢ᠂ ᠬᠢᠴᠢᠶᠡᠯ ᠤᠨ ᠭᠡᠷ᠂ ᠬᠤᠭᠤᠯᠠᠨ ᠭᠡᠷ᠂ ᠲᠤᠷᠰᠢᠯᠲᠠ ᠶᠢᠨ ᠲᠠᠰᠤᠭ ︵ᠳᠠᠳᠤᠯᠭ᠎ᠠ

ᠪᠣᠯᠪᠠᠰᠤᠷᠠᠯ ᠤᠨ ᠰᠠᠭᠤᠷᠢᠨ ᠭᠠᠵᠠᠷ︶᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠪᠠᠷᠢᠯᠭ᠎ᠠ ᠶᠢᠨ ᠭᠠᠵᠠᠷ᠂

ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢ

ᠴᠢᠩᠭ᠎ᠠ ᠠᠩᠬᠠᠷᠴᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map