ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠡᠪᠦᠯ ᠤᠨ ᠤᠯᠠᠷᠢᠯ ᠤᠨ ᠤᠷᠤᠯᠳᠤᠭᠠᠨ ᠤ ᠪᠣᠯᠪᠠᠰᠤᠷᠠᠯ ᠤᠨ ᠠᠵᠢᠯ ᠡᠮᠬᠢ ᠵᠢᠷᠤᠮ ᠲᠠᠢ ᠶᠠᠪᠤᠭᠳᠠᠵᠤ ᠪᠣᠢ
ᠨᠡᠶᠢᠲᠡᠯᠡᠭᠰᠡᠨ ᠴᠠᠭ᠄
2024/1/31
      2024 ᠣᠨ ᠤ 1-3 ᠰᠠᠷ᠎ᠠ ᠪᠣᠯᠲᠠᠯ᠎ᠠ᠂ ᠮᠠᠨ ᠤ ᠣᠷᠣᠨ 2023-2024 ᠰᠤᠷᠤᠯᠭ᠎ᠠ ᠶᠢᠨ ᠣᠨ ᠤ ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ  ᠤ ᠡᠪᠦᠯ ᠤᠨ ᠤᠯᠠᠷᠢᠯ ︵ᠬᠠᠶᠢᠨᠠᠨ︶ ᠤᠨ ᠤᠷᠤᠯᠳᠤᠭᠠᠨ ᠤ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ ᠬᠤᠭᠤᠴᠠᠭᠠᠨ ᠳᠤ ᠡᠯ᠎ᠡ ᠠᠶᠢᠮᠠᠭ ᠬᠤᠲᠠ ᠶᠢᠨ 47 ᠬᠥᠯ ᠪᠥᠮᠪᠥᠭᠡᠨ ᠤ ᠠᠩᠭᠢ ᠶᠢᠨ ᠪᠠᠭᠰᠢ ᠰᠤᠷᠤᠭᠴᠢ 900 ᠰᠢᠬᠠᠮ ᠬᠥᠮᠦᠨ 3 ᠬᠤᠭᠤᠴᠠᠭᠠᠨ  ᠤ ᠡᠪᠦᠯ ᠤᠨ ᠤᠯᠠᠷᠢᠯ ᠤᠨ ᠪᠣᠯᠪᠠᠰᠤᠷᠠᠯ ᠤᠨ ᠪᠠᠭᠤᠴᠠ ᠶᠢᠨ ᠠᠵᠢᠯᠯᠠᠭ᠎ᠠ ᠳᠤ ᠣᠷᠣᠯᠴᠠᠬᠤ ᠪᠣᠯᠤᠨ᠎ᠠ᠃   

1.jpg

2.png

                 ᠡᠬᠢᠯᠡᠯᠲᠡ ᠶᠢᠨ ᠶᠣᠰᠤᠯᠠᠯ

      ᠡᠨᠡ ᠤᠳᠠᠭᠠᠨ ᠤ ᠪᠣᠯᠪᠠᠰᠤᠷᠠᠯ ᠤᠨ ᠠᠵᠢᠯᠯᠠᠭᠠᠨ ᠤ ᠶᠠᠪᠤᠴᠠ ᠳᠤ᠂ ᠰᠤᠷᠤᠭᠴᠢᠳ ᠵᠢᠷᠭᠤᠭᠠᠨ ᠲᠣᠮᠤ

ᠲᠥᠷᠥᠯ ᠤᠨ ᠠᠷᠪᠠᠨ ᠬᠡᠳᠦᠨ ᠵᠦᠢᠯ ᠤᠨ ᠲᠤᠰᠬᠠᠢ ᠪᠣᠯᠪᠠᠰᠤᠷᠠᠯ ᠪᠠ ᠦᠷᠢᠰᠦᠯᠳᠦᠬᠦ ᠤᠷᠤᠯᠳᠤᠭᠠᠨ ᠳᠤ

ᠣᠷᠣᠯᠴᠠᠬᠤ ᠪᠣᠯᠤᠨ᠎ᠠ᠃ ᠬᠥᠯ ᠪᠥᠮᠪᠦᠭᠡᠨ ᠤ ᠪᠣᠯᠪᠠᠰᠤᠷᠠᠯ ᠳᠤ ᠪᠠᠰᠠ ᠤᠯᠤᠰ ᠢᠶᠠᠨ ᠬᠠᠶᠢᠷᠠᠯᠠᠬᠤ ᠬᠥᠮᠦᠵᠢᠯ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ᠂ ᠭᠠᠯ

ᠰᠡᠷᠭᠡᠶᠢᠯᠡᠵᠦ ᠭᠠᠯ ᠤᠨᠲᠠᠷᠠᠭᠠᠵᠤ ᠠᠶᠤᠯ ᠠᠴᠠ  ᠵᠠᠶᠢᠯᠠᠭᠤᠯᠬᠤ ᠬᠥᠮᠦᠵᠢᠯ ᠵᠡᠷᠭᠡ ᠶᠢ ᠲᠤᠬᠠᠢ ᠶᠢᠨ ᠭᠠᠵᠠᠷ ᠲᠤ ᠨᠢ

ᠰᠤᠳᠤᠯᠤᠨ ᠰᠤᠷᠤᠯᠴᠠᠬᠤ᠂ ᠪᠢᠴᠢᠮᠡᠯ ᠰᠣᠨᠢᠨ ᠦᠢᠯᠡᠳᠬᠦ᠂ ᠬᠥᠳᠡᠯᠮᠦᠷᠢ ᠶᠢᠨ ᠦᠢᠯᠡᠳᠦᠯᠭᠡ᠂ ᠲᠤᠰᠬᠠᠢ ᠵᠦᠢᠯ ᠤᠨ

ᠪᠣᠯᠪᠠᠰᠤᠷᠠᠯ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠤᠷᠤᠯᠴᠠᠬᠤ᠂ ᠪᠣᠯᠪᠠᠰᠤᠷᠠᠭᠤᠯᠬᠤ᠂ ᠤᠷᠤᠯᠳᠤᠬᠤ᠂

ᠬᠥᠮᠥᠵᠢᠭᠦᠯᠬᠦ᠂ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠲᠥᠪᠯᠡᠷᠡᠭᠦᠯᠦᠨ ᠪᠣᠯᠪᠠᠰᠤᠷᠠᠭᠤᠯᠬᠤ ᠣᠨᠴᠠᠯᠢᠭ ᠢ

ᠭᠦᠢᠴᠡᠳ ᠪᠠᠳᠠᠷᠠᠭᠤᠯᠵᠤ᠂ ᠰᠤᠷᠤᠭᠴᠢᠳ ᠤᠨ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂

ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃

   

3.png

   4.png

      ᠡᠨᠡ ᠤᠳᠠᠭᠠᠨ ᠤ ᠡᠪᠦᠯ ᠤᠨ ᠤᠯᠠᠷᠢᠯ ᠤᠨ ᠪᠣᠯᠪᠠᠰᠤᠷᠠᠯ ᠤᠨ ᠠᠵᠢᠯ ︽ᠵᠢᠭᠠᠵᠤ ᠰᠤᠷᠭᠠᠬᠤ᠂ ᠰᠢᠷᠭᠠᠭᠤ

ᠪᠣᠯᠪᠠᠰᠤᠷᠠᠬᠤ᠂ ᠪᠠᠶᠢᠩᠭᠤ ᠤᠷᠤᠯᠳᠤᠬᠤ︾ ᠣᠶᠢᠯᠠᠭᠠᠭᠳᠠᠬᠤᠨ ᠢᠶᠠᠷ ᠵᠢᠯᠣᠭᠤᠳᠤᠭᠤᠯᠵᠤ᠂ ᠡᠯ᠎ᠡ ᠵᠦᠢᠯ ᠤᠨ

ᠠᠵᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠡᠮᠦᠨᠡᠲᠦ ᠣᠷᠣᠨ ᠤ ᠳᠤᠯᠠᠭᠠᠨ ᠠᠭᠤᠷ

ᠠᠮᠢᠰᠬᠤᠯ ᠪᠠ ᠲᠥᠪᠯᠡᠷᠡᠭᠦᠯᠦᠭᠰᠡᠨ ᠬᠤᠭᠤᠯᠠ ᠬᠤᠨᠤᠭ ᠪᠣᠯᠪᠠᠰᠤᠷᠠᠯ ᠵᠡᠷᠭᠡ ᠨᠥᠬᠦᠴᠡᠯ ᠢ ᠠᠰᠢᠭᠯᠠᠨ᠂ ᠣᠭᠲᠠᠷᠭᠤᠢ

ᠳᠦᠭᠦᠷᠡᠩ ᠣᠳᠣᠨ ᠮᠡᠴᠢᠳ ᠪᠣᠯᠪᠠᠰᠤᠷᠠᠯ ᠤᠨ ᠪᠠᠭᠤᠴᠠ᠂ ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ

ᠪᠠ ᠠᠩᠭᠢ ᠶᠢᠨ ᠬᠤᠯᠪᠣᠭᠠᠲᠤ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠪᠠ

ᠰᠢᠰᠲ᠋ᠧᠮ ᠲᠠᠢ ᠬᠥᠭᠵᠢᠭᠦᠯᠵᠦ᠂ ᠥᠪᠥᠷ ᠮᠣᠩᠭᠤᠯ ᠤᠨ ᠣᠨᠴᠠᠯᠢᠭᠲᠤ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ᠤᠷᠤᠯᠳᠤᠭᠠᠨ ᠤ ᠪᠣᠯᠪᠠᠰᠤᠷᠠᠯ ᠤᠨ ᠳᠣᠭᠲᠠᠯᠴᠠᠭ᠎ᠠ᠂ ᠤᠷᠤᠯᠳᠤᠭᠠᠨ ᠤ ᠪᠣᠯᠪᠠᠰᠤᠷᠠᠯ ᠤᠨ ᠨᠡᠷᠡᠲᠦ

ᠲᠡᠮᠳᠡᠭ ᠪᠠ ᠤᠷᠤᠯᠳᠤᠭᠠᠨ ᠤ ᠪᠣᠯᠪᠠᠰᠤᠷᠠᠯ ᠤᠨ ᠰᠣᠶᠣᠯ ᠢ ᠪᠣᠢ ᠪᠣᠯᠭᠠᠵᠤ᠂ ᠪᠦᠬᠦ ᠣᠷᠣᠨ ᠤ ᠡᠯ᠎ᠡ ᠲᠥᠷᠥᠯ ᠤᠨ

ᠪᠣᠯᠪᠠᠰᠤᠷᠠᠯ ᠤᠨ ᠠᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠬᠥᠲᠥᠯᠥᠨ ᠳᠠᠭᠠᠭᠤᠯᠪᠠ᠃

   

5.png

      ᠪᠠᠭ᠎ᠠ ᠰᠤᠷᠭᠠᠭᠤᠯᠢ ᠶᠢᠨ ᠡᠷᠡᠭᠲᠡᠢ ᠶᠢᠨ ᠳᠤᠭᠤᠶᠢᠯᠠᠩ ᠤᠨ ︽ᠠᠩᠭᠢ ᠶᠢᠨ ᠬᠤᠯᠪᠣᠭᠠᠲᠤ            

ᠤᠷᠤᠯᠳᠤᠭᠠᠨ︾ ᠤ ᠰᠢᠯᠢᠳᠡᠭ ᠲᠥᠯᠥᠭᠡᠯᠡᠭᠴᠢ ᠶᠢᠨ ᠳᠤᠭᠤᠶᠢᠯᠠᠩ ᠤᠨ ᠤᠷᠤᠯᠳᠤᠭᠠᠨ ᠤ ᠪᠠᠭᠤᠴᠠ ︵22 ᠳ᠋ᠤᠭᠠᠷ

ᠬᠤᠭᠤᠴᠠᠭ᠎ᠠ︶ 1 ᠰᠠᠷ᠎ᠠ ᠶᠢᠨ 22 ᠤ ᠡᠳᠦᠷ ᠠᠮᠵᠢᠯᠲᠠ ᠲᠠᠢ ᠳᠠᠭᠤᠰᠪᠠ︔ ᠣᠳᠣ ᠪᠠᠭ᠎ᠠ ᠰᠤᠷᠭᠠᠭᠤᠯᠢ ᠶᠢᠨ

ᠡᠮᠡᠭᠲᠡᠢ ᠶᠢᠨ ᠳᠤᠭᠤᠶᠢᠯᠠᠩ ᠤᠨ ︽ᠭᠠᠷᠠᠭ ᠤᠨ ᠰᠡᠭᠦᠯᠴᠢ  ᠶᠢᠨ ᠬᠤᠯᠪᠣᠭᠠᠲᠤ ᠤᠷᠤᠯᠳᠤᠭᠠᠨ︾ ᠤ ᠮᠠᠩᠯᠠᠢ

ᠲᠥᠯᠥᠭᠡᠯᠡᠭᠴᠢᠳ ᠤᠨ ᠠᠩᠭᠢ ᠶᠢᠨ ᠤᠷᠤᠯᠳᠤᠭᠠᠨ ᠤ ᠪᠠᠭᠤᠴᠠ ︵23 ᠳ᠋ᠤᠭᠠᠷ ᠬᠤᠭᠤᠴᠠᠭ᠎ᠠ︶ 2 ᠰᠠᠷ᠎ᠠ ᠶᠢᠨ 6 ᠤ

ᠡᠳᠦᠷ ᠳᠠᠭᠤᠰᠬᠤ ᠪᠣᠯᠤᠨ᠎ᠠ︔ ᠳᠠᠷᠠᠭ᠎ᠠ ᠠᠯᠬᠤᠮ ᠳᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠡᠷᠡᠭᠲᠡᠢ ᠶᠢᠨ ᠳᠤᠭᠤᠶᠢᠯᠠᠩ ᠤᠨ ︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠪᠠᠭᠤᠴᠠ ᠶᠢᠨ

ᠣᠬᠢ ᠰᠣᠳᠤᠴᠤᠤᠯ ᠤᠨ ᠤᠷᠤᠯᠳᠤᠭᠠᠨ ︵24 ᠳ᠋ᠦ᠋ᠭᠡᠷ ᠬᠤᠭᠤᠴᠠᠭ᠎ᠠ︶ 2 ᠰᠠᠷ᠎ᠠ ᠶᠢᠨ 17 ᠤ ᠡᠳᠦᠷ ᠡᠬᠢᠯᠡᠨ᠎ᠡ᠃

   

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map