ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠢ ᠢᠯᠡ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/10/11
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠴᠢᠳᠠᠪᠤᠷᠢᠲᠠᠨ ᠤᠷᠢᠬᠤ ᠠᠯᠪᠠᠨ ᠵᠠᠷᠯᠠᠯ ᠢ ᠨᠡᠶᠢᠲᠡᠯᠡᠬᠦ᠂ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ 1 ᠬᠥᠮᠦᠨ ᠣᠷᠣᠪᠠ᠂ ᠣᠳᠣ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ ᠨᠢᠭᠡᠴᠢ ᠶᠢ ᠢᠯᠡ ᠨᠡᠶᠢᠲᠡᠯᠡᠪᠡ᠃      ᠨᠢᠭᠡ᠂ ᠢᠯᠡ ᠨᠡᠶᠢᠲᠡᠯᠡᠬᠦ ᠡᠲᠡᠭᠡᠳ      ᠪᠣᠤ ᠰᠢᠨ ᠢᠦᠢ᠂ ᠡᠷᠡᠭᠲᠡᠢ᠂ 1994 ᠣᠨ ᠤ 4 ᠰᠠᠷ᠎ᠠ ᠳᠤ ᠲᠦᠷᠦᠵᠠᠢ᠂ ᠳ᠋ᠣᠺᠲ᠋ᠣᠷ ︵ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ ᠤᠨ ᠳ᠋ᠣᠺᠲ᠋ᠣᠷ︶᠂ ᠤᠷᠢᠬᠤ ᠪᠠᠷ ᠲᠥᠯᠥᠪᠯᠡᠵᠦ ᠪᠠᠶᠢᠭ᠎ᠠ ᠨᠢᠭᠡᠴᠢ᠄ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠄ ᠤᠷᠢᠬᠤ ᠠᠵᠢᠯ ᠤᠨ ᠪᠠᠶᠢᠷᠢ᠄ ᠡᠨᠧᠷᠭᠢ ᠪᠣᠯᠤᠨ ᠮᠠᠲ᠋ᠧᠷᠢᠶᠠᠯ ᠤᠨ ᠢᠨᠵᠧᠨᠧᠷᠢᠩ ᠤᠨ ᠰᠠᠯᠪᠤᠷᠢ᠃      ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ      2024 ᠣᠨ ᠤ 10 ᠰᠠᠷ᠎ᠠ ᠶᠢᠨ 10 - 2024 ᠣᠨ ᠤ 10 ᠰᠠᠷ᠎ᠠ ᠶᠢᠨ 15 ᠤ ᠡᠳᠦᠷ      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ  ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ ᠲᠤᠰᠬᠠᠬᠤ ᠮᠠᠲ᠋ᠧᠷᠢᠶᠠᠯ ᠲᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠬᠤᠪᠢ ᠬᠥᠮᠦᠨ ᠲᠤᠰᠬᠠᠪᠠᠯ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠬᠡᠷᠡᠭᠲᠡᠢ᠃      ᠬᠦᠯᠢᠶᠡᠨ ᠠᠪᠬᠤ ᠴᠠᠭ᠄ ᠦᠳᠡ ᠶᠢᠨ ᠡᠮᠦᠨ᠎ᠡ 9᠄ 00 - 12᠄ 00᠂       ᠦᠳᠡ ᠶᠢᠨ ᠬᠤᠶᠢᠨ᠎ᠠ 14᠄ 30 - 17᠄ 00      ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 - 5279029 ︵ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯᠲᠠᠨ ᠤ ᠶᠠᠪᠤᠳᠠᠯ ᠤᠨ ᠭᠠᠵᠠᠷ︶      ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ             2024 ᠣᠨ ᠤ 10 ᠰᠠᠷ᠎ᠠ ᠶᠢᠨ 10 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map