︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠳᠤ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/10/12
         ᠥᠪᠥᠷ ᠰᠤᠷᠭᠠᠨ ᠲᠠᠮᠢᠷ ᠤᠷᠠᠯᠢᠭ ﹇2024﹈ 98 ᠳ᠋ᠤᠭᠠᠷ ᠲᠣᠭᠠᠲᠤ    ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠶᠡᠭᠡ ᠳᠡᠭᠡᠳᠦ ᠰᠤᠷᠭᠠᠭᠤᠯᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠳᠤ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                2024 ᠣᠨ ᠤ 10 ᠰᠠᠷ᠎ᠠ ᠶᠢᠨ 9 ᠤ ᠡᠳᠦᠷ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠳᠤ ᠭᠤᠸ᠎ᠠ       ᠰᠠᠶᠢᠬᠠᠨ ᠤ ᠬᠥᠮᠦᠵᠢᠯ ᠢ ᠠᠭᠤᠰᠠᠬᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ  ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠦᠭᠡ᠂ ︽ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠳᠤ ᠭᠤᠸ᠎ᠠ ᠰᠠᠶᠢᠬᠠᠨ  ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠠᠵᠢᠯ ᠤᠨ ᠵᠣᠷᠢᠯᠲᠠ      2027 ᠣᠨ ᠪᠣᠯᠬᠤ ᠳᠤ᠂ ᠰᠤᠷᠤᠭᠴᠢᠳ ᠤᠨ ᠪᠠᠶᠢᠩᠭᠤᠵᠢᠭᠤᠯᠤᠭᠰᠠᠨ ᠪᠦᠬᠦ ᠠᠵᠢᠯᠲᠠᠨ ᠤ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢ ᠳᠡᠯᠭᠡᠨ ᠦᠵᠡᠭᠦᠯᠬᠦ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠮᠡᠳᠡᠯᠭᠡ ᠶᠢᠨ ᠬᠢᠴᠢᠶᠡᠯ᠂ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ ᠴᠢᠳᠠᠪᠤᠷᠢᠲᠠᠨ ᠬᠥᠮᠦᠵᠢᠭᠦᠯᠬᠦ ᠲᠥᠰᠦᠯ ᠳᠤ ᠣᠷᠣᠭᠤᠯᠵᠤ᠂ ᠪᠠᠭᠰᠢ ᠶᠢᠨ ᠲᠥᠷᠦᠯ ᠤᠨ ᠲᠤᠰᠬᠠᠢ ᠮᠡᠷᠭᠡᠵᠢᠯ ᠳᠤ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ ᠨᠡᠭᠡᠭᠡᠬᠦ ᠶᠢ ᠨᠡᠶᠢᠳᠡᠮ ᠪᠥᠷᠬᠦᠭᠦᠯᠬᠦ ᠶᠢ ᠪᠡᠶᠡᠯᠡᠭᠦᠯᠦᠨ᠎ᠡ︔ ᠰᠢᠨᠵᠢᠯᠡᠭᠡᠨ ᠤ ᠰᠠᠯᠠᠭ᠎ᠠ ᠠᠯᠤᠰᠯᠠᠭᠰᠠᠨ᠂ ᠲᠤᠰᠬᠠᠢ ᠮᠡᠷᠭᠡᠵᠢᠯ ᠠᠯᠤᠰᠯᠠᠭᠰᠠᠨ ᠭᠤᠸ᠎ᠠ ᠰᠠᠶᠢᠬᠠᠨ ᠤ ᠬᠥᠮᠦᠵᠢᠯ ᠤᠨ ᠰᠢᠯᠢᠳᠡᠭ ᠦᠷ᠎ᠡ ᠪᠦᠲᠦᠭᠡᠯ ᠢ ᠨᠡᠶᠢᠯᠡᠭᠦᠯᠵᠦ ᠳᠡᠯᠭᠡᠷᠡᠭᠦᠯᠦᠨ᠎ᠡ︔ ᠪᠠᠭᠰᠢ ᠬᠥᠮᠦᠵᠢᠭᠦᠯᠬᠦ ᠠᠷᠭ᠎ᠠ ᠵᠠᠮ ᠢ ᠥᠷᠭᠡᠳᠭᠡᠨ᠎ᠡ︔ ᠬᠥᠮᠦᠨ ᠪᠦᠬᠦᠨ ᠳᠤ ᠬᠠᠨᠳᠤᠭᠤᠯᠤᠨ ᠨᠢᠭᠡ ᠴᠣᠭᠴᠠᠵᠢᠭᠤᠯᠤᠭᠰᠠᠨ ᠭᠡᠷ᠂ ᠰᠤᠷᠭᠠᠭᠤᠯᠢ᠂ ᠨᠡᠶᠢᠭᠡᠮ ᠤᠨ ᠭᠤᠸ᠎ᠠ ᠰᠠᠶᠢᠬᠠᠨ ᠤ ᠬᠥᠮᠦᠵᠢᠯ ᠢ ᠬᠠᠮᠵᠢᠨ ᠬᠥᠭᠵᠢᠭᠦᠯᠬᠦ ᠪᠠᠶᠢᠷᠢᠰᠢᠯᠠᠭᠤᠯᠤᠯᠲᠠ ᠶᠢ ᠠᠩᠬ᠎ᠠ ᠠᠯᠬᠤᠮ ᠪᠦᠷᠢᠯᠳᠦᠭᠦᠯᠦᠨ᠎ᠡ᠃ ᠪᠠᠰᠠ 3 ᠠᠴᠠ 5 ᠵᠢᠯ ᠤᠨ ᠴᠠᠭ ᠢ  ᠵᠠᠷᠤᠴᠠᠭᠤᠯᠵᠤ᠂  ᠴᠢᠨᠠᠷᠯᠢᠭ ᠮᠥᠷᠲᠡᠭᠡᠨ ᠲᠡᠩᠴᠡᠭᠦᠷᠢᠲᠡᠢ ᠭᠤᠸ᠎ᠠ ᠰᠠᠶᠢᠬᠠᠨ ᠤ ᠬᠥᠮᠦᠵᠢᠯ ᠢ ᠨᠠᠩ ᠲᠥᠭᠡᠮᠡᠯᠵᠢᠭᠦᠯᠦᠨ᠂ ᠰᠤᠷᠤᠭᠴᠢᠳ ᠤᠨ ᠭᠤᠸ᠎ᠠ ᠲᠠᠭᠠᠰᠢᠶᠠᠯ ᠪᠠ  ᠬᠥᠮᠦᠨ ᠨᠡᠶᠢᠭᠡᠮ ᠰᠣᠶᠣᠯ ᠤᠨ ᠬᠡᠪ ᠪᠣᠯᠪᠠᠰᠤᠷᠠᠯ ᠢ ᠨᠡᠶᠢᠳᠡᠮ ᠳᠡᠭᠡᠭᠰᠢᠯᠡᠭᠦᠯᠵᠦ᠂ ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠢᠯᠡᠳᠲᠡ  ᠳᠡᠭᠡᠭᠰᠢᠯᠡᠭᠦᠯᠦᠨ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠪᠠᠶᠢᠭᠤᠯᠤᠯ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠠᠭᠤᠷ ᠠᠮᠢᠰᠬᠤᠯ ᠢ ᠨᠡᠩ ᠭᠦᠨ ᠵᠤᠵᠠᠭᠠᠨ ᠪᠣᠯᠭᠠᠨ᠎ᠠ᠃ ᠦᠷᠭᠦᠯᠵᠢᠯᠡᠨ ᠴᠢᠷᠮᠠᠶᠢᠵᠤ᠂ ᠪᠦᠬᠦᠨ ᠢ ᠬᠠᠮᠤᠷᠤᠭᠰᠠᠨ᠂ ᠣᠯᠠᠨ ᠶᠠᠩᠵᠤᠴᠢᠯᠠᠭᠰᠠᠨ᠂  ᠴᠢᠨᠠᠷᠯᠢᠭ ᠤᠮᠠᠷᠠᠲᠤ ᠬᠢᠯᠢ ᠶᠢᠨ ᠣᠨᠴᠠᠯᠢᠭ ᠲᠠᠢ ᠣᠳᠣᠬᠢᠴᠢᠯᠠᠭᠰᠠᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠳᠣᠭᠲᠠᠯᠴᠠᠭ᠎ᠠ ᠶᠢ ᠪᠦᠷᠢᠯᠳᠦᠭᠦᠯᠬᠦ ᠶᠢ ᠠᠬᠢᠭᠤᠯᠤᠨ᠎ᠠ᠃      ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ᠭᠤᠸ᠎ᠠ ᠰᠠᠶᠢᠬᠠᠨ ᠤ ᠬᠥᠮᠥᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭ᠎ᠠ      1. ᠭᠤᠸ᠎ᠠ ᠰᠠᠶᠢᠬᠠᠨ ᠤ ᠬᠥᠮᠥᠵᠢᠯ ᠤᠨ ᠬᠢᠴᠢᠶᠡᠯ ᠢ ᠪᠦᠷᠢᠨ ᠭᠦᠢᠴᠡᠳ ᠨᠡᠭᠡᠭᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠯ᠎ᠡ ᠰᠤᠷᠭᠠᠭᠤᠯᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠰᠦᠯ ᠳᠠᠬᠢ ︽ᠨᠢᠭᠡ ᠠᠴᠠ ᠳᠥᠷᠪᠡᠳᠦᠭᠡᠷ ᠣᠨ ᠬᠦᠷᠲᠡᠯ᠎ᠡ ᠭᠠᠷᠠᠭ ᠪᠦᠷᠢ 4 ᠬᠢᠴᠢᠶᠡᠯ ᠤᠨ ᠴᠠᠭ᠂ ᠲᠠᠪᠤ ᠠᠴᠠ ᠵᠢᠷᠭᠤᠳᠤᠭᠠᠷ ᠣᠨ ᠪᠣᠯᠲᠠᠯ᠎ᠠ ᠭᠠᠷᠠᠭ ᠪᠦᠷᠢ 3 ᠬᠢᠴᠢᠶᠡᠯ ᠤᠨ ᠴᠠᠭ᠂ ᠳᠣᠯᠤᠭ᠎ᠠ ᠠᠴᠠ ᠶᠢᠰᠦᠳᠦᠭᠡᠷ ᠣᠨ ᠪᠣᠯᠲᠠᠯ᠎ᠠ ᠭᠠᠷᠠᠭ ᠪᠦᠷᠢ 2 ᠬᠢᠴᠢᠶᠡᠯ ᠤᠨ ᠴᠠᠭ︾ ᠭᠡᠬᠦ ᠤᠷᠠᠯᠢᠭ ᠤᠨ ᠬᠢᠴᠢᠶᠡᠯ ᠢ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ ᠬᠡᠷᠡᠭᠵᠢᠭᠦᠯᠵᠦ᠂ ᠡᠯ᠎ᠡ ᠰᠤᠷᠭᠠᠭᠤᠯᠢ ᠶᠢᠨ ᠬᠢᠨ ᠣᠯᠠᠨ ᠶᠠᠩᠵᠤᠴᠢᠯᠠᠭᠰᠠᠨ᠂ ᠥᠪᠡᠷᠮᠢᠴᠡ ᠤᠷᠠᠯᠢᠭ ᠪᠥᠬᠦᠢ ᠰᠣᠩᠭᠤᠨ ᠰᠤᠷᠬᠤ ᠬᠢᠴᠢᠶᠡᠯ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ ᠰᠤᠷᠤᠭᠴᠢᠳ ᠢ ᠬᠠᠪᠰᠤᠷᠤᠨ ᠰᠤᠷᠭᠠᠭᠤᠯᠢ ᠳᠤ 1 - 2 ᠵᠦᠢᠯ ᠤᠨ ᠤᠷᠠᠯᠢᠭ ᠤᠨ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠶᠢ ᠰᠤᠷᠭᠠᠵᠤ ᠡᠵᠡᠮᠰᠢᠭᠦᠯᠦᠨ᠎ᠡ︔ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠳᠠᠭᠤᠤ ᠬᠥᠭᠵᠢᠮ᠂ ᠤᠷᠠᠨ ᠵᠢᠷᠤᠭ ᠢ ᠲᠤᠰ ᠪᠦᠷᠢ ᠭᠤᠷᠪᠠᠨ ᠰᠤᠷᠤᠯᠭ᠎ᠠ ᠶᠢᠨ ᠬᠤᠭᠤᠴᠠᠭ᠎ᠠ ᠨᠡᠭᠡᠭᠡᠵᠦ᠂ ᠭᠠᠷᠠᠭ ᠪᠦᠷᠢ 1 ᠬᠢᠴᠢᠶᠡᠯ ᠤᠨ ᠴᠠᠭ ᠳᠣᠭᠲᠠᠭᠠᠵᠤ᠂ 6 ᠰᠤᠷᠤᠯᠭ᠎ᠠ ᠶᠢᠨ ᠬᠤᠪᠢ ᠡᠵᠡᠯᠡᠨ᠎ᠡ︔  ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ᠂ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢᠳ ᠡᠷᠬᠡᠪᠰᠢ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ 2 ᠰᠤᠷᠤᠯᠭ᠎ᠠ ᠶᠢᠨ ᠬᠤᠪᠢ  ᠶᠢ ᠪᠦᠷᠢᠨ ᠣᠯᠬᠤ ᠬᠡᠷᠡᠭᠲᠡᠢ᠃ ᠤᠷᠠᠯᠢᠭ ᠤᠨ ᠬᠢᠴᠢᠶᠡᠯ ᠢ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠬᠢᠴᠢᠶᠡᠯ ᠤᠨ ᠳᠣᠭᠲᠠᠯᠴᠠᠭᠠᠨ ᠳᠤ ᠣᠷᠣᠭᠤᠯᠬᠤ ᠶᠢ ᠵᠣᠷᠢᠭᠵᠢᠭᠤᠯᠤᠨ᠎ᠠ᠃      2. ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠳᠣᠭᠲᠠᠯᠴᠠᠭ᠎ᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠭ᠎ᠠ ᠰᠤᠷᠭᠠᠭᠤᠯᠢ ᠶᠢᠨ ᠱᠠᠲᠤᠨ ᠤ ᠳᠤᠷ᠎ᠠ ᠪᠠᠭ᠋ᠠᠴᠢᠯᠠᠭᠰᠠᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠣᠯᠠᠨ ᠶᠠᠩᠵᠤᠴᠢᠯᠠᠭᠰᠠᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠲᠤᠰᠬᠠᠢ ᠵᠦᠢᠯᠴᠢᠯᠡᠭᠰᠡᠨ᠂ ᠶᠡᠭᠡ ᠳᠡᠭᠡᠳᠦ ᠰᠤᠷᠭᠠᠭᠤᠯᠢ ᠶᠢᠨ ᠱᠠᠲᠤᠨ ᠤ ᠮᠡᠳᠡᠭᠡᠯᠵᠢᠭᠦᠯᠦᠭᠰᠡᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠣᠭᠴᠠᠵᠢᠭᠤᠯᠤᠭᠰᠠᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠤᠨ᠎ᠠ᠃ ᠠᠯᠪᠠᠨ ᠵᠢᠷᠤᠮ  ᠤᠨ ᠰᠤᠷᠭᠠᠨ ᠬᠥᠮᠦᠵᠢᠯ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠤᠷᠠᠨ ᠪᠢᠴᠢᠯᠭᠡ᠂ ᠪᠥᠵᠢᠭ᠂ ᠰᠢ ᠵᠦᠴᠦᠭᠡ᠂ ᠺᠢᠨᠣ᠋ ᠲᠧᠯᠸᠢᠰ᠂ ᠲᠣᠭᠠᠵᠢᠭᠰᠠᠨ ᠵᠠᠭᠤᠴᠢᠯᠠᠭᠤᠷ ᠵᠡᠷᠭᠡ ᠠᠭᠤᠯᠭ᠎ᠠ ᠶᠢ ᠠᠭᠤᠰᠬᠠᠨ᠎ᠠ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠤ ᠰᠣᠶᠣᠯ ᠲᠡᠦᠬᠡ ᠭᠦᠨ ᠤᠬᠠᠭᠠᠨ ᠵᠢᠴᠢ ᠪᠠᠶᠢᠭᠠᠯᠢ ᠲᠧᠭᠨᠢᠭ ᠤᠨ ᠤᠬᠠᠭᠠᠨ ᠤ ᠰᠢᠨᠵᠢᠯᠡᠭᠡᠨ ᠤ ᠰᠠᠯᠠᠭ᠎ᠠ ᠳᠤ ᠠᠭᠤᠰᠬᠠᠨ᠎ᠠ᠃ ᠭᠤᠸ᠎ᠠ ᠰᠠᠶᠢᠬᠠᠨ ᠤ ᠬᠥᠮᠦᠵᠢᠯ ᠪᠣᠯᠤᠨ ᠶᠣᠰᠣ ᠰᠤᠷᠲᠠᠬᠤᠨ ᠤ ᠬᠥᠮᠦᠵᠢᠯ᠂ ᠣᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠬᠥᠳᠡᠯᠮᠦᠷᠢ ᠶᠢᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ  ᠠᠭᠤᠰᠬᠠᠬᠤ ᠶᠢ ᠴᠢᠩᠭᠠᠳᠬᠠᠵᠤ᠂ ᠡᠯ᠎ᠡ ᠰᠢᠨᠵᠢᠯᠡᠭᠡᠨ ᠤ ᠰᠠᠯᠠᠭ᠎ᠠ ᠳᠤ ᠠᠭᠤᠯᠤᠭᠳᠠᠵᠤ ᠪᠠᠶᠢᠭ᠎ᠠ ᠭᠤᠸ᠎ᠠ ᠰᠠᠶᠢᠬᠠᠨ ᠤ ᠬᠥᠮᠦᠵᠢᠯ ᠤᠨ ᠦᠨ᠎ᠡ ᠥᠷᠲᠡᠭ ᠪᠠ  ᠦᠢᠯᠡᠳᠦᠯ ᠶᠢ ᠢᠯᠡᠷᠡᠭᠦᠯᠦᠨ᠎ᠡ᠃ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠪᠠ ᠬᠤᠶᠠᠳᠤᠭᠠᠷ ᠬᠢᠴᠢᠶᠡᠯ ᠤᠨ ᠲᠠᠩᠬᠢᠮ ᠢ ᠪᠦᠲᠦᠮᠵᠢᠲᠡᠢ ᠤᠶᠠᠯᠳᠤᠭᠤᠯᠬᠤ ᠶᠢ ᠴᠢᠩᠭᠠᠳᠬᠠᠵᠤ᠂ ᠤᠷᠠᠯᠢᠭ ᠤᠨ ᠬᠢᠴᠢᠶᠡᠯ ᠪᠠ ᠦᠢᠯᠡᠳᠦᠯᠭᠡ ᠪᠠᠷ ᠰᠤᠷᠤᠭᠴᠢᠳ ᠤᠨ ᠰᠤᠷᠤᠯᠴᠠᠬᠤ ᠢᠳᠡᠪᠬᠢᠵᠢᠯ ᠢ ᠬᠥᠭᠵᠢᠭᠡᠨ᠎ᠡ᠃      3. ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠥᠵᠢᠯ ᠤᠨ ᠵᠢᠭᠠᠨ ᠰᠤᠷᠭᠠᠯᠲᠠ ᠪᠣᠯᠤᠨ ᠦᠢᠯᠡᠳᠦᠯᠭᠡ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠭᠤᠣᠯᠯᠠᠭᠴᠢ ᠬᠡᠪ ᠪᠣᠯᠪᠠᠰᠤᠷᠠᠯ ᠢ ᠪᠤᠶᠢᠵᠢᠭᠤᠯᠬᠤ ᠶᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ 2 ᠰᠤᠷᠤᠯᠭ᠎ᠠ ᠶᠢᠨ ᠬᠤᠪᠢ ︵ᠵᠠᠪᠠᠯ           ᠰᠤᠷᠬᠤ︶ + N ᠰᠤᠷᠤᠯᠭ᠎ᠠ ᠶᠢᠨ ᠬᠤᠪᠢ ︵ᠰᠣᠩᠭᠤᠨ ᠰᠤᠷᠬᠤ︶ ᠶᠢᠨ ᠬᠢᠴᠢᠶᠡᠯ ᠤᠨ ᠪᠠᠶᠢᠷᠢᠯᠠᠭᠤᠯᠤᠯᠲᠠ ᠵᠢᠴᠢ ᠰᠤᠷᠤᠯᠭ᠎ᠠ ᠶᠢᠨ ᠬᠤᠪᠢ ᠶᠢᠨ ᠴᠢᠨᠠᠷ ᠴᠢᠨᠰᠠᠭᠠᠨ ᠤ ᠬᠢᠷᠢ ᠲᠦᠪᠰᠢᠨ ᠢ ᠦᠨᠡᠯᠡᠬᠦ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ ᠦᠨᠡᠯᠡᠭᠰᠡᠨ ᠭᠦᠢᠴᠡᠳᠬᠡᠯ ᠲᠤᠭ᠎ᠠ ᠶᠢ ᠨᠡᠶᠢᠲᠡᠯᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠭᠡᠨ ᠤ ᠰᠠᠯᠠᠭ᠎ᠠ ᠠᠯᠤᠰᠯᠠᠭᠰᠠᠨ᠂ ᠲᠤᠰᠬᠠᠢ ᠮᠡᠷᠭᠡᠵᠢᠯ ᠠᠯᠤᠰᠯᠠᠭᠰᠠᠨ ᠭᠤᠸ᠎ᠠ ᠰᠠᠶᠢᠬᠠᠨ ᠤ ᠬᠥᠮᠥᠵᠢᠯ ᠤᠨ ᠵᠢᠭᠠᠨ ᠰᠤᠷᠭᠠᠯᠲᠠ᠂ ᠵᠢᠭᠠᠬᠤ ᠶᠢ ᠰᠣᠳᠤᠯᠬᠤ᠂ ᠵᠢᠭᠠᠨ ᠰᠤᠷᠭᠠᠯᠲᠠ ᠶᠢᠨ ᠰᠢᠯᠢᠳᠡᠭ ᠬᠡᠷᠡᠭ ᠤᠨ ᠵᠢᠱᠢᠶ᠎ᠡ ᠶᠢ ᠴᠤᠭᠯᠠᠭᠤᠯᠵᠤ᠂ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠤᠨ᠂ ᠡᠯ᠎ᠡ ᠰᠢᠨᠵᠢᠯᠡᠭᠡᠨ ᠤ ᠰᠠᠯᠠᠭᠠᠨ ᠤ ᠭᠤᠸ᠎ᠠ ᠰᠠᠶᠢᠬᠠᠨ ᠤ ᠬᠥᠮᠦᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠰᠢᠨ᠎ᠡ ᠬᠡᠯᠪᠡᠷᠢ ᠪᠠ ᠰᠢᠨ᠎ᠡ ᠬᠠᠨᠳᠤᠰᠢ ᠶᠢ ᠪᠤᠢ ᠪᠣᠯᠭᠠᠨ᠎ᠠ᠃     ︵ᠬᠤᠶᠠᠷ︶ ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ      4. ᠭᠤᠸ᠎ᠠ ᠰᠠᠶᠢᠬᠠᠨ ᠤ ᠬᠥᠮᠦᠵᠢᠯ ᠤᠨ ᠵᠢᠭᠠᠬᠤ ᠶᠢ ᠰᠤᠳᠤᠯᠬᠤ ᠳᠣᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠠᠮᠤᠭ ᠤᠨ ᠪᠠᠭ᠎ᠠ ᠳᠤ ᠪᠠᠨ ᠤᠷᠠᠯᠢᠭ ᠤᠨ ᠲᠤᠰᠬᠠᠢ ᠵᠢᠭᠠᠬᠤ ᠶᠢ ᠰᠤᠳᠤᠯᠤᠭᠴᠢ 1 ᠶᠢ ᠲᠣᠬᠢᠷᠠᠭᠤᠯᠵᠤ᠂ ᠣᠷᠣᠨ ᠪᠦᠰᠡ ᠶᠢᠨ ᠰᠤᠷᠭᠠᠭᠤᠯᠢ ᠶᠢ ᠵᠢᠯᠣᠭᠤᠳᠴᠤ ᠭᠤᠸ᠎ᠠ ᠰᠠᠶᠢᠬᠠᠨ ᠤ ᠬᠥᠮᠦᠵᠢᠯ ᠤᠨ ᠵᠢᠭᠠᠬᠤ ᠶᠢ ᠰᠤᠳᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠪᠣᠯᠤᠨ ᠦᠢᠯᠡᠳᠦᠯᠭᠡ ᠶᠢ ᠵᠢᠯᠣᠭᠤᠳᠬᠤ ᠵᠥᠪᠯᠡᠯ ᠤᠨ ᠲᠤᠰᠬᠠᠢ ᠮᠡᠷᠭᠡᠵᠢᠯᠲᠡᠨ ᠤ ᠣᠶᠤᠨ ᠤ ᠬᠥᠮᠥᠷᠭᠡ ᠶᠢᠨ ᠬᠥᠲᠥᠯᠥᠨ ᠳᠠᠭᠠᠭᠤᠯᠬᠤ᠂ ᠳᠠᠶᠢᠴᠢᠯᠠᠬᠤ ᠪᠠ ᠨᠥᠯᠥᠭᠡᠯᠡᠬᠦ ᠦᠢᠯᠡᠳᠦᠯ ᠳᠤ ᠲᠦᠰᠢᠭᠯᠡᠨ᠂ ᠡᠯ᠎ᠡ ᠱᠠᠲᠤᠨ ᠤ ᠤᠷᠠᠯᠢᠭ ᠤᠨ ᠲᠥᠷᠥᠯ ᠤᠨ ᠪᠠᠭᠰᠢ ᠪᠣᠯᠤᠨ ᠵᠢᠭᠠᠬᠤ ᠶᠢ ᠰᠤᠳᠤᠯᠤᠭᠴᠢᠳ ᠤᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ᠂ ᠵᠢᠭᠠᠬᠤ ᠶᠢ ᠰᠤᠳᠤᠯᠬᠤ ᠪᠠ ᠦᠢᠯᠡᠳᠦᠯᠭᠡᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠰᠢᠯᠢᠳᠡᠭ ᠪᠠᠭᠰᠢ ᠶᠢᠨ ᠰᠢᠯᠢᠳᠡᠭ ᠬᠢᠴᠢᠶᠡᠯ ᠢ ᠰᠢᠭᠤᠳ ᠨᠡᠪᠲᠡᠷᠡᠭᠦᠯᠬᠦ᠂ ᠦᠵᠡᠭᠦᠯᠦᠨ ᠨᠡᠪᠲᠡᠷᠡᠭᠦᠯᠬᠦ ᠶᠢ ᠳᠡᠮᠵᠢᠨ᠎ᠡ᠃ ᠵᠢᠯ ᠪᠦᠷᠢ ᠬᠡᠰᠡᠭ ᠪᠦᠯᠦᠭ ᠭᠤᠸ᠎ᠠ ᠰᠠᠶᠢᠬᠠᠨ ᠤ ᠬᠥᠮᠦᠵᠢᠯ ᠤᠨ ᠰᠢᠯᠢᠳᠡᠭ ᠬᠡᠷᠡᠭ ᠤᠨ ᠵᠢᠱᠢᠶ᠎ᠡ ᠶᠢ ᠰᠣᠩᠭᠤᠵᠤ᠂ ᠭᠤᠸ᠎ᠠ ᠰᠠᠶᠢᠬᠠᠨ ᠤ ᠬᠥᠮᠦᠵᠢᠯ ᠤᠨ ᠡᠷᠳᠡᠮ ᠰᠢᠨᠵᠢᠯᠡᠭᠡᠨ ᠤ ᠲᠥᠷᠥᠯ ᠵᠦᠢᠯ ᠤᠨ ᠦᠷ᠎ᠡ ᠪᠦᠲᠦᠭᠡᠯ ᠢ ᠪᠤᠶᠢᠵᠢᠭᠤᠯᠬᠤ ᠪᠠ ᠳᠡᠯᠭᠡᠷᠡᠭᠦᠯᠬᠦ ᠶᠢ ᠴᠢᠩᠭᠠᠷᠠᠭᠤᠯᠤᠨ᠎ᠠ᠃      5. ᠤᠷᠠᠯᠢᠭ ᠤᠨ ᠰᠢᠨᠵᠢᠯᠡᠭᠡᠨ ᠤ ᠰᠠᠯᠠᠭᠠᠨ ᠤ ᠪᠠᠭᠰᠢ ᠶᠢᠨ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠨᠡᠷᠡᠲᠦ ᠪᠠᠭᠰᠢ ᠰᠤᠷᠤᠯᠭ᠎ᠠ ᠶᠢᠨ ᠱᠠᠲᠤ ᠠᠯᠤᠰᠯᠠᠨ᠂ ᠰᠢᠨᠵᠢᠯᠡᠭᠡᠨ ᠤ ᠰᠠᠯᠠᠭ᠎ᠠ ᠠᠯᠤᠰᠯᠠᠨ᠂ ᠣᠷᠣᠨ ᠪᠦᠰᠡ ᠠᠯᠤᠰᠯᠠᠨ ᠨᠢᠭᠡ ᠴᠣᠭᠴᠠᠵᠢᠭᠤᠯᠬᠤ ᠰᠣᠯᠢᠯᠴᠠᠭ᠎ᠠ ᠪᠠ ᠰᠤᠳᠤᠯᠤᠨ ᠰᠤᠷᠤᠯᠴᠠᠯᠭ᠎ᠠ ᠬᠢᠬᠦ ᠠᠬᠢᠭᠤᠯᠤᠨ᠎ᠠ᠃ ᠤᠳᠬ᠎ᠠ ᠤᠷᠠᠯᠢᠭ ᠤᠨ ᠠᠵᠢᠯᠲᠠᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠵᠢᠴᠢ ᠤᠷᠠᠯᠢᠭ ᠤᠨ ᠲᠤᠰᠬᠠᠢ ᠮᠡᠷᠭᠡᠵᠢᠯ ᠤᠨ ᠤᠶᠤᠲᠠᠳ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠪᠠᠭᠰᠢ ᠬᠦᠷᠦᠯᠴᠡᠬᠦ ᠦᠭᠡᠢ ᠪᠠᠶᠢᠳᠠᠯ ᠢ ᠨᠥᠬᠦᠪᠥᠷᠢᠯᠡᠬᠦ ᠶᠢ ᠵᠣᠷᠢᠭᠵᠢᠭᠤᠯᠤᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠵᠡᠭᠦᠯᠭᠡ ᠵᠢᠴᠢ ᠦᠨᠳᠦᠰᠦᠨ ᠴᠢᠳᠠᠪᠤᠷᠢ ᠶᠢᠨ ᠦᠵᠡᠭᠦᠯᠭᠡ ᠵᠡᠷᠭᠡ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ           ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠸ᠎ᠠ ᠰᠠᠶᠢᠬᠠᠨ ᠤ ᠬᠥᠮᠦᠵᠢᠯ ᠤᠨ ᠨᠡᠷᠡᠲᠦ ᠪᠠᠭᠰᠢ ᠶᠢᠨ ᠠᠵᠢᠯ ᠤᠨ ᠭᠠᠵᠠᠷ ᠤᠨ ᠪᠤᠶᠢᠵᠢᠭᠤᠯᠬᠤ᠂ ᠨᠥᠯᠥᠭᠡᠯᠡᠬᠦ ᠦᠢᠯᠡᠳᠦᠯ ᠢ ᠪᠠᠳᠠᠷᠠᠭᠤᠯᠵᠤ᠂ ᠬᠡᠰᠡᠭ ᠪᠦᠯᠦᠭ ᠭᠤᠸ᠎ᠠ ᠰᠠᠶᠢᠬᠠᠨ ᠤ ᠬᠥᠮᠦᠵᠢᠯ ᠤᠨ ᠨᠡᠷᠡᠲᠦ ᠪᠠᠭᠰᠢ ᠪᠠ ᠭᠤᠸ᠎ᠠ ᠰᠠᠶᠢᠬᠠᠨ ᠤ ᠬᠥᠮᠦᠵᠢᠯ ᠤᠨ ᠭᠤᠣᠯᠯᠠᠭᠴᠢ ᠪᠠᠭᠰᠢ ᠶᠢ ᠬᠥᠮᠦᠵᠢᠭᠦᠯᠦᠨ᠎ᠡ᠃      6. ᠰᠤᠷᠭᠠᠨ ᠬᠥᠮᠦᠵᠢᠯ ᠤᠨ ᠠᠵᠢᠯᠲᠠᠳ ᠤᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ  ᠤ ᠺᠠᠳ᠋ᠷ᠂ ᠰᠤᠷᠭᠠᠭᠤᠯᠢ ᠶᠢᠨ ᠤᠳᠤᠷᠢᠳᠤᠯᠭ᠎ᠠ ᠪᠠ ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠢᠶᠠᠷ ᠬᠥᠮᠦᠨ ᠬᠥᠮᠦᠵᠢᠭᠦᠯᠬᠦ ᠴᠢᠳᠠᠮᠵᠢ ᠶᠢᠨ ᠲᠤᠬᠠᠢ ᠲᠠᠨᠢᠯᠲᠠ ᠶᠢ ᠴᠢᠩᠭᠠᠳᠬᠠᠵᠤ᠂ ᠭᠤᠸ᠎ᠠ ᠰᠠᠶᠢᠬᠠᠨ ᠤ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠵᠤ᠂ ᠪᠦᠬᠦ ᠠᠵᠢᠯᠲᠠᠨ ᠤ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ           ᠠᠬᠢᠭᠤᠯᠤᠨ᠎ᠠ᠃ ᠪᠠᠭᠰᠢ ᠶᠢ ᠡᠬᠢᠨ ᠠᠴᠠ ᠨᠢ ᠬᠥᠮᠦᠵᠢᠭᠦᠯᠬᠦ ᠶᠢ ᠰᠠᠶᠢᠲᠤᠷ ᠠᠳᠬᠤᠵᠤ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠥᠮᠦᠨ ᠨᠡᠶᠢᠭᠡᠮ ᠰᠣᠶᠣᠯ ᠤᠨ ᠬᠢᠴᠢᠶᠡᠯ ᠳᠤ ᠣᠷᠣᠭᠤᠯᠤᠨ᠎ᠠ᠃ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ︽ᠰᠢᠨᠵᠢᠯᠡᠭᠡᠨ ᠤ ᠰᠠᠯᠠᠭᠠᠨ ᠤ ᠰᠤᠷᠭᠠᠨ ᠬᠥᠮᠦᠵᠢᠯ + ᠭᠤᠸ᠎ᠠ ᠰᠠᠶᠢᠬᠠᠨ ᠤ ᠬᠥᠮᠦᠵᠢᠯ︾ ᠤᠨ ᠵᠢᠭᠠᠨ ᠰᠤᠷᠭᠠᠯᠲᠠ ᠶᠢᠨ ᠣᠨᠣᠯᠵᠢᠬᠤᠨ ᠢ ᠪᠣᠢ ᠪᠣᠯᠭᠠᠬᠤ ᠶᠢ ᠠᠬᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠤᠨ ᠬᠤᠯᠪᠣᠭᠳᠠᠯ ᠪᠦᠬᠦᠢ ᠠᠭᠤᠯᠭ᠎ᠠ ᠶᠢ ᠰᠢᠨ᠎ᠡ ᠪᠠᠷ ᠠᠵᠢᠯ ᠳᠤ ᠣᠷᠣᠬᠤ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠵᠠᠪᠠᠯ ᠰᠤᠷᠬᠤ ᠠᠭᠤᠯᠭ᠎ᠠ ᠳᠤ ᠣᠷᠣᠭᠤᠯᠤᠨ᠎ᠠ᠃      ︵ᠭᠤᠷᠪᠠ︶ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠲᠦᠭᠡᠮᠡᠯᠵᠢᠭᠦᠯᠬᠦ ᠠᠵᠢᠯᠯᠠᠭ᠎ᠠ      7. ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠣᠭᠴᠠᠵᠢᠭᠤᠯᠬᠤ ᠤᠷᠠᠯᠢᠭ ᠤᠨ ᠦᠵᠡᠭᠦᠯᠭᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠮᠦᠨ ᠪᠣᠯᠭᠠᠨ ᠳᠤ ᠬᠠᠨᠳᠤᠭᠤᠯᠤᠭᠰᠠᠨ ᠰᠤᠷᠭᠠᠭᠤᠯᠢ ᠶᠢᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠩᠭᠢ᠂ᠣᠨ᠂ ᠳᠡᠭᠡᠳᠦ ᠰᠤᠷᠭᠠᠭᠤᠯᠢ ᠰᠠᠯᠪᠤᠷᠢ᠂ ᠰᠤᠷᠭᠠᠭᠤᠯᠢ ᠶᠢᠨ ᠳᠡᠰ ᠤᠨ ᠵᠡᠷᠭᠡ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠵᠢᠯ ᠪᠦᠷᠢ ᠰᠤᠷᠤᠭᠴᠢᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠡᠷᠬᠢᠯᠡᠵᠦ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢ ᠭᠤᠯᠳᠤ ᠪᠠᠷ ᠨᠡᠪᠲᠡᠷᠡᠭᠦᠯᠦᠭᠰᠡᠨ᠂ ᠡᠯ᠎ᠡ ᠱᠠᠲᠤᠨ ᠤ ᠡᠯ᠎ᠡ ᠲᠥᠷᠥᠯ ᠤᠨ ᠦᠵᠡᠭᠦᠯᠭᠡ ᠶᠢᠨ ᠲᠣᠭᠯᠠᠯᠲᠠ ᠶᠢ ᠬᠥᠨᠳᠡᠯᠡᠨ ᠢᠶᠠᠷ ᠵᠣᠯᠭᠠᠭᠤᠯᠤᠭᠰᠠᠨ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶ᠋᠊ ᠤᠶᠠᠯᠳᠤᠭᠤᠯᠤᠨ ᠨᠢᠭᠡ ᠴᠣᠭᠴᠠᠵᠢᠭᠤᠯᠤᠭᠰᠠᠨ ᠰᠤᠷᠤᠭᠴᠢᠳ ᠤᠨ ᠤᠷᠠᠯᠢᠭ ᠤᠨ ᠦᠵᠡᠭᠦᠯᠭᠡ ᠶᠢᠨ ᠲᠣᠭᠲᠠᠴᠠ ᠶᠢ ᠪᠠᠶᠢᠭᠤᠯᠵᠤ᠂ ᠪᠠᠭᠰᠢ ᠪᠠ ᠰᠤᠷᠤᠭᠴᠢᠳ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ︽ᠵᠠᠯᠠᠭᠤ ᠨᠠᠰᠤᠨ ᠳᠤ  ᠪᠠᠨ ᠬᠤᠷᠠᠨ ᠴᠤᠭᠯᠠᠷᠠᠵᠤ ᠤᠮᠠᠷᠠᠲᠤ ᠬᠢᠯᠢ ᠪᠠᠨ ᠮᠠᠭᠲᠠᠨ ᠳᠠᠭᠤᠯᠠᠬᠤ︾ ᠰᠤᠷᠭᠠᠭᠤᠯᠢ ᠶᠢᠨ ᠬᠦᠷᠢᠶᠡᠨ ᠤ ᠳᠠᠭᠤᠴᠢᠨ ᠤ ᠤᠷᠤᠯᠳᠤᠭᠠᠨ ᠵᠡᠷᠭᠡ ᠠᠯᠢ ᠣᠯᠠᠨ ᠨᠡᠷᠡᠲᠦ ᠲᠡᠮᠳᠡᠭᠲᠦ ᠶᠢᠨ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠯᠢᠳᠡᠭ ᠠᠮᠵᠢᠯᠲᠠ ᠣᠯᠤᠭᠰᠠᠨ ᠰᠤᠷᠭᠠᠭᠤᠯᠢ ᠪᠠ ᠬᠤᠪᠢ ᠬᠥᠮᠦᠨ ᠢ ᠱᠠᠩᠨᠠᠨ ᠬᠥᠬᠢᠭᠦᠯᠵᠦ᠂ ᠠᠵᠢᠯᠯᠠᠭᠠᠨ ᠤ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠣᠷᠣᠯᠴᠠᠬᠤ ᠬᠡᠮᠵᠢᠶ᠎ᠡ ᠪᠠ ᠳᠡᠯᠭᠡᠨ ᠦᠵᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      8. ᠡᠷᠬᠢᠮᠰᠦᠭ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠨᠥᠯᠥᠭᠡᠯᠡᠬᠦ ᠬᠦᠴᠦᠨ ᠢ ᠨᠢ ᠥᠷᠭᠡᠳᠬᠡᠨ᠎ᠡ᠃ ᠣᠯᠠᠨ ᠤᠯᠤᠰ᠂ ᠮᠤᠵᠢ ᠶᠢᠨ ᠬᠤᠭᠤᠷᠣᠨᠳᠣᠬᠢ᠂ ᠠᠶᠢᠮᠠᠭ ᠬᠤᠲᠠ ᠶᠢᠨ ᠬᠤᠭᠤᠷᠣᠨᠳᠣᠬᠢ ᠵᠢᠴᠢ ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠶᠢᠨ ᠰᠣᠯᠢᠯᠴᠠᠭᠠᠨ ᠤ ᠦᠵᠡᠭᠦᠯᠭᠡ ᠶᠢ ᠠᠬᠢᠭᠤᠯᠤᠨ᠎ᠠ᠃ ᠤᠯᠤᠰ ᠤᠨ ᠳᠡᠰ ᠤᠨ ᠤᠷᠠᠯᠢᠭ ᠤᠨ ᠬᠦᠷᠢᠶᠡᠯᠡᠩ ᠪᠦᠯᠬᠦᠮ ᠪᠣᠯᠤᠨ ᠰᠢᠯᠢᠳᠡᠭ ᠣᠷᠣᠨ ᠨᠤᠲᠤᠭ ᠤᠨ ᠤᠷᠠᠯᠢᠭ ᠤᠨ ᠬᠦᠷᠢᠶᠡᠯᠡᠩ ᠪᠦᠯᠬᠦᠮ ᠰᠤᠷᠭᠠᠭᠤᠯᠢ ᠳᠤ ᠭᠦᠨᠵᠡᠭᠡᠶᠢᠷᠡᠨ ᠡᠷᠬᠢᠮᠰᠦᠭ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠦᠬᠦᠢ ᠤᠷᠠᠯᠢᠭ ᠤᠨ ᠪᠦᠯᠬᠦᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷᠯᠢᠭ ᠮᠥᠷᠲᠡᠭᠡᠨ ᠰᠢᠯᠢᠳᠡᠭ ᠰᠤᠷᠤᠭᠴᠢ  ᠶᠢᠨ ᠤᠷᠠᠯᠢᠭ ᠤᠨ ᠪᠦᠯᠬᠦᠮ᠂ ᠵᠦᠴᠦᠭᠡ᠂ ᠪᠦᠲᠦᠭᠡᠯ ᠢ ᠤᠯᠤᠰ ᠤᠨ ᠳᠣᠲᠣᠭᠠᠳᠤ᠂ ᠣᠯᠠᠨ ᠤᠯᠤᠰ ᠯᠤᠭ᠎ᠠ ᠶᠢᠨ ᠰᠣᠯᠢᠯᠴᠠᠭ᠎ᠠ᠂ ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠨᠡᠩ ᠣᠯᠠᠨ ᠰᠤᠷᠤᠭᠴᠢ ᠳᠤ ᠳᠡᠷᠭᠡᠳᠡᠬᠢ ᠡᠷᠬᠢᠮᠰᠦᠭ ᠰᠣᠶᠣᠯ ᠤᠷᠠᠯᠢᠭ ᠢ ᠮᠡᠳᠡᠷᠡᠭᠦᠯᠦᠨ᠎ᠡ᠃      ︵ᠳᠥᠷᠪᠡ︶ ᠰᠤᠷᠭᠠᠭᠤᠯᠢ ᠶᠢᠨ ᠬᠦᠷᠢᠶᠡᠨ ᠳᠤ ᠭᠤᠸ᠎ᠠ ᠰᠠᠶᠢᠬᠠᠨ ᠤ ᠰᠣᠶᠣᠯ ᠢ ᠪᠣᠢ ᠪᠣᠯᠭᠠᠬᠤ ᠠᠵᠢᠯᠯᠠᠭ᠎ᠠ      9. ᠰᠤᠷᠭᠠᠭᠤᠯᠢ ᠶᠢᠨ ᠬᠦᠷᠢᠶᠡᠨ ᠳᠤ ᠭᠤᠸ᠎ᠠ ᠰᠠᠶᠢᠬᠠᠨ ᠤ ᠬᠥᠮᠦᠵᠢᠯ ᠤᠨ ᠰᠣᠶᠣᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠰᠤᠷᠭᠠᠭᠤᠯᠢ ᠶᠢᠨ ᠬᠤᠩᠭᠢᠯ᠂ ᠠᠭᠤᠳᠠᠮ ᠲᠠᠯᠠᠪᠠᠢ᠂ ᠴᠣᠩᠬᠤᠷᠤᠭ᠂ ᠴᠡᠴᠡᠷᠯᠢᠭ ᠵᠡᠷᠭᠡ ᠣᠷᠣᠨ ᠵᠠᠢ ᠶᠢ ᠥᠷᠭᠡᠳᠬᠡᠵᠦ᠂ ᠰᠤᠷᠤᠭᠴᠢᠳ ᠲᠤ ᠬᠡᠵᠢᠶ᠎ᠡ ᠴᠤ ᠭᠡᠰᠡᠨ᠂ ᠬᠠᠮᠢᠭ᠎ᠠ ᠴᠤ ᠭᠡᠰᠡᠨ ᠭᠤᠸ᠎ᠠ ᠰᠠᠶᠢᠬᠠᠨ ᠢ ᠮᠡᠳᠡᠷᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠦᠢᠯᠡᠳᠦᠯᠭᠡ ᠶᠢᠨ ᠦᠢᠯᠡᠳᠬᠡᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠥᠷᠭᠡᠨ ᠳᠡᠯᠭᠡᠷ ᠣᠷᠣᠯᠴᠠᠭᠰᠠᠨ᠂ ᠢᠯᠡ ᠲᠣᠳᠣ ᠣᠨᠴᠠᠯᠢᠭ ᠲᠠᠢ ᠰᠤᠷᠭᠠᠭᠤᠯᠢ ᠶᠢᠨ ᠬᠦᠷᠢᠶᠡᠨ ᠤ ᠨᠡᠷᠡᠲᠦ ᠲᠡᠮᠳᠡᠭᠲᠦ ᠪᠣᠯᠬᠤ ᠰᠤᠷᠤᠭᠴᠢᠳ ᠤᠨ ᠤᠷᠠᠯᠢᠭ ᠤᠨ ᠪᠦᠯᠬᠦᠮ ᠢ ᠵᠣᠬᠢᠶᠠᠨ ᠪᠠᠶᠢᠭᠤᠯᠵᠤ᠂ ︽ᠣᠶᠤᠲᠠᠨ ᠤ ᠤᠯᠠᠭᠠᠨᠮᠥ᠋ᠴᠢᠷ︾ ᠵᠡᠷᠭᠡ ᠤᠷᠠᠯᠢᠭ ᠤᠨ ᠦᠢᠯᠡᠳᠦᠯᠭᠡ ᠶᠢᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ ᠲᠦᠭᠡᠮᠡᠯᠵᠢᠭᠦᠯᠬᠦ ᠪᠠ ᠤᠬᠠᠭᠤᠯᠬᠤ ᠶᠢ ᠢᠳᠡᠪᠬᠢᠲᠡᠢ ᠠᠬᠢᠭᠤᠯᠵᠤ᠂ ︽ᠰᠤᠷᠭᠠᠭᠤᠯᠢ ᠪᠣᠯᠭᠠᠨ ᠳᠤ ᠨᠡᠶᠢᠭᠡᠮ ᠤᠨ ᠪᠦᠯᠬᠦᠮ ᠲᠠᠢ᠂ ᠬᠥᠮᠦᠨ ᠪᠦᠬᠦᠨ ᠨᠡᠶᠢᠭᠡᠮ ᠤᠨ ᠪᠥᠯᠬᠦᠮ ᠳᠤ ᠣᠷᠣᠯᠴᠠᠬᠤ︾ ᠬᠥᠮᠦᠨ ᠬᠥᠮᠦᠵᠢᠭᠦᠯᠬᠦ ᠬᠠᠨᠳᠤᠰᠢ ᠶᠢ ᠪᠡᠶᠡᠯᠡᠭᠦᠯᠵᠦ᠂ ᠰᠤᠷᠤᠭᠴᠢᠳ ᠲᠤ ᠨᠡᠶᠢᠭᠡᠮ ᠤᠨ ᠪᠦᠯᠬᠦᠮ ᠤᠨ ᠠᠵᠢᠯᠯᠠᠭ᠎ᠠ ᠪᠠᠷ ᠳᠠᠮᠵᠢᠭᠤᠯᠤᠨ ᠤᠷᠠᠯᠢᠭ ᠤᠨ ᠭᠤᠸ᠎ᠠ ᠰᠠᠶᠢᠬᠠᠨ  ᠢ ᠮᠡᠳᠡᠷᠡᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠬᠥᠲᠥᠯᠥᠨ ᠳᠠᠶᠢᠴᠢᠯᠠᠵᠤ ᠳᠡᠭᠡᠳᠦ ᠡᠷᠬᠢᠮᠰᠦᠭ᠂ ᠭᠤᠶᠣ ᠰᠠᠶᠢᠬᠠᠨ᠂ ᠪᠥᠷᠢᠨ ᠲᠡᠭᠦᠯᠳᠡᠷ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠣᠢ  ᠪᠣᠯᠭᠠᠨ᠎ᠠ᠃      10. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ           ᠴᠢᠩᠭᠠᠳᠬᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠭᠦᠢᠴᠡᠳ ᠢᠯᠡᠷᠡᠭᠦᠯᠵᠦ᠂ ᠴᠠᠭ ᠦᠶ᠎ᠡ ᠳᠤ ᠵᠣᠬᠢᠴᠠᠭᠰᠠᠨ ᠠᠮᠢᠳᠤᠷᠠᠯ ᠳᠤ ᠦᠨᠳᠦᠰᠦᠯᠡᠵᠦ᠂ ᠭᠤᠸ᠎ᠠ ᠰᠠᠶᠢᠬᠠᠨ ᠤ ᠬᠥᠮᠦᠵᠢᠯ ᠤᠨ ᠣᠨᠴᠠᠯᠢᠭ ᠢ ᠵᠢᠷᠤᠮᠯᠠᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠤᠷᠠᠯᠢᠭ ᠤᠨ ᠦᠢᠯᠡᠳᠦᠯᠭᠡ ᠵᠢᠴᠢ ᠪᠡᠶᠡᠴᠢᠯᠡᠨ ᠣᠶᠢᠯᠠᠭᠠᠯᠲᠠ ᠳᠤ ᠠᠭᠤᠰᠬᠠᠨ᠎ᠠ᠃ ᠳᠤᠮᠳᠠᠳᠤ ᠶᠢᠨ ᠤᠯᠠᠮᠵᠢᠯᠠᠯᠲᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ᠂ ᠰᠠᠭᠤᠷᠢᠨ ᠭᠠᠵᠠᠷ ᠢ ᠢᠳᠡᠪᠬᠢᠲᠡᠢ ᠪᠤᠶᠢᠵᠢᠭᠤᠯᠵᠤ᠂ ᠬᠡᠰᠡᠭ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠭᠠᠷᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠤᠨ᠎ᠠ᠃ ᠡᠯ᠎ᠡ ᠭᠠᠵᠠᠷ ᠤᠨ ᠡᠯ᠎ᠡ ᠰᠤᠷᠭᠠᠭᠤᠯᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠭᠠᠵᠠᠷ ᠣᠷᠣᠨ᠂ ᠰᠤᠷᠭᠠᠭᠤᠯᠢ ᠶᠢᠨ ᠳᠣᠲᠤᠨ᠎ᠠ ᠭᠠᠳᠠᠨᠠᠬᠢ ᠡᠬᠢ ᠪᠠᠶᠠᠯᠢᠭ ᠢ ᠭᠦᠨᠵᠡᠭᠡᠢ ᠢᠯᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠬᠢᠴᠢᠶᠡᠯ ᠪᠣᠯᠤᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠨᠡᠭᠡᠭᠡᠨ ᠬᠥᠭᠵᠢᠭᠦᠯᠵᠦ᠂ ᠰᠤᠷᠤᠭᠴᠢᠳ ᠨᠡᠶᠢᠭᠡᠮ ᠤᠨ ᠪᠦᠯᠬᠦᠮ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠰᠤᠷᠤᠭᠴᠢᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠷᠠᠯᠢᠭ ᠪᠣᠯᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠦᠵᠡᠯ ᠤᠬᠠᠮᠰᠠᠷ ᠢ ᠬᠥᠮᠥᠵᠢᠭᠦᠯᠦᠨ᠎ᠡ᠃      ︵ᠲᠠᠪᠤ︶ ᠭᠤᠸ᠎ᠠ ᠰᠠᠶᠢᠬᠠᠨ ᠤ ᠬᠥᠮᠦᠵᠢᠯ ᠢ ᠦᠨᠡᠯᠡᠬᠦ ᠲᠣᠭᠲᠠᠴᠠ ᠶᠢ ᠰᠢᠯᠢᠳᠡᠭᠵᠢᠭᠦᠯᠬᠦ ᠠᠵᠢᠯᠯᠠᠭ᠎ᠠ      11. ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠦᠨᠡᠯᠡᠯᠲᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠤᠷᠠᠯᠢᠭ ᠤᠨ ᠦᠨᠡᠯᠡᠯᠲᠡ ᠶᠢᠨ ᠳᠦᠷᠢᠮ ᠢ ᠲᠡᠭᠦᠯᠳᠡᠷᠵᠢᠭᠦᠯᠵᠦ᠂ ᠦᠨᠡᠯᠡᠬᠦ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠷᠤᠭᠴᠢᠳ ᠤᠨ ᠦᠰᠦᠨ ᠪᠤᠶᠢᠵᠢᠯᠲᠠ ᠶᠢ ᠠᠩᠬᠠᠷᠴᠤ᠂ ᠰᠤᠷᠤᠭᠴᠢᠳ ᠤᠨ ᠳᠤᠷ᠎ᠠ ᠰᠣᠨᠢᠷᠬᠠᠯ ᠪᠠ ᠥᠪᠡᠷᠮᠢᠴᠡ ᠣᠨᠴᠠᠯᠢᠭ ᠢ ᠬᠦᠨᠳᠦᠳᠬᠡᠨ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠬᠡᠪ ᠴᠢᠨᠠᠷ ᠢ ᠬᠢᠨᠠᠨ ᠲᠣᠭᠲᠠᠭᠠᠬᠤ ᠠᠵᠢᠯ ᠢ ᠢᠳᠡᠪᠬᠢᠲᠡᠢ ᠠᠬᠢᠭᠤᠯᠵᠤ᠂ ᠶᠠᠪᠤᠴᠠ ᠶᠢᠨ ᠦᠨᠡᠯᠡᠯᠲᠡ ᠪᠣᠯᠤᠨ ᠦᠷ᠎ᠡ ᠳ᠋ᠦᠩ ᠤᠨ ᠦᠨᠡᠯᠡᠯᠲᠡ  ᠶᠢ ᠬᠠᠷᠢᠯᠴᠠᠨ ᠤᠶᠠᠯᠳᠤᠭᠤᠯᠬᠤ ᠶᠢ ᠴᠢᠬᠤᠯᠠᠴᠢᠯᠠᠨ᠂ ᠬᠢᠨᠠᠨ ᠲᠣᠭᠲᠠᠭᠠᠭᠰᠠᠨ ᠦᠷ᠎ᠡ ᠳ᠋ᠦᠩ ᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠳᠤ ᠣᠷᠣᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠦᠨᠡᠯᠡᠯᠲᠡ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      12. ᠶᠡᠭᠡ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ ᠴᠢᠳᠠᠪᠤᠷᠢᠲᠠᠨ ᠬᠥᠮᠦᠵᠢᠭᠦᠯᠬᠦ ᠲᠥᠰᠦᠯ ᠳᠤ ᠣᠷᠣᠭᠤᠯᠬᠤ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠸ᠎ᠠ ᠰᠠᠶᠢᠬᠠᠨ ᠤ ᠬᠡᠪ ᠪᠣᠯᠪᠠᠰᠤᠷᠠᠯ ᠪᠠ ᠰᠢᠨ᠎ᠡ ᠶᠢ ᠡᠭᠦᠳᠬᠦ ᠤᠬᠠᠮᠰᠠᠷ ᠢ ᠬᠥᠮᠦᠵᠢᠭᠦᠯᠬᠦ ᠪᠠ ᠦᠨᠡᠯᠡᠬᠦ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠦᠨᠡᠯᠡᠨ ᠵᠢᠱᠢᠬᠦ ᠪᠠᠷᠢᠮᠵᠢᠶᠠᠵᠢᠭᠤᠯᠤᠭᠰᠠᠨ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ ᠨᠡᠭᠡᠭᠡᠭᠰᠡᠨ ᠪᠠᠶᠢᠳᠠᠯ ᠢ ᠪᠠᠶᠢᠴᠠᠭᠠᠨ ᠰᠣᠳᠤᠯᠵᠤ᠂ ᠬᠢᠨᠠᠨ ᠵᠢᠯᠣᠭᠤᠳᠬᠤ ᠪᠠ ᠰᠢᠯᠭᠠᠨ ᠦᠨᠡᠯᠡᠬᠦ ᠠᠵᠢᠯ ᠢ ᠶᠠᠪᠤᠭᠳᠠᠭᠤᠯᠤᠨ᠎ᠠ᠃      13. ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠦᠨᠡᠯᠡᠬᠦ ᠲᠣᠭᠲᠠᠴᠠ ᠶᠢ           ᠲᠡᠭᠦᠯᠳᠡᠷᠵᠢᠭᠦᠯᠦᠨ᠎ᠡ᠃ ᠪᠠᠭᠰᠢ ᠶᠢᠨ ᠮᠣᠷᠠᠯ ᠰᠤᠷᠲᠠᠯ ᠢ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭᠠᠵᠤ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠨᠡᠯᠡᠬᠦ ᠴᠢᠬᠤᠯᠠ ᠦᠨᠳᠦᠰᠦᠯᠡᠯ  ᠪᠣᠯᠭᠠᠨ᠂ ᠬᠥᠮᠦᠨ ᠬᠥᠮᠦᠵᠢᠭᠦᠯᠦᠭᠰᠡᠨ ᠦᠷ᠎ᠡ ᠪᠦᠲᠦᠮᠵᠢ  ᠶᠢ ᠦᠨᠡᠯᠡᠵᠦ ᠬᠢᠨᠠᠨ ᠪᠠᠶᠢᠴᠠᠭᠠᠬᠤ ᠦᠷ᠎ᠡ ᠳ᠋ᠦᠩ ᠪᠣᠯᠭᠠᠵᠤ᠂ ᠤᠷᠠᠯᠢᠭ ᠤᠨ ᠰᠢᠨᠵᠢᠯᠡᠭᠡᠨ ᠤ ᠰᠠᠯᠠᠭᠠᠨ ᠤ ᠪᠠᠭᠰᠢ ᠶᠢᠨ ᠬᠡᠪ ᠴᠢᠨᠠᠷ ᠪᠠ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠤᠷᠠᠯᠢᠭ ᠤᠨ ᠪᠠᠭᠰᠢ ᠶᠢᠨ ᠠᠵᠢᠯ ᠤᠨ ᠬᠢᠷᠢ ᠪᠦᠲᠦᠮᠵᠢ ᠶᠢᠨ ᠴᠠᠯᠢᠩ᠂ ᠰᠢᠯᠭᠠᠨ ᠬᠢᠨᠠᠵᠤ ᠦᠨᠡᠯᠡᠬᠦ ᠲᠣᠭᠲᠠᠴᠠ ᠪᠠ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠪᠠᠷᠢᠮᠵᠢᠶ᠎ᠠ ᠶᠢ ᠰᠢᠯᠢᠳᠡᠭᠵᠢᠭᠦᠯᠬᠦ ᠶᠢᠨ ᠬᠠᠮᠲᠤ ᠲᠡᠭᠦᠯᠳᠡᠷᠵᠢᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠲᠤᠰᠢᠶᠠᠯ ᠤᠨ ᠮᠡᠷᠭᠡᠵᠢᠯ ᠤᠨ ᠴᠣᠯᠠ ᠶᠢ ᠳᠡᠪᠰᠢᠭᠦᠯᠬᠦ᠂ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠦᠨᠡᠯᠡᠨ ᠲᠣᠭᠲᠠᠭᠠᠬᠤ ᠵᠡᠷᠭᠡ ᠲᠠᠯ᠎ᠠ ᠪᠠᠷ ᠪᠤᠰᠤᠳ ᠰᠢᠨᠵᠢᠯᠡᠭᠡᠨ ᠤ ᠰᠠᠯᠠᠭᠠᠨ ᠤ ᠪᠠᠭᠰᠢ ᠲᠠᠢ ᠠᠳᠠᠯᠢ ᠲᠡᠭᠰᠢ ᠬᠠᠷᠠᠭᠠᠯᠵᠠᠯ ᠬᠦᠷᠲᠡᠬᠦ ᠶᠢ ᠦᠨᠡᠨ ᠬᠦ ᠪᠠᠲᠤᠯᠠᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠰᠤᠷᠭᠠᠭᠤᠯᠢ ᠠᠴᠠ ᠲᠣᠬᠢᠷᠠᠭᠤᠯᠤᠭᠰᠠᠨ ᠤᠷᠠᠯᠢᠭ ᠤᠨ ᠨᠡᠶᠢᠭᠡᠮ ᠤᠨ ᠪᠦᠯᠬᠦᠮ ᠤᠨ ᠵᠢᠯᠣᠭᠤᠳᠤᠯᠭ᠎ᠠ᠂ ᠬᠢᠴᠢᠶᠡᠯ ᠤᠨ ᠭᠠᠳᠠᠨᠠᠬᠢ ᠠᠵᠢᠯᠯᠠᠭ᠎ᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠠ ᠶᠠᠪᠤᠵᠤ ᠪᠠᠭᠰᠢᠯᠠᠬᠤ ᠵᠢᠴᠢ ᠰᠤᠷᠭᠠᠨ ᠬᠥᠮᠦᠵᠢᠯ  ᠢ ᠳᠡᠮᠵᠢᠬᠦ ᠶᠢ ᠡᠭᠦᠷᠭᠡᠯᠡᠵᠦ ᠪᠠᠶᠢᠭ᠎ᠠ ᠪᠠᠶᠢᠳᠠᠯ ᠢ ᠠᠵᠢᠯ ᠤᠨ ᠬᠡᠮᠵᠢᠶ᠎ᠡ ᠳᠤ ᠪᠣᠳᠣᠵᠤ           ᠣᠷᠣᠭᠤᠯᠤᠨ᠎ᠠ᠃ ᠵᠢᠭᠠᠬᠤ ᠶᠢ ᠰᠤᠳᠤᠯᠬᠤ ᠠᠵᠢᠯ ᠤᠨ ᠰᠢᠨᠵᠢ ᠴᠢᠨᠠᠷ ᠪᠠ ᠣᠨᠴᠠᠯᠢᠭ ᠢ ᠦᠨᠳᠦᠰᠦᠯᠡᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠬᠤ ᠶᠢ ᠰᠤᠳᠤᠯᠤᠭᠴᠢ ᠶᠢ ᠦᠨᠡᠯᠡᠬᠦ ᠠᠷᠭ᠎ᠠ ᠶᠢ ᠲᠡᠭᠦᠯᠳᠡᠷᠵᠢᠭᠦᠯᠦᠨ᠎ᠡ᠃      ︵ᠵᠢᠷᠭᠤᠭ᠎ᠠ︶ ᠬᠥᠳᠡᠭᠡ ᠲᠣᠰᠬᠤᠨ ᠤ ᠭᠤᠸ᠎ᠠ ᠰᠠᠶᠢᠬᠠᠨ ᠤ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠬᠥᠭᠵᠢᠭᠦᠯᠬᠦ ᠠᠵᠢᠯᠯᠠᠭ᠎ᠠ      14. ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠵᠢᠭᠠᠨ ᠵᠢᠯᠣᠭᠤᠳᠬᠤ᠂ ᠠᠶᠢᠮᠠᠭ ᠬᠤᠲᠠ ᠨᠢᠭᠡᠳᠦᠯᠲᠡᠢ ᠲᠥᠯᠥᠪᠯᠡᠬᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠯᠢᠳᠡᠭ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠰᠢᠯᠵᠢᠮᠡᠯ ᠬᠢᠴᠢᠶᠡᠯ ᠣᠷᠣᠬᠤ ᠪᠤᠶᠤ ᠲᠤᠰᠢᠶᠠᠯ ᠬᠠᠪᠰᠤᠷᠭᠠᠭᠰᠠᠨ ᠠᠵᠢᠯ ᠤᠨ ᠲᠣᠭᠲᠠᠴᠠ ᠶᠢ ᠰᠦᠪᠡᠭᠴᠢᠯᠡᠵᠦ᠂ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠶᠢ ᠠᠬᠢᠭᠤᠯᠤᠨ᠎ᠠ᠃ ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ︾ ᠶᠢᠨ ᠲᠣᠭᠲᠠᠴᠠ ᠳᠤ ᠲᠦᠰᠢᠭᠯᠡᠨ᠂ ᠬᠤᠰᠢᠭᠤ ᠰᠢᠶᠠᠨ ︵ᠬᠤᠲᠠ᠂ ᠲᠣᠭᠤᠷᠢᠭ︶᠂ ᠬᠥᠳᠡᠭᠡ ᠲᠣᠰᠬᠤᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠲᠤᠰᠬᠠᠢ ᠵᠦᠢᠯ ᠢᠶᠠᠷ ᠬᠠᠪᠰᠤᠷᠤᠨ ᠲᠡᠳᠬᠦᠬᠦ ᠪᠣᠯᠪᠠᠰᠤᠷᠠᠭᠤᠯᠤᠯ ᠢ ᠥᠷᠨᠢᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠡᠯ᠎ᠡ ᠬᠢᠴᠢᠶᠡᠯ ᠲᠥᠷᠥᠯ ᠤᠨ ᠠᠵᠢᠯ ᠶᠢᠨ ᠪᠠᠶᠢᠷᠢ ᠳᠤ ᠪᠠᠶᠢᠭ᠎ᠠ ᠪᠠᠭᠰᠢ ᠳᠤ ᠭᠤᠸ᠎ᠠ ᠰᠠᠶᠢᠬᠠᠨ ᠤ ᠬᠥᠮᠦᠵᠢᠯ ᠤᠨ ᠪᠣᠯᠪᠠᠰᠤᠷᠠᠭᠤᠯᠤᠯ ᠥᠷᠨᠢᠭᠦᠯᠬᠦ ᠶᠢ ᠵᠣᠷᠢᠭᠵᠢᠭᠤᠯᠤᠨ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠪᠣᠯᠤᠨ ᠠᠵᠢᠯᠯᠠᠭ᠎ᠠ ᠶᠢ ᠵᠢᠯᠣᠭᠤᠳᠬᠤ ᠶᠢ ᠡᠭᠦᠷᠭᠡᠯᠡᠵᠦ ᠳᠡᠶᠢᠯᠬᠦᠶᠢᠴᠡ ᠲᠤᠰᠢᠶᠠᠯ ᠬᠠᠪᠰᠤᠷᠭᠠᠭᠰᠠᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠬᠥᠮᠦᠵᠢᠭᠦᠯᠦᠨ᠎ᠡ᠃ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠰᠣᠯᠢᠯᠴᠠᠭᠠᠨ ᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      15. ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠠᠬᠢᠭᠤᠯᠤᠨ᠎ᠠ᠃ ᠣᠷᠣᠨ ᠤ ᠳᠣᠲᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠪᠣᠯᠤᠨ ᠠᠶᠢᠮᠠᠭ ᠬᠤᠲᠠ ᠬᠤᠰᠢᠭᠤ ᠰᠢᠶᠠᠨ ︵ᠬᠤᠲᠠ᠂ ᠲᠣᠭᠤᠷᠢᠭ︶᠂ ᠰᠢᠶᠠᠩ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠯᠤᠭ᠎ᠠ ︽ᠭᠠᠷ ᠬᠤᠯᠪᠣᠵᠤ᠂ ᠬᠤᠷᠰᠢᠶᠠᠯᠠᠬᠤ︾ ᠰᠣᠯᠢᠯᠴᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃ ᠥᠪᠥᠷ ᠮᠣᠩᠭᠤᠯ ᠤᠨ ᠭᠤᠸ᠎ᠠ ᠰᠠᠶᠢᠬᠠᠨ ᠤ ᠬᠥᠮᠦᠵᠢᠯ ᠤᠨ ᠪᠣᠯᠪᠠᠰᠤᠷᠠᠯ ᠤᠨ ᠯᠧᠺᠲ᠋ᠣᠷ ᠤᠨ ᠪᠦᠯᠬᠦᠮ ᠢ ᠵᠣᠬᠢᠶᠠᠨ ᠪᠠᠶᠢᠭᠤᠯᠵᠤ᠂ ᠨᠡᠩ ᠣᠯᠠᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠢ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠬᠥᠳᠡᠭᠡ ᠲᠣᠰᠬᠤᠨ ᠤ ᠰᠤᠷᠭᠠᠭᠤᠯᠢ ᠳᠤ ᠣᠴᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠨᠢᠭᠡᠳᠦᠯᠲᠡᠢ ᠲᠥᠯᠥᠪᠯᠡᠨ ᠬᠠᠪᠰᠤᠷᠤᠨ ᠲᠡᠳᠬᠦᠵᠦ᠂ ᠦᠷᠭᠦᠯᠵᠢᠯᠡᠨ ᠲᠣᠭᠲᠠᠭᠤᠨ ᠪᠥᠭᠡᠳ ᠬᠠᠨᠳᠤᠯᠭ᠎ᠠ ᠲᠠᠢ ᠨᠥᠯᠥᠭᠡᠯᠡᠨ ᠳᠠᠶᠢᠴᠢᠯᠠᠬᠤ ᠪᠠ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠬᠥᠳᠡᠭᠡ ᠲᠣᠰᠬᠤᠨ ᠤ ᠰᠤᠷᠭᠠᠭᠤᠯᠢ  ᠶᠢᠨ ᠭᠤᠸ᠎ᠠ ᠰᠠᠶᠢᠬᠠᠨ ᠤ ᠬᠥᠮᠦᠵᠢᠯ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃      ︵ᠳᠤᠯᠤᠭ᠎ᠠ︶ ᠭᠤᠸ᠎ᠠ ᠰᠠᠶᠢᠬᠠᠨ ᠤ ᠬᠥᠮᠦᠵᠢᠯ ᠤᠨ ᠣᠶᠤᠨᠴᠢ ᠰᠤᠷᠭᠠᠨ ᠬᠥᠮᠦᠵᠢᠯ ᠤᠨ ᠡᠨᠧᠷᠭᠢ           ᠣᠯᠭᠤᠬᠤ ᠠᠵᠢᠯᠯᠠᠭ᠎ᠠ      16. ᠣᠶᠤᠨᠴᠢ ᠰᠤᠷᠭᠠᠨ ᠬᠥᠮᠦᠵᠢᠯ ᠨᠢ ᠭᠤᠸ᠎ᠠ ᠰᠠᠶᠢᠬᠠᠨ ᠤ ᠬᠥᠮᠦᠵᠢᠯ ᠳᠤ ᠡᠨᠧᠷᠭᠢ           ᠣᠯᠭᠤᠨ᠎ᠠ᠃ ᠲᠣᠭᠠᠵᠢᠭᠰᠠᠨ ᠮᠡᠷᠭᠡᠵᠢᠯ ᠢᠶᠠᠷ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ  ᠳᠤ ᠡᠨᠧᠷᠭᠢ ᠣᠯᠭᠤᠵᠤ᠂ ᠵᠢᠭᠠᠨ ᠰᠤᠷᠭᠠᠯᠲᠠ ᠶᠢᠨ ᠠᠭᠤᠯᠭ᠎ᠠ ᠶᠢ ᠠᠮᠢᠳᠤᠯᠢᠭᠵᠢᠭᠤᠯᠵᠤ᠂ ᠤᠷᠠᠯᠢᠭ ᠤᠨ ᠪᠡᠶᠡᠴᠢᠯᠡᠨ ᠣᠶᠢᠯᠠᠭᠠᠯᠲᠠ ᠶᠢ ᠪᠠᠶᠠᠯᠢᠭᠵᠢᠭᠤᠯᠤᠨ᠂ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠪᠡᠶᠡᠯᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ᠂ ᠦᠵᠡᠭᠦᠯᠭᠡ ᠶᠢᠨ ᠲᠣᠭᠯᠠᠯᠲᠠ᠂ ᠦᠢᠯᠡᠳᠦᠯᠴᠡᠵᠦ ᠪᠡᠶᠡᠴᠢᠯᠡᠨ ᠣᠶᠢᠯᠠᠭᠠᠬᠤ ᠵᠡᠷᠭᠡ ᠴᠢᠨᠠᠷᠯᠢᠭ ᠭᠤᠸ᠎ᠠ ᠰᠠᠶᠢᠬᠠᠨ  ᠤ ᠬᠥᠮᠦᠵᠢᠯ ᠤᠨ ᠲᠣᠭᠠᠵᠢᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠦᠨ᠎ᠡ᠃ ᠰᠢᠯᠢᠳᠡᠭ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ᠂ ᠰᠢᠯᠢᠳᠡᠭ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠭᠤᠸ᠎ᠠ ᠰᠠᠶᠢᠬᠠᠨ ᠤ ᠬᠥᠮᠦᠵᠢᠯ ᠤᠨ ᠰᠢᠯᠢᠳᠡᠭ ᠪᠢᠴᠢᠯ ᠬᠢᠴᠢᠶᠡᠯ ︵ᠰᠦᠯᠵᠢᠶᠡᠨ ᠤ ᠬᠢᠴᠢᠶᠡᠯ︶ ᠵᠡᠷᠭᠡ ᠴᠢᠨᠠᠷᠯᠢᠭ ᠰᠦᠯᠵᠢᠶᠡᠨ ᠤ ᠡᠬᠢ ᠪᠠᠶᠠᠯᠢᠭ ᠢ ᠬᠠᠮᠲᠤ ᠳᠤ ᠪᠠᠨ ᠪᠠᠶᠢᠭᠤᠯᠵᠤ ᠬᠠᠮᠲᠤ ᠳᠤ ᠪᠠᠨ ᠬᠤᠪᠢᠶᠠᠯᠴᠠᠨ ᠡᠳ᠋ᠯᠡᠬᠦ  ᠶᠢ ᠴᠢᠩᠭᠠᠳᠬᠠᠵᠤ᠂ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠪᠠᠭᠤᠷᠠᠢ ᠭᠠᠵᠠᠷ ᠣᠷᠣᠨ ᠤ ᠳᠤᠲᠠᠭᠤᠳᠠᠯ ᠢ ᠨᠥᠬᠦᠪᠥᠷᠢᠯᠡᠨ᠎ᠡ᠃      17. ᠪᠥᠬᠦ ᠬᠥᠮᠦᠰ ᠲᠤ ᠬᠠᠨᠳᠤᠭᠤᠯᠤᠭᠰᠠᠨ ᠭᠤᠸ᠎ᠠ ᠰᠠᠶᠢᠬᠠᠨ ᠤ ᠬᠥᠮᠦᠵᠢᠯ ᠤᠨ ᠰᠦᠯᠵᠢᠶᠡᠨ ᠤ ᠲᠠᠪᠴᠠᠩ ᠢ ᠪᠠᠶᠢᠭᠤᠯᠤᠨ᠎ᠠ᠃ ᠤᠷᠠᠯᠢᠭ ᠤᠨ ᠵᠦᠢᠯ ᠤᠨ ᠳᠡᠯᠭᠡᠨ ᠦᠵᠡᠭᠦᠯᠬᠦ ᠪᠠ ᠤᠷᠤᠯᠳᠤᠭᠠᠨ ᠢᠶᠠᠷ ᠦᠨᠡᠯᠡᠬᠦ ᠵᠡᠷᠭᠡ ᠦᠢᠯᠡᠳᠦᠯᠭᠡ ᠶᠢᠨ ᠲᠥᠷᠦᠯ ᠤᠨ ᠰᠢᠨᠵᠢᠯᠡᠭᠡᠨ ᠤ ᠰᠠᠯᠠᠭᠠᠨ  ᠤ ᠣᠨᠴᠠᠯᠢᠭ ᠢ ᠭᠦᠢᠴᠡᠳ ᠪᠠᠳᠠᠷᠠᠭᠤᠯᠵᠤ᠂ ᠡᠭᠦᠯᠡᠨ ᠦᠵᠦᠭᠦᠷ ᠤᠨ ᠳᠠᠪᠴᠠᠩ᠂ ᠨᠡᠷᠡᠲᠦ ᠪᠠᠭᠰᠢ ᠶᠢᠨ ᠬᠢᠴᠢᠶᠡᠯᠯᠡᠭᠡ ᠵᠡᠷᠭᠡ ᠪᠤᠯᠤᠩ ᠢ ᠪᠠᠶᠢᠭᠤᠯᠵᠤ᠂ ᠰᠦᠯᠵᠢᠶᠡᠨ ᠳᠤ ᠰᠢᠯᠭᠠᠷᠠᠭᠤᠯᠬᠤ᠂ ᠰᠤᠷᠤᠭᠴᠢᠳ ᠦᠢᠯᠡᠳᠦᠯᠴᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂          ᠤᠷᠠᠯᠢᠭ ᠤᠨ ᠲᠥᠷᠥᠯ ᠵᠦᠢᠯ ᠳᠤ ᠥᠩᠭᠡ ᠪᠤᠳᠤᠭ ᠨᠡᠮᠡᠷᠢᠯᠡᠨ᠂ ᠤᠯᠠᠮᠵᠢᠯᠠᠬᠤ ᠬᠤᠷᠳᠤᠴᠠ ᠶᠢ ᠲᠦᠷᠭᠡᠳᠬᠡᠵᠦ᠂ ᠡᠯ᠎ᠡ ᠲᠥᠷᠥᠯ ᠤᠨ ᠠᠵᠢᠯᠯᠠᠭᠠᠨ ᠤ ᠳᠠᠪᠲᠠᠮᠵᠢ ᠤᠳᠠᠭ᠎ᠠ᠂ ᠲᠤᠭ᠎ᠠ ᠬᠡᠮᠵᠢᠶ᠎ᠡ ᠪᠣᠯᠤᠨ ᠨᠥᠯᠦᠭᠡᠯᠡᠬᠦ ᠬᠦᠴᠦᠨ ᠢ ᠴᠢᠩᠭᠠᠷᠠᠭᠤᠯᠤᠨ᠎ᠠ᠃ ᠡᠭᠦᠨ ᠤ ᠬᠠᠮᠲᠤ ᠰᠦᠯᠵᠢᠶᠡᠨ ᠭᠠᠳᠠᠨᠠᠬᠢ ᠰᠢᠯᠢᠳᠡᠭᠵᠢᠭᠦᠯᠵᠦ ᠬᠥᠭᠵᠢᠭᠦᠯᠵᠦ ᠪᠠᠶᠢᠩᠭᠤᠵᠢᠭᠤᠯᠤᠭᠰᠠᠨ ᠰᠤᠷᠭᠠᠭᠤᠯᠢ ᠶᠢᠨ ᠪᠠᠭᠰᠢ ᠰᠤᠷᠤᠭᠴᠢᠳ ᠤᠨ ᠭᠤᠸ᠎ᠠ ᠰᠠᠶᠢᠬᠠᠨ ᠤ ᠬᠥᠮᠦᠵᠢᠯ ᠤᠨ ᠳᠡᠯᠭᠡᠨ ᠦᠵᠡᠭᠦᠯᠬᠦ ᠪᠤᠶᠤ ᠤᠷᠤᠯᠳᠤᠭᠠᠨ ᠢᠶᠠᠷ ᠦᠨᠡᠯᠡᠬᠦ ᠳᠣᠭᠲᠠᠯᠴᠠᠭ᠎ᠠ ᠲᠠᠢ ᠤᠶᠠᠯᠳᠤᠭᠤᠯᠤᠨ᠂ ᠨᠡᠶᠢᠭᠡᠮᠴᠢᠯᠡᠬᠦ᠂ ᠵᠠᠬ᠎ᠠ ᠳᠡᠯᠭᠡᠭᠦᠷᠴᠢᠯᠡᠬᠦ᠂ ᠨᠠᠷᠠᠲᠤ ᠲᠡᠮᠳᠡᠭᠵᠢᠭᠦᠯᠬᠦ᠂ ᠲᠠᠪᠴᠠᠩᠵᠢᠭᠤᠯᠬᠤ ᠲᠦᠪᠰᠢᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠡᠭᠦᠨ ᠤ ᠤᠯᠠᠮ  ᠢᠶᠠᠷ ᠮᠠᠨ ᠤ ᠣᠷᠣᠨ ᠤ ᠭᠤᠸ᠎ᠠ ᠰᠠᠶᠢᠬᠠᠨ ᠤ ᠬᠥᠮᠦᠵᠢᠯ ᠤᠨ ᠰᠣᠶᠣᠯ ᠤᠨ ᠨᠡᠷᠡᠲᠦ ᠲᠡᠮᠳᠡᠭᠲᠦ  ᠶᠢ ᠪᠣᠢ ᠪᠣᠯᠭᠠᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠬᠦ ᠰᠢᠨ᠎ᠡ ᠬᠡᠯᠪᠡᠷᠢ ᠶᠢᠨ ᠰᠢᠨ᠎ᠡ ᠬᠠᠨᠳᠤᠰᠢ  ᠪᠥᠬᠦᠢ ᠭᠤᠸ᠎ᠠ ᠰᠠᠶᠢᠬᠠᠨ ᠤ ᠬᠥᠮᠦᠵᠢᠯ ᠤᠨ ᠲᠣᠭᠲᠠᠴᠠ ᠶᠢ ᠪᠤᠢ ᠪᠣᠯᠭᠠᠨ᠎ᠠ᠃      ︵ᠨᠠᠢᠮᠠ︶ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠨᠢᠭᠡᠳᠬᠡᠬᠦ ᠠᠵᠢᠯᠯᠠᠭ᠎ᠠ      18. ᠨᠡᠶᠢᠭᠡᠮ ᠤᠨ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠳᠣᠲᠤᠨ᠎ᠠ ᠭᠠᠳᠠᠨᠠᠬᠢ ᠨᠡᠶᠢᠭᠡᠮ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠣᠷᠣᠨ ᠤ ᠭᠠᠳᠠᠨᠠᠬᠢ ᠰᠤᠷᠭᠠᠭᠤᠯᠢ ᠲᠠᠢ ᠬᠤᠯᠪᠣᠭᠠᠯᠠᠨ ᠴᠢᠨᠠᠷᠯᠢᠭ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ︽ᠭᠠᠳᠠᠭᠰᠢ ᠭᠠᠷᠭᠠᠬᠤ᠂ ᠣᠷᠣᠭᠤᠯᠤᠨ ᠠᠪᠴᠢᠷᠠᠬᠤ︾ ᠠᠷᠭ᠎ᠠ ᠮᠠᠶ᠋ᠢᠭ ᠢ ᠠᠪᠴᠤ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠡᠯ᠎ᠡ ᠰᠤᠷᠭᠠᠭᠤᠯᠢ ᠤᠷᠠᠨ ᠵᠢᠷᠤᠭ ᠤᠨ ᠣᠷᠳᠣᠨ᠂ ᠮᠦᠽᠧᠢ᠂ ᠳᠠᠭᠤᠤ ᠬᠥᠭᠵᠢᠮ ᠤᠨ ᠲᠢᠩᠬᠢᠮ᠂ ᠵᠦᠴᠦᠭᠡ ᠶᠢᠨ ᠬᠦᠷᠢᠶᠡᠯᠡᠩ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠵᠡᠷᠭᠡ ᠣᠯᠠᠨ ᠨᠡᠶᠢᠲᠡ ᠶᠢᠨ ᠤᠳᠬ᠎ᠠ ᠤᠷᠠᠯᠢᠭ ᠤᠨ ᠲᠠᠯᠠᠪᠤᠷ ᠣᠷᠳᠣᠨ ᠪᠠ ᠤᠷᠠᠨ ᠰᠠᠶᠢᠬᠠᠨ ᠤ ᠬᠦᠷᠢᠶᠡᠯᠡᠩ ᠪᠦᠯᠬᠦᠮ ᠲᠠᠢ ᠬᠤᠯᠪᠤᠯᠳᠤᠨ ᠬᠥᠳᠡᠯᠦᠯᠴᠡᠬᠦ ᠶᠢ ᠵᠣᠷᠢᠭᠵᠢᠭᠤᠯᠵᠤ᠂ ᠰᠤᠷᠤᠭᠴᠢᠳ ᠤᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠪᠠ ᠦᠢᠯᠡᠳᠦᠯᠭᠡ ᠶᠢᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢᠨ ᠬᠠᠮᠲᠤ ᠲᠡᠭᠦᠯᠳᠡᠷᠵᠢᠭᠦᠯᠵᠦ᠂ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠪᠣᠯᠤᠨ ᠣᠷᠣᠨ ᠨᠤᠲᠤᠭ ᠤᠨ ᠳᠤᠮᠳᠠᠳᠤ ᠪᠠᠭ᠎ᠠ ᠰᠤᠷᠭᠠᠭᠤᠯᠢ ᠯᠤᠭ᠎ᠠ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠤᠨ ᠬᠥᠮᠥᠷᠭᠡ ᠶᠢ ᠬᠠᠮᠲᠤ ᠳᠤ ᠪᠠᠨ ᠪᠠᠶᠢᠭᠤᠯᠵᠤ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠶᠢ ᠵᠣᠷᠢᠭᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠴᠢᠨᠠᠷᠯᠢᠭ ᠳᠠᠳᠤᠯᠭ᠎ᠠ ᠪᠣᠯᠪᠠᠰᠤᠷᠠᠯ ᠤᠨ ᠦᠢᠯᠡᠳᠦᠯᠭᠡ ᠶᠢᠨ ᠲᠥᠬᠦᠭᠡᠷᠦᠮᠵᠢ ᠶᠢ ᠠᠰᠢᠭᠯᠠᠨ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠵᠤ ᠨᠢᠭᠡ ᠴᠣᠭᠴᠠᠵᠢᠭᠤᠯᠬᠤ ᠶᠢ ᠬᠠᠮᠵᠢᠨ ᠬᠥᠭᠵᠢᠭᠦᠯᠬᠦ ᠲᠠᠪᠴᠠᠩ ᠢ ᠪᠠᠶᠢᠭᠤᠯᠤᠨ᠎ᠠ᠃      19. ᠰᠤᠷᠭᠠᠭᠤᠯᠢ ᠶᠢᠨ ᠬᠦᠷᠢᠶᠡᠨ ᠤ ᠳᠣᠲᠤᠨ᠎ᠠ ᠭᠠᠳᠠᠨᠠᠬᠢ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠲᠣᠭᠲᠠᠴᠠ ᠶᠢ ᠬᠥᠭᠵᠢᠭᠦᠯᠦᠨ᠎ᠡ᠃ ᠡᠯ᠎ᠡ ᠶᠡᠭᠡ ᠳᠡᠭᠡᠳᠦ ᠰᠤᠷᠭᠠᠭᠤᠯᠢ ᠭᠤᠸ᠎ᠠ ᠰᠠᠶᠢᠬᠠᠨ ᠤ ᠬᠥᠮᠦᠵᠢᠯ ᠤᠨ ᠲᠥᠪ ᠢ ᠪᠠᠶᠢᠭᠤᠯᠵᠤ᠂ ᠡᠯ᠎ᠡ ᠠᠶᠢᠮᠠᠭ ᠬᠤᠲᠠ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ  ᠰᠤᠷᠭᠠᠯᠲᠠ ᠪᠠ ᠦᠢᠯᠡᠳᠦᠯᠭᠡ ᠶᠢ ᠵᠢᠯᠣᠭᠤᠳᠬᠤ ᠵᠦᠪᠯᠡᠯ ᠢ ᠪᠠᠶᠢᠭᠤᠯᠤᠨ᠂ ᠪᠦᠬᠦ ᠰᠤᠷᠤᠭᠴᠢᠳ ᠲᠤ ᠬᠠᠨᠳᠤᠭᠤᠯᠤᠭᠰᠠᠨ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢ           ᠵᠢᠯᠣᠭᠤᠳᠤᠨ᠎ᠠ᠃ ᠨᠡᠶᠢᠭᠡᠮ ᠤᠨ ᠬᠦᠴᠦᠨ  ᠢ ᠨᠢᠭᠡᠳᠦᠯᠲᠡᠢ ᠲᠥᠯᠥᠪᠯᠡᠨ᠂ ᠭᠤᠸ᠎ᠠ ᠰᠠᠶᠢᠬᠠᠨ ᠤ ᠬᠥᠮᠦᠵᠢᠯ ᠪᠠ ᠰᠢᠨ᠎ᠡ ᠶᠢ ᠡᠭᠦᠳᠬᠦ ᠵᠣᠬᠢᠴᠠᠯᠳᠤᠬᠤ ᠶᠢ ᠠᠬᠢᠭᠤᠯᠵᠤ᠂ ᠡᠯ᠎ᠡ ᠱᠠᠲᠤᠨ ᠤ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠬᠤᠯᠪᠣᠭ᠎ᠠ ᠪᠤᠶᠤ ᠬᠤᠯᠪᠣᠭᠠᠲᠤ ᠬᠤᠷᠠᠯ ᠢ ᠵᠣᠬᠢᠶᠠᠨ ᠪᠠᠶᠢᠭᠤᠯᠵᠤ᠂ ᠰᠤᠷᠭᠠᠭᠤᠯᠢ ᠪᠠ ᠰᠤᠷᠭᠠᠭᠤᠯᠢ ᠬᠠᠮᠵᠢᠯᠴᠠᠭᠰᠠᠨ᠂ ᠰᠤᠷᠭᠠᠭᠤᠯᠢ ᠪᠠ ᠡᠷᠳᠡᠮ ᠰᠢᠨᠵᠢᠯᠡᠭᠡᠨ ᠤ ᠪᠠᠶᠢᠭᠤᠯᠤᠮᠵᠢ ᠬᠠᠮᠵᠢᠯᠴᠠᠭᠰᠠᠨ᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠭᠰᠠᠨ᠂ ᠰᠤᠷᠭᠠᠭᠤᠯᠢ ᠪᠠ ᠣᠷᠣᠨ ᠨᠤᠲᠤᠭ ᠬᠠᠮᠵᠢᠯᠴᠠᠭᠰᠠᠨ ᠰᠢᠨ᠎ᠡ ᠶᠢ ᠡᠭᠦᠳᠦᠨ ᠬᠥᠮᠦᠵᠢᠭᠦᠯᠬᠦ ᠵᠠᠭᠪᠤᠷ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠤᠨ ᠰᠣᠶᠣᠯ ᠤᠬᠠᠭᠤᠯᠭ᠎ᠠ ᠶᠢᠨ ᠰᠠᠯᠠᠭ᠎ᠠ ᠮᠥᠴᠢᠷ᠂ ᠤᠳᠬ᠎ᠠ ᠤᠷᠠᠯᠢᠭ ᠤᠨ ᠪᠦᠯᠬᠦᠮ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠶᠢᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠠᠯᠬᠤᠮ ᠠᠯᠬᠤᠮ  ᠢᠶᠠᠷ ᠲᠡᠭᠦᠯᠳᠡᠷᠵᠢᠭᠦᠯᠦᠨ᠎ᠡ᠃      ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠡᠯ᠎ᠡ ᠶᠡᠭᠡ ᠳᠡᠭᠡᠳᠦ ᠰᠤᠷᠭᠠᠭᠤᠯᠢ ᠭᠤᠸ᠎ᠠ ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠬᠤ ᠶᠢᠨ ᠬᠠᠮᠲᠤ ᠠᠵᠢᠯ ᠥᠷᠨᠢᠭᠦᠯᠦᠭᠰᠡᠨ ᠪᠠᠶᠢᠳᠠᠯ ᠢ ᠰᠤᠷᠭᠠᠭᠤᠯᠢ  ᠶᠢᠨ ᠵᠢᠭᠠᠨ ᠰᠤᠷᠭᠠᠯᠲᠠ ᠶᠢᠨ ᠠᠵᠢᠯ ᠢ ᠦᠨᠡᠯᠡᠬᠦ ᠭᠦᠢᠴᠡᠳᠭᠡᠯ ᠲᠣᠭᠠᠨ ᠤ ᠳᠣᠭᠲᠠᠯᠴᠠᠭᠠᠨ ᠳᠤ ᠣᠷᠣᠭᠤᠯᠵᠤ᠂ ᠪᠦᠬᠦᠯᠢ ᠴᠣᠭᠴᠠ ᠪᠠᠷ ᠲᠥᠯᠥᠪᠵᠢᠭᠦᠯᠦᠨ᠂ ᠪᠦᠬᠦ ᠲᠠᠯ᠎ᠠ ᠪᠠᠷ ᠠᠬᠢᠭᠤᠯᠵᠤ᠂ ᠦᠨᠡᠨ ᠬᠦ ᠶᠠᠪᠤᠭᠳᠠᠬᠤᠶᠢᠴᠠ ᠠᠷᠭ᠎ᠠ ᠬᠡᠮᠵᠢᠶ᠎ᠡ ᠠᠪᠴᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠪᠠᠭᠰᠢ ᠶᠢ ᠨᠥᠬᠦᠪᠥᠷᠢᠯᠡᠵᠦ᠂ ᠵᠢᠭᠠᠬᠤ ᠶᠢ ᠰᠤᠳᠤᠯᠤᠭᠴᠢ ᠶᠢ ᠭᠦᠢᠴᠡᠳ ᠲᠣᠬᠢᠷᠠᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠠᠭᠤᠰᠬᠠᠬᠤ ᠠᠵᠢᠯᠯᠠᠭ᠎ᠠ ᠳᠤ ᠣᠷᠣᠯᠴᠠᠬᠤ ᠶᠢ ᠪᠠᠶᠢᠴᠠᠭᠠᠵᠤ᠂ ᠦᠨᠡᠯᠡᠬᠦ ᠠᠷᠭ᠎ᠠ ᠶᠢ ᠲᠥᠷᠥᠯ ᠬᠤᠪᠢᠶᠠᠨ ᠲᠡᠭᠦᠯᠳᠡᠷᠵᠢᠭᠦᠯᠬᠦ ᠬᠡᠷᠡᠭᠲᠡᠢ᠃ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map