ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠬᠤ ᠴᠤᠭᠯᠠᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2024/10/14
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠬᠤ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠡᠷᠲᠡᠬᠡᠨ ᠠᠵᠢᠯ ᠣᠯᠬᠤ ᠶᠢ ᠠᠬᠢᠭᠤᠯᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠬᠤ ᠠᠵᠢᠯᠯᠠᠭ᠎ᠠ ᠶᠢ ᠡᠬᠢᠯᠡᠭᠦᠯᠪᠡ᠃ 

1.webp.png

      10 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠮᠤᠷ ᠤᠨ

ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠬᠤ ᠴᠤᠭᠯᠠᠭᠠᠨ︾ ᠢ ᠡᠷᠬᠢᠯᠡᠪᠡ

      ᠠᠵᠢᠯᠲᠠᠨ ᠤᠷᠢᠬᠤ ᠴᠤᠭᠯᠠᠭᠠᠨ ᠳᠤ ᠣᠷᠣᠯᠴᠠᠭᠰᠠᠨ ᠨᠢᠭᠡᠴᠢ ᠥᠪᠥᠷ ᠮᠣᠩᠭᠤᠯ᠂ ᠪᠡᠭᠡᠵᠢᠩ᠂ ᠾᠧᠪᠧᠢ᠂

ᠵᠢᠶᠠᠩᠰᠦ᠂ ᠵᠧᠵᠢᠶᠠᠩ᠂ ᠱᠠᠨ ᠰᠢ ᠵᠡᠷᠭᠡ 17 ᠮᠤᠵᠢ ︵ᠣᠷᠣᠨ᠂ ᠬᠤᠲᠠ︶  ᠶᠢ ᠬᠠᠮᠤᠷᠴᠤ᠂ ᠠᠵᠢᠯᠲᠠᠨ ᠤᠷᠢᠬᠤ

ᠠᠵᠤ ᠠᠬᠤᠶᠢᠯᠠᠯ ᠦᠢᠯᠡᠳᠬᠦ ᠦᠢᠯᠡᠰ᠂ ᠲᠠᠷᠢᠶᠠᠯᠠᠩ᠂ ᠠᠭᠤᠷᠬᠠᠢ ᠶᠢᠨ ᠦᠢᠯᠡᠰ᠂ ᠮᠥᠩᠭᠦᠨ ᠭᠦᠢᠯᠭᠡᠭᠡ ᠵᠡᠷᠭᠡ 20

ᠠᠵᠢᠯ ᠲᠥᠷᠥᠯ ᠤᠨ ᠬᠦᠷᠢᠶᠡᠨ ᠳᠤ ᠬᠤᠯᠪᠤᠭᠳᠠᠨ᠂ 219 ᠬᠥᠮᠦᠨ ᠬᠡᠷᠡᠭᠯᠡᠬᠦ ᠨᠢᠭᠡᠴᠢ ᠬᠤᠷᠠᠯ ᠳᠤ ᠣᠷᠣᠯᠴᠠᠵᠤ᠂

651 ᠠᠵᠢᠯ ᠤᠨ ᠪᠠᠶᠢᠷᠢ ᠶᠢ ᠬᠠᠩᠭᠠᠵᠤ᠂ ᠠᠵᠢᠯ ᠤᠨ ᠪᠠᠶᠢᠷᠢ ᠳᠤ ᠬᠡᠷᠡᠭᠰᠡᠬᠦ ᠬᠥᠮᠦᠨ ᠤ ᠲᠤᠭ᠎ᠠ 6071          

ᠪᠣᠢ᠃ ᠠᠵᠢᠯᠲᠠᠨ ᠤᠷᠢᠬᠤ ᠴᠤᠭᠯᠠᠭᠠᠨ ᠳᠤ ᠠᠵᠢᠯᠲᠠᠨ ᠤᠷᠢᠬᠤ ᠦᠢᠯᠡᠴᠢᠯᠡᠭᠡ᠂ ᠰᠢᠭᠤᠳ ᠨᠡᠪᠲᠡᠷᠡᠭᠦᠯᠭᠡ ᠪᠠᠷ

ᠠᠵᠢᠯ ᠤᠨ ᠪᠠᠶᠢᠷᠢ ᠶᠢ ᠳᠠᠶᠢᠴᠢᠯᠠᠬᠤ᠂ ᠠᠵᠢᠯ ᠣᠯᠭᠤᠯᠲᠠ ᠶᠢ ᠵᠢᠯᠣᠭᠤᠳᠬᠤ ᠭᠤᠷᠪᠠᠨ ᠭᠤᠣᠯ ᠰᠡᠳᠦᠪᠲᠦ ᠲᠤᠰᠬᠠᠢ

ᠣᠷᠣᠨ ᠢ ᠪᠠᠶᠢᠭᠤᠯᠤᠨ᠂ ᠲᠡᠭᠦᠰᠦᠭᠰᠡᠳ ᠢ ᠬᠠᠪᠰᠤᠷᠤᠨ ᠠᠵᠢᠯᠲᠠᠨ ᠤᠷᠢᠬᠤ ᠠᠵᠤ ᠠᠬᠤᠶᠢᠯᠠᠯ ᠢ ᠣᠶᠢᠯᠠᠭᠠᠭᠤᠯᠵᠤ᠂

ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠣᠨᠣᠪᠴᠢᠲᠠᠢ ᠴᠤᠭᠯᠠᠭᠤᠯᠵᠤ᠂ ᠠᠵᠢᠯ ᠡᠷᠢᠭᠰᠡᠳ ᠪᠣᠯᠤᠨ ᠠᠵᠤ

ᠠᠬᠤᠶᠢᠯᠠᠯ ᠴᠠᠭ ᠲᠤᠬᠠᠢ ᠳᠤ ᠨᠢ ᠦᠢᠯᠡᠳᠦᠯᠴᠡᠬᠦ ᠶᠢ ᠠᠬᠢᠭᠤᠯᠬᠤ ᠪᠠᠷ ᠪᠠᠷᠠᠬᠤ ᠦᠭᠡᠢ᠂ ᠨᠡᠩ ᠴᠤ ᠠᠬᠤᠢ

ᠲᠠᠯᠠᠪᠠᠢ ᠳᠤ ᠲᠡᠭᠦᠰᠦᠭᠰᠡᠳ ᠲᠤ ᠲᠣᠪᠴᠢ ᠨᠠᠮᠲᠠᠷ ᠢ ᠶᠠᠭᠠᠬᠢᠵᠤ ᠲᠠᠭᠯᠠᠬᠤ᠂ ᠶᠠᠭᠠᠬᠢᠵᠤ ᠠᠵᠢᠯ ᠡᠷᠢᠬᠦ ᠶᠢ

ᠬᠠᠨᠳᠤᠯᠭᠠᠲᠠᠢ ᠵᠢᠯᠣᠭᠤᠳᠬᠤ ᠵᠡᠷᠭᠡ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠵᠤ᠂ ᠶᠡᠭᠡ ᠳᠡᠭᠡᠳᠦ ᠰᠤᠷᠭᠠᠭᠤᠯᠢ

ᠲᠡᠭᠦᠰᠦᠭᠰᠡᠳ ᠠᠵᠢᠯ ᠣᠯᠬᠤ ᠬᠦᠰᠡᠯ ᠢᠶᠠᠨ ᠪᠡᠶᠡᠯᠡᠭᠦᠯᠬᠦ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠪᠡ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ

ᠪᠣᠯᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠨᠡᠩ ᠲᠣᠪᠤᠶᠢᠮ᠎ᠠ

ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠵᠢᠯᠣᠭᠤᠳᠬᠤ ᠦᠢᠯᠡᠴᠢᠯᠡᠭᠡ ᠶᠢ ᠴᠢᠩᠭᠠᠳᠬᠠᠵᠤ᠂

ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ᠂ ᠲᠦᠮᠡᠨ ᠠᠵᠤ ᠠᠬᠤᠶᠢᠯᠠᠯ ᠢ

ᠰᠤᠷᠭᠠᠭᠤᠯᠢ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠠᠵᠢᠯᠲᠠᠨ ᠤᠷᠢᠬᠤ ᠵᠡᠷᠭᠡ ᠲᠤᠰᠬᠠᠢ

ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ

ᠲᠤᠰᠬᠠᠢ ᠲᠠᠯᠠᠪᠠᠢ ᠤᠷᠢᠬᠤ᠂ ᠠᠵᠢᠯ ᠤᠨ ᠪᠠᠶᠢᠷᠢ ᠬᠦᠷᠭᠡᠬᠦ᠂ ᠠᠵᠢᠯ ᠣᠯᠭᠤᠬᠤ ᠪᠣᠯᠪᠠᠰᠤᠷᠠᠯ ᠬᠢᠬᠦ᠂ ᠦᠢᠯᠡᠰ

ᠪᠤᠰᠬᠠᠬᠤ ᠶᠢ ᠵᠢᠯᠣᠭᠤᠳᠬᠤ᠂ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ  ᠨᠠᠷᠢᠯᠢᠭ ᠣᠨᠣᠴᠠᠲᠠᠢ ᠠᠵᠢᠯ ᠣᠯᠭᠤᠯᠲᠠ ᠶᠢ

ᠵᠢᠯᠣᠭᠤᠳᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠥᠮᠦᠨ ᠬᠡᠷᠡᠭᠯᠡᠬᠦ ᠨᠢᠭᠡᠴᠢ ᠪᠣᠯᠤᠨ ᠶᠡᠭᠡ ᠳᠡᠭᠡᠳᠦ

ᠰᠤᠷᠭᠠᠭᠤᠯᠢ ᠲᠡᠭᠦᠰᠦᠭᠰᠡᠳ ᠤᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠢ ᠵᠣᠯᠭᠠᠭᠤᠯᠬᠤ ᠲᠠᠪᠴᠠᠩ ᠢ

ᠪᠠᠶᠢᠭᠤᠯᠤᠨ ᠥᠭᠴᠦ᠂ ᠨᠡᠩ ᠣᠯᠠᠨ ᠲᠤᠰᠬᠠᠢ ᠮᠡᠷᠭᠡᠵᠢᠯ ᠲᠤ ᠬᠤᠯᠪᠤᠭᠳᠠᠬᠤ ᠴᠢᠨᠠᠷ ᠢᠶᠠᠷ ᠴᠢᠩᠭ᠎ᠠ᠂ ᠬᠥᠮᠦᠨ ᠪᠠ

ᠠᠵᠢᠯ ᠤᠨ ᠪᠠᠶᠢᠷᠢ ᠵᠣᠬᠢᠴᠠᠯᠳᠤᠬᠤ ᠬᠡᠮᠵᠢᠶ᠎ᠡ ᠪᠠᠷ ᠥᠨᠳᠥᠷ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠵᠦ᠂

ᠥᠪᠡᠷᠲᠡᠭᠡᠨ ᠵᠠᠰᠠᠬᠤ ᠣᠷᠣᠨ ᠤ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠡᠷᠲᠡᠬᠡᠨ ᠠᠵᠢᠯ

ᠣᠯᠭᠤᠵᠤ᠂ ᠭᠦᠢᠴᠡᠳ ᠠᠵᠢᠯ ᠣᠯᠭᠤᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map