ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠵᠡᠷᠭᠡ ᠳᠡᠪᠰᠢᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/14
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 10 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠵᠡᠷᠭᠡ ᠳᠡᠪᠰᠢᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃   

1.webp.png

   

      ᠬᠤᠷᠠᠯ ᠳᠡᠭᠡᠷ᠎ᠡ ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠵᠡᠷᠭᠡ ᠶᠢᠰᠦᠨ ᠵᠢᠩᠬᠢᠨᠢ ᠠᠩᠭᠢᠲᠤ

ᠳᠡᠭᠡᠳᠦ ᠰᠤᠷᠭᠠᠭᠤᠯᠢ ᠶᠢᠨ ᠵᠡᠷᠭᠡ ᠳᠡᠪᠰᠢᠬᠦ ᠠᠵᠢᠯ ᠢ ᠥᠷᠨᠢᠭᠦᠯᠦᠭᠰᠡᠨ ᠠᠴᠠ ᠨᠠᠭᠠᠰᠢᠬᠢ ᠨᠢᠭᠡ ᠵᠢᠯ ᠤᠨ ᠣᠯᠤᠭᠰᠠᠨ

ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠪᠠ ᠳᠠᠷᠠᠭ᠎ᠠ ᠠᠯᠬᠤᠮ ᠤᠨ ᠠᠵᠢᠯ ᠢᠶᠠᠨ ᠲᠣᠬᠢᠷᠠᠭᠤᠯᠤᠭᠰᠠᠨ

ᠪᠠᠶᠢᠳᠠᠯ ᠢ ᠰᠣᠨᠣᠰᠴᠤ᠂ ᠰᠤᠷᠭᠠᠨ ᠬᠥᠮᠦᠵᠢᠯ ᠤᠨ ᠲᠢᠩᠬᠢᠮ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ

ᠪᠣᠯᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠦᠨᠡᠯᠡᠵᠦ

ᠰᠣᠯᠢᠯᠴᠠᠵᠤ᠂ ᠵᠡᠷᠭᠡ ᠳᠡᠪᠰᠢᠬᠦ ᠠᠵᠢᠯ ᠤᠨ ᠲᠤᠬᠠᠢ ᠳᠠᠬᠢᠨ ᠵᠢᠯᠣᠭᠤᠳᠴᠤ᠂ ᠳᠠᠬᠢᠨ ᠰᠢᠪᠠᠳᠠᠭᠤᠯᠵᠤ᠂ ᠳᠠᠬᠢᠨ

ᠪᠠᠶᠢᠷᠢᠯᠠᠭᠤᠯᠪᠠ᠃

   

2.webp.png

      ᠬᠤᠷᠠᠯ ᠠᠴᠠ᠂ ᠡᠯ᠎ᠡ ᠰᠤᠷᠭᠠᠭᠤᠯᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠠᠭᠠᠰᠢᠲᠠ

ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ  ᠤ ᠭᠤᠷᠪᠠᠳᠤᠭᠠᠷ ᠪᠦᠭᠦᠳᠡ

ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ

ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠵᠡᠷᠭᠡ ᠳᠡᠪᠰᠢᠬᠦ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ

ᠣᠶᠢᠯᠠᠭᠠᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠲᠤᠯᠭᠠᠷᠠᠵᠤ ᠪᠠᠶᠢᠭ᠎ᠠ ᠰᠢᠨ᠎ᠡ ᠬᠤᠪᠢᠷᠠᠯᠲᠠ᠂

ᠰᠢᠨ᠎ᠡ ᠠᠵᠠ ᠲᠣᠬᠢᠶᠠᠯ ᠢ ᠨᠠᠷᠢᠨ ᠨᠢᠮᠪᠠᠢ ᠠᠵᠢᠭᠯᠠᠨ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂

ᠳᠠᠪᠠᠭᠤᠯᠢᠭ ᠢᠶᠠᠨ ᠦᠷᠭᠦᠯᠵᠢᠯᠡᠨ ᠪᠣᠯᠪᠠᠰᠤᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠨ᠂ ᠰᠤᠷᠭᠠᠭᠤᠯᠢ ᠡᠷᠬᠢᠯᠡᠬᠦ

ᠪᠠᠶᠢᠷᠢ ᠲᠣᠭᠲᠠᠭᠠᠯᠲᠠ ᠪᠣᠯᠤᠨ ᠵᠡᠷᠭᠡ ᠳᠡᠪᠰᠢᠬᠦ ᠪᠠᠷ ᠬᠠᠷᠠᠯᠲᠠ ᠪᠠᠨ ᠣᠨᠣᠪᠴᠢᠲᠠᠢ ᠣᠯᠵᠤ᠂ ᠬᠥᠭᠵᠢᠯᠲᠡ ᠶᠢᠨ

ᠠᠷᠭ᠎ᠠ ᠵᠠᠮ ᠢ ᠨᠠᠷᠢᠨ ᠬᠢᠨᠠᠮᠠᠭᠠᠢ ᠰᠣᠳᠤᠯᠤᠨ᠂ ᠡᠯ᠎ᠡ ᠵᠦᠢᠯ ᠤᠨ ᠬᠠᠷᠠᠯᠲᠠ ᠪᠠ ᠡᠭᠦᠷᠭᠡ ᠪᠠᠨ ᠪᠡᠶᠡᠯᠡᠭᠦᠯᠬᠦ          

ᠬᠡᠷᠡᠭᠲᠡᠢ᠃ ᠵᠢᠩᠬᠢᠨᠢ ᠠᠩᠭᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠠᠭᠤᠷᠢ ᠶᠢ ᠪᠠᠬᠢᠵᠢᠭᠦᠯᠵᠦ᠂ ᠰᠢᠨ᠎ᠡ

ᠲᠧᠭᠨᠢᠭ  ᠤᠨ ᠤᠬᠠᠭᠠᠨ᠂ ᠰᠢᠨ᠎ᠡ ᠡᠮᠨᠡᠯᠭᠡ ᠶᠢᠨ ᠤᠬᠠᠭᠠᠨ᠂ ᠰᠢᠨ᠎ᠡ ᠲᠠᠷᠢᠶᠠᠯᠠᠩ ᠤᠨ ᠤᠬᠠᠭᠠᠨ᠂ ᠰᠢᠨ᠎ᠡ ᠨᠡᠶᠢᠭᠡᠮ ᠤᠨ

ᠰᠢᠨᠵᠢᠯᠡᠬᠦ ᠤᠬᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠭᠦᠰᠦᠭᠰᠡᠳ ᠲᠤ ᠠᠵᠢᠯ ᠣᠯᠭᠤᠬᠤ

ᠠᠵᠢᠯ ᠢ ᠪᠣᠳᠠᠲᠠᠶᠢᠵᠢᠭᠤᠯᠤᠨ ᠴᠢᠩᠭᠠᠳᠬᠠᠵᠤ᠂ ᠵᠢᠩᠬᠢᠨᠢ ᠠᠩᠭᠢ ᠶᠢᠨ ᠴᠢᠳᠠᠪᠤᠷᠢᠲᠠᠨ ᠬᠥᠮᠦᠵᠢᠭᠦᠯᠬᠦ ᠴᠢᠨᠠᠷ

ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ

ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠴᠢᠩᠭᠠᠳᠬᠠᠨ᠂ ᠠᠵᠤ ᠦᠢᠯᠡᠳᠪᠦᠷᠢ

ᠪᠠ ᠰᠤᠷᠭᠠᠨ ᠬᠥᠮᠦᠵᠢᠯ ᠢ ᠠᠭᠤᠰᠬᠠᠨ ᠬᠠᠮᠵᠢᠨ ᠬᠥᠮᠦᠨ ᠬᠥᠮᠦᠵᠢᠭᠦᠯᠬᠦ ᠶᠢ ᠭᠦᠨᠵᠡᠭᠡᠶᠢᠷᠡᠭᠦᠯᠵᠦ᠂ ᠣᠷᠣᠨ

ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠲᠣᠬᠢᠷᠠᠭᠤᠯᠬᠤ ᠬᠢᠷᠢ ᠲᠦᠪᠰᠢᠨ  ᠢᠶᠠᠨ

ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢᠨ ᠵᠠᠰᠠᠯᠲᠠ ᠶᠢᠨ ᠬᠢᠷᠢ ᠲᠦᠪᠰᠢᠨ ᠪᠠ ᠵᠠᠰᠠᠯᠲᠠ ᠶᠢᠨ

ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠴᠢᠳᠠᠪᠤᠷᠢᠲᠠᠨ ᠢ ᠨᠠᠷᠢᠯᠢᠭ ᠣᠨᠣᠴᠠᠲᠠᠢ ᠣᠷᠣᠭᠤᠯᠤᠨ ᠠᠪᠴᠢᠷᠠᠬᠤ

ᠡᠷᠴᠢᠮ ᠢᠶᠠᠨ ᠴᠢᠩᠭᠠᠷᠠᠭᠤᠯᠤᠨ᠂ ᠥᠨᠳᠥᠷ ᠬᠢᠷᠢ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠵᠤ᠂

ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠤᠨ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ

ᠴᠢᠬᠤᠯᠠᠴᠢᠯᠠᠪᠠ᠃

     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠭᠡᠰᠢᠭᠦᠨ᠂

ᠬᠤᠯᠪᠣᠭᠳᠠᠬᠤ ᠭᠠᠵᠠᠷ ᠲᠠᠰᠤᠭ ᠤᠨ ᠭᠤᠣᠯ ᠬᠠᠷᠢᠭᠤᠴᠠᠯᠭᠠᠲᠠᠨ᠂ ᠪᠦᠬᠦ ᠣᠷᠣᠨ ᠤ ᠶᠢᠰᠦᠨ ᠵᠢᠩᠬᠢᠨᠢ ᠠᠩᠭᠢᠲᠤ

ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map