ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠲᠥᠪ ᠤᠨ ᠱᠦᠵᠢ ᠨᠠᠷ ᠤᠨ ᠭᠠᠵᠠᠷ ᠤᠨ ᠪᠠᠶᠢᠩᠭᠤ ᠶᠢᠨ ᠱᠦᠵᠢ ᠯᠢᠶᠠᠩ ᠴᠢᠶᠠᠩ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2024/10/14
      ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠭᠢᠯᠭᠠᠨ ᠮᠡᠳᠡᠭᠡ 10 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ  ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠪᠠᠶᠢᠩᠭᠤ ᠶᠢᠨ ᠱᠦᠵᠢ ᠯᠢᠶᠠᠩ ᠴᠢᠶᠠᠩ ᠲᠠᠢ ᠠᠭᠤᠯᠵᠠᠪᠠ᠃

1.jpg

      ᠰᠢ ᠶᠢᠨ ᠫᠢᠩ᠂ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠨᠡᠶᠢᠭᠡᠮ ᠵᠢᠷᠤᠮ ᠤᠨ ᠪᠠᠶᠢᠭᠤᠯᠤᠯ ᠢ

ᠪᠠᠷᠢᠮᠲᠠᠯᠠᠬᠤ ᠪᠣᠯ ᠳᠤᠮᠳᠠᠳᠤ ᠸᠢᠶᠧᠲᠨᠠᠮ ᠬᠤᠶᠠᠷ ᠤᠯᠤᠰ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠮᠥᠨ᠂

ᠪᠠᠰᠠ ᠴᠤ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢ ᠬᠥᠭᠵᠢᠭᠦᠯᠬᠦ ᠬᠠᠮᠤᠭ ᠤᠨ ᠪᠠᠲᠤ ᠪᠠᠬᠢ ᠤᠯᠤᠰ ᠲᠦᠷᠦ ᠶᠢᠨ

ᠰᠠᠭᠤᠷᠢ ᠮᠥᠨ᠃ ᠳᠤᠮᠳᠠᠳᠤ ᠤᠯᠤᠰ ᠸᠢᠶᠧᠲᠨᠠᠮ ᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ

ᠲᠡᠷᠢᠭᠦᠨ ᠴᠢᠭᠯᠡᠯ ᠪᠤᠯᠭᠠᠵᠤ᠂ ᠳᠤᠷᠠᠲᠠᠶ᠎ᠠ ᠸᠢᠶᠧᠲᠨᠠᠮ ᠤᠨ ᠬᠢᠨ ᠲᠠᠢ ᠬᠠᠮᠲᠤ ᠪᠠᠷ᠂ ᠥᠨᠳᠥᠷ ᠲᠦᠪᠰᠢᠨ ᠪᠦᠬᠦᠢ

ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂

ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂

ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ ᠠᠬᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂

ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ

ᠴᠣᠭᠴᠠ ᠶᠢ ᠭᠠᠷ ᠬᠤᠯᠪᠣᠨ ᠪᠠᠶᠢᠭᠤᠯᠤᠨ᠎ᠠ ᠭᠡᠵᠦ ᠵᠢᠭᠠᠵᠤ ᠭᠠᠷᠭᠠᠵᠠᠢ᠃

      ᠰᠢ ᠶᠢᠨ ᠫᠢᠩ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠴᠦ

ᠪᠠᠶᠢᠭ᠎ᠠ ᠪᠠᠶᠢᠳᠠᠯ ᠳᠣᠣᠷ᠎ᠠ᠂ ᠳᠤᠮᠳᠠᠳᠤ ᠸᠢᠶᠧᠲᠨᠠᠮ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠴᠢᠭᠯᠡᠯ ᠢᠶᠠᠨ

ᠣᠨᠣᠪᠴᠢᠲᠠᠢ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠸᠢᠶᠧᠲᠨᠠᠮ ᠤᠨ

ᠬᠠᠷᠢᠯᠴᠠᠭ᠎ᠠ ᠶᠢ ᠡᠵᠡᠮᠳᠡᠬᠦ ᠶᠢ ᠪᠠᠷᠢᠮᠲᠠᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠵᠥᠪ ᠵᠠᠮ ᠢᠶᠠᠷ ᠲᠠᠰᠤᠷᠠᠯᠳᠠ

ᠦᠭᠡᠢ ᠤᠷᠤᠭᠰᠢ ᠬᠥᠭᠵᠢᠬᠦ ᠶᠢ ᠪᠠᠲᠤᠯᠠᠶ᠎ᠠ᠃ ᠦᠵᠡᠯ ᠰᠠᠨᠠᠭ᠎ᠠ ᠣᠶᠢᠯᠠᠭᠠᠭᠳᠠᠬᠤᠨ ᠤ ᠰᠣᠯᠢᠯᠴᠠᠭ᠎ᠠ ᠪᠠᠨ

ᠴᠢᠩᠭᠠᠳᠬᠠᠵᠤ᠂ ᠤᠨᠤᠯ ᠤᠨ ᠰᠤᠳᠤᠯᠤᠨ ᠶᠠᠷᠢᠯᠴᠠᠭ᠎ᠠ᠂ ᠺᠠᠳ᠋ᠷ ᠤᠨ ᠪᠣᠯᠪᠠᠰᠤᠷᠠᠯ ᠵᠡᠷᠭᠡ ᠲᠣᠭᠲᠠᠴᠠ ᠶᠢᠨ

ᠲᠠᠪᠴᠠᠩ ᠢ ᠰᠠᠶᠢᠲᠤᠷ ᠬᠡᠷᠡᠭᠯᠡᠵᠦ᠂ ᠨᠠᠮ ᠢᠶᠠᠨ ᠵᠠᠰᠠᠵᠤ ᠲᠦᠷᠦ ᠪᠠᠨ ᠵᠠᠰᠠᠬᠤ ᠲᠤᠷᠰᠢᠯᠭ᠎ᠠ ᠪᠠᠨ ᠰᠣᠯᠢᠯᠴᠠᠵᠤ

ᠬᠠᠷᠢᠯᠴᠠᠨ ᠲᠣᠯᠢ ᠪᠤᠯᠭᠠᠬᠤ ᠶᠢ ᠴᠢᠩᠭᠠᠳᠬᠠᠵᠤ᠂ ᠲᠦᠷᠦ ᠪᠠᠷᠢᠬᠤ ᠴᠢᠳᠠᠪᠤᠷᠢ ᠪᠠᠨ ᠬᠠᠮᠲᠤ ᠪᠠᠷ ᠳᠡᠭᠡᠭᠰᠢᠯᠡᠭᠦᠯᠵᠦ᠂

ᠲᠦᠷᠦ ᠪᠠᠷᠢᠬᠤ ᠬᠦᠴᠢᠷ ᠠᠰᠠᠭᠤᠳᠠᠯ ᠢ ᠬᠠᠮᠲᠤ ᠪᠠᠷ ᠰᠢᠢᠳᠪᠦᠷᠢᠯᠡᠶ᠎ᠡ᠃ ᠬᠠᠮᠲᠤ ᠪᠠᠷ ᠠᠰᠢᠭ ᠭᠦᠷᠳᠡᠭᠦ ᠪᠠᠶᠢᠷᠢᠰᠢᠯ ᠢ

ᠪᠠᠶᠢᠭᠤᠯᠵᠤ᠂ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠬᠥᠭᠵᠢᠯᠲᠡ ᠶᠢᠨ ᠪᠠᠶᠢᠯᠳᠤᠬᠤ

ᠪᠣᠳᠣᠯᠭ᠎ᠠ ᠶᠢᠨ ᠵᠣᠯᠭᠠᠯᠴᠠᠭ᠎ᠠ ᠪᠠ ᠬᠤᠯᠪᠣᠯᠳᠤᠨ ᠨᠡᠪᠲᠡᠷᠡᠯᠴᠡᠬᠦ ᠶᠢ ᠪᠦᠭᠦ ᠲᠠᠯ᠎ᠠ ᠪᠠᠷ ᠠᠬᠢᠭᠤᠯᠵᠤ᠂ ᠪᠣᠳᠠᠲᠠᠢ ᠶᠢ

ᠡᠷᠬᠢᠮᠯᠡᠭᠰᠡᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠷᠠᠯᠲᠠ ᠶᠢ ᠴᠢᠷᠮᠠᠶᠢᠨ          

ᠪᠡᠶᠡᠯᠡᠭᠦᠯᠦᠶ᠎ᠡ᠃ ᠠᠷᠠᠳ ᠤᠨ ᠬᠤᠭᠤᠷᠣᠨᠳᠣᠭᠢ ᠨᠥᠬᠦᠷᠯᠡᠯ ᠢ ᠪᠤᠶᠢᠵᠢᠭᠤᠯᠵᠤ᠂ ᠢᠷᠡᠬᠦ ᠵᠢᠯ ᠤᠨ ᠳᠤᠮᠳᠠᠳᠤ

ᠸᠢᠶᠧᠳ᠋ᠨᠠᠮ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ ᠳᠤᠮᠳᠠᠳᠤ ᠸᠢᠶᠧᠲᠨᠠᠮ ᠤᠨ ᠰᠣᠶᠣᠯ

ᠢᠷᠭᠡᠨᠰᠢᠯ ᠤᠨ ᠰᠣᠯᠢᠯᠴᠠᠭᠠᠨ ᠤ ᠣᠨ ᠤ ᠠᠵᠠ ᠲᠣᠭᠢᠶᠠᠯ ᠢ ᠰᠠᠶᠢᠲᠤᠷ ᠠᠰᠢᠭᠯᠠᠵᠤ᠂ ᠤᠯᠠᠮᠵᠢᠯᠠᠯᠲᠤ ᠨᠥᠬᠦᠷᠯᠡᠯ ᠤᠨ

ᠬᠥᠮᠦᠵᠢᠯ ᠪᠣᠯᠣᠨ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠬᠤᠶᠠᠷ ᠤᠯᠤᠰ ᠤᠨ

ᠬᠠᠷᠢᠯᠴᠠᠭᠠᠨ ᠤ ᠠᠯᠤᠰ ᠭᠡᠳᠤ ᠶᠢᠨ ᠬᠥᠭᠵᠢᠯᠲᠡ ᠳᠤ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠭᠡᠵᠦ

ᠴᠢᠬᠤᠯᠠᠴᠢᠯᠠᠵᠠᠢ᠃

      ᠰᠢ ᠶᠢᠨ ᠫᠢᠩ᠂ ᠡᠨᠡ ᠵᠢᠯ ᠤᠨ 7 ᠰᠠᠷ᠎ᠠ ᠳᠤ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ

ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠲᠠ ᠬᠤᠷᠠᠯ ᠠᠴᠠ

ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠵᠠᠢ᠃ ᠳᠤᠮᠳᠠᠳᠤ ᠤᠯᠤᠰ

ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ

ᠭᠠᠳᠠᠭᠠᠳᠤ ᠨᠡᠭᠡᠭᠡᠯᠲᠡ ᠶᠢ ᠠᠬᠢᠭᠤᠯᠬᠤ ᠨᠢ ᠲᠤᠰ ᠪᠡᠶ᠎ᠡ ᠶᠢᠨ ᠬᠥᠭᠵᠢᠯᠲᠡ ᠳᠡᠭᠡᠨ ᠥᠷᠭᠡᠨ ᠠᠭᠤᠳᠠᠮ ᠠᠯᠤᠰ

ᠢᠷᠡᠭᠡᠳᠦᠢ ᠶᠢ ᠨᠡᠭᠡᠭᠡᠬᠦ ᠪᠠᠷ ᠪᠠᠷᠠᠬᠤ ᠦᠭᠡᠢ ᠪᠠᠰᠠ ᠸᠢᠶᠧᠲᠨᠠᠮ ᠵᠢᠴᠢ ᠳᠡᠯᠡᠬᠡᠢ ᠶᠢᠨ ᠡᠯ᠎ᠡ ᠤᠯᠤᠰ ᠤᠨ

ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ᠂ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠳᠤᠮᠳᠠᠳᠤ

ᠤᠯᠤᠰ ᠳᠤᠷᠠᠲᠠᠶ᠎ᠠ ᠸᠢᠶᠧᠲᠨᠠᠮ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠷ ᠬᠤᠯᠪᠣᠯᠴᠠᠨ

ᠥᠭᠡᠷᠡᠴᠢᠯᠡᠯᠲᠡ ᠶᠢᠨ ᠵᠠᠮ ᠳᠡᠭᠡᠷᠡᠬᠢ ᠬᠠᠮᠲᠤ ᠠᠶᠠᠯᠠᠭᠴᠢ᠂ ᠣᠳᠣᠬᠢᠴᠢᠯᠠᠯᠲᠠ ᠶᠢᠨ ᠵᠠᠮ ᠳᠡᠭᠡᠷᠡᠬᠢ ᠰᠠᠶᠢᠨ ᠬᠠᠨᠢᠲᠠᠨ

ᠪᠣᠯᠣᠯᠴᠠᠨ᠎ᠠ᠃ ᠶᠡᠷᠦᠩᠬᠡᠢ ᠱᠦᠵᠢ ᠰᠦᠯᠢᠨ ᠢᠶᠠᠷ ᠲᠣᠯᠣᠭᠠᠶᠢᠯᠠᠭᠤᠯᠤᠭᠰᠠᠨ ᠸᠢᠶᠧᠲᠨᠠᠮ ᠤᠨ ᠡᠪ ᠬᠠᠮᠲᠤ ᠨᠠᠮ ᠤᠨ

ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠸᠢᠶᠧᠲᠨᠠᠮ ᠤᠨ ᠪᠦᠭᠦ ᠨᠠᠮ ᠪᠦᠭᠦ ᠴᠡᠷᠢᠭ ᠪᠦᠭᠦ ᠠᠷᠠᠳ ᠲᠦᠮᠡᠨ

ᠸᠢᠶᠧᠳ᠋ᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ

ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠨᠠᠮ ᠪᠠᠶᠢᠭᠤᠯᠤᠭᠰᠠᠨ ᠤᠯᠤᠰ ᠪᠠᠶᠢᠭᠤᠯᠤᠭᠰᠠᠨ ᠵᠠᠭᠤᠨ ᠵᠢᠯ ᠤᠨ

ᠲᠡᠮᠡᠴᠡᠬᠦ ᠬᠠᠷᠠᠯᠲᠠ ᠲᠡᠶᠢᠰᠢ ᠪᠠᠨ ᠯᠠᠪᠳᠠᠭᠤᠨ ᠢᠶᠠᠷ ᠤᠷᠤᠭᠰᠢᠯᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃

2.jpg

      ᠯᠢᠶᠠᠩ ᠴᠢᠶᠠᠩ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ᠂

ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ

ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ

ᠣᠯᠣᠭᠰᠠᠨ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ

ᠤᠯᠤᠰ ᠯᠠᠪᠲᠠᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ

ᠪᠡᠶᠡᠯᠡᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ᠂ ᠲᠣᠭᠲᠠᠭᠤᠨ ᠪᠠ ᠬᠥᠭᠵᠢᠯ ᠴᠡᠴᠡᠭᠯᠡᠯ ᠳᠤ

ᠨᠠᠩ ᠶᠡᠭᠡ ᠬᠤᠪᠢ ᠨᠡᠮᠡᠷᠢ ᠦᠵᠡᠭᠦᠯᠭᠦ ᠶᠢ ᠸᠢᠶᠧᠲᠨᠠᠮ ᠤᠨ ᠬᠢᠨ ᠪᠠᠲᠤ ᠢᠲᠡᠭᠡᠵᠦ ᠪᠠᠶᠢᠨ᠎ᠠ᠃ ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ

ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠦᠢᠯᠡᠰ ᠲᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ᠂

ᠸᠢᠶᠧᠲᠨᠠᠮ ᠵᠡᠷᠭᠡ ᠨᠡᠶᠢᠭᠡᠮ ᠵᠢᠷᠤᠮᠲᠤ ᠤᠯᠤᠰ ᠵᠢᠴᠢ ᠳᠡᠯᠡᠬᠡᠢ ᠨᠡᠶᠢᠭᠡᠮ ᠳᠤ ᠴᠦ ᠴᠢᠬᠤᠯᠠ ᠶᠡᠭᠡ ᠦᠨ᠎ᠡ

ᠦᠷᠳᠡᠭ ᠲᠠᠢ ᠶᠤᠮ᠃ ᠸᠢᠶᠧᠲᠨᠠᠮ ᠳᠤᠮᠳᠠᠳᠤ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠡᠶᠢᠭᠡᠮ ᠵᠢᠷᠤᠮᠲᠤ

ᠬᠥᠷᠰᠢ ᠤᠯᠤᠰ ᠮᠥᠨ᠂ ᠸᠢᠶᠧᠲᠨᠠᠮ ᠤᠨ ᠦᠨᠳᠦᠰᠦᠲᠡᠨ ᠤ ᠲᠤᠰᠠᠭᠠᠷ ᠲᠣᠭᠲᠠᠨᠢᠯ ᠴᠢᠯᠦᠭᠡᠯᠡᠯᠲᠡ ᠶᠢᠨ ᠴᠠᠭ ᠦᠶ᠎ᠡ

ᠪᠣᠯᠣᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤᠮᠳᠠ ᠳᠤᠮᠳᠠᠳᠤ ᠤᠯᠤᠰ ᠠᠴᠠ

ᠸᠢᠶᠧᠲᠨᠠᠮ ᠳᠤ ᠬᠠᠩᠭᠠᠭᠰᠠᠨ ᠡᠷᠬᠢᠮ ᠨᠠᠨᠳᠢᠨ ᠳᠡᠮᠵᠢᠯᠭᠡ ᠶᠢ ᠸᠢᠶᠧᠲᠨᠠᠮ ᠤᠨ ᠬᠢᠨ ᠲᠦᠢᠯ ᠢᠶᠠᠷ ᠨᠠᠨᠳᠢᠩᠨᠠᠵᠤ᠂

ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠢᠮᠠᠭᠲᠠ ᠸᠢᠶᠧᠲᠨᠠᠮ ᠤᠨ ᠶᠡᠷᠦᠩᠬᠡᠢ ᠭᠠᠳᠠᠭᠠᠳᠤ

ᠬᠠᠷᠢᠯᠴᠠᠭᠠᠨ ᠤ ᠪᠤᠰᠤᠳᠴᠢ ᠬᠡᠷᠡᠭᠴᠡᠭᠡ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ

ᠵᠦᠢᠯ ᠪᠣᠯᠭᠠᠭᠰᠠᠭᠠᠷ ᠢᠷᠡᠵᠠᠢ᠃ ᠣᠳᠣᠬᠠᠨ ᠳᠤ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ

ᠴᠢᠩᠭ᠎ᠠ ᠬᠦᠴᠦᠲᠡᠢ ᠪᠠᠶᠢᠨ᠎ᠠ᠂ ᠸᠢᠶᠧᠲᠨᠠᠮ ᠦᠷᠭᠦᠯᠵᠢᠯᠡᠨ ᠳᠤᠮᠳᠠᠳᠤ ᠤᠯᠤᠰ ᠲᠠᠢ ᠬᠠᠮᠲᠤ ᠪᠠᠷ ᠣᠶᠢᠷ᠎ᠠ ᠶᠢᠨ

ᠵᠢᠯ ᠤᠨ ᠲᠤᠷᠰᠢᠬᠢ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠰ ᠤᠨ

ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠨᠠᠮ ᠬᠤᠶᠠᠷ

ᠤᠯᠤᠰ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠶᠠᠪᠤᠯᠴᠠᠭ᠎ᠠ

ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠵᠥᠷᠢᠯᠳᠦᠭᠡᠨ ᠢ ᠨᠡᠩ ᠰᠠᠶᠢᠲᠤᠷ ᠬᠠᠮᠢᠶᠠᠷᠤᠨ

ᠰᠢᠢᠳᠪᠦᠷᠢᠯᠡᠵᠦ᠂ ︽ᠨᠥᠬᠦᠷ ᠪᠥᠭᠡᠳ ᠠᠬ᠎ᠠ ᠳᠡᠭᠦᠦ︾ ᠶᠢᠨ ᠵᠣᠷᠢᠭ ᠰᠠᠨᠠᠭ᠎ᠠ ᠶᠢ ᠪᠠᠬᠢᠵᠢᠭᠦᠯᠦᠨ

ᠭᠦᠨᠵᠡᠭᠡᠶᠢᠷᠡᠭᠦᠯᠵᠦ᠂ ᠸᠢᠶᠧᠲᠨᠠᠮ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ

ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠣᠨ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ

ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠣᠯᠬᠤ ᠶᠢ ᠠᠬᠢᠭᠤᠯᠤᠨ᠎ᠠ

ᠭᠡᠵᠦ ᠢᠯᠡᠳᠬᠡᠪᠡ᠃

      ᠼᠠᠢ ᠴᠢ᠂ ᠸᠠᠩ ᠢ ᠠᠭᠤᠯᠵᠠᠯᠲᠠ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map