ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠨᠠᠷ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠵᠢᠭᠠᠨ ᠰᠤᠷᠭᠠᠯᠲᠠ ᠪᠣᠯᠤᠨ ᠪᠣᠯᠪᠠᠰᠤᠷᠠᠯ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠳᠤ ᠰᠢᠯᠢᠳᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2024/10/16
      ᠣᠶᠢᠷ᠎ᠠ ᠳᠤ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠠᠴᠠ ᠭᠤᠣᠯᠯᠠᠨ ᠡᠷᠬᠢᠯᠡᠵᠦ᠂ ᠬᠤᠸᠠᠨᠠᠨ ᠪᠠᠶᠢᠭᠠᠯᠢ ᠲᠧᠭᠨᠢᠭ ᠤᠨ ᠶᠡᠭᠡ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠵᠢᠭᠠᠨ ᠰᠤᠷᠭᠠᠯᠲᠠ ᠪᠣᠯᠤᠨ ᠪᠣᠯᠪᠠᠰᠤᠷᠠᠯ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠶᠢ ᠭᠤᠸᠠᠩᠵᠧᠦ ᠳᠤ ᠶᠠᠪᠤᠭᠳᠠᠭᠤᠯᠪᠠ᠃ ᠡᠨᠡ ᠤᠳᠠᠭᠠᠨ ᠤ ᠠᠵᠢᠯᠯᠠᠭ᠎ᠠ ᠪᠣᠯ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠤᠷ᠎ᠠ ᠴᠢᠳᠠᠪᠤᠷᠢ  ᠶᠢᠨ ᠦᠵᠡᠭᠦᠯᠭᠡ ᠶᠢᠨ ᠠᠵᠢᠯᠯᠠᠭ᠎ᠠ ᠶᠢᠨ ᠳᠣᠲᠤᠷᠠᠬᠢ ᠬᠠᠮᠤᠭ ᠤᠨ ᠳᠡᠭᠡᠳᠦ ᠳᠡᠰ ᠤᠨ ᠤᠷᠤᠯᠳᠤᠭᠠᠨ ᠮᠥᠨ᠂ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠵᠡᠷᠭᠡ 103 ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠪᠡᠶ᠎ᠡ ᠶᠢᠨ ᠲᠠᠮᠢᠷ ᠤᠨ ᠪᠠᠭᠰᠢ ᠡᠨᠡ ᠤᠳᠠᠭᠠᠨ ᠤ ᠤᠷᠤᠯᠳᠤᠭᠠᠨ ᠳᠤ           ᠣᠷᠣᠯᠴᠠᠵᠠᠢ᠃ ᠮᠠᠨ ᠤ ᠣᠷᠣᠨ ᠠᠴᠠ ᠲᠣᠮᠢᠯᠠᠭᠰᠠᠨ 8 ᠪᠠᠭᠰᠢ ᠲᠤᠰ ᠬᠤᠭᠤᠴᠠᠭᠠᠨ ᠤ ᠠᠵᠢᠯᠯᠠᠭ᠎ᠠ ᠳᠤ ᠴᠥᠮ ᠱᠠᠩᠨᠠᠯ ᠬᠦᠷᠲᠡᠪᠡ᠃

1.webp.png

      ᠡᠨᠡ ᠤᠳᠠᠭᠠᠨ ᠤ ᠦᠵᠡᠭᠦᠯᠭᠡ ᠶᠢᠨ ᠠᠵᠢᠯᠯᠠᠭ᠎ᠠ ᠶᠢ ᠵᠠᠯᠠᠭᠤᠴᠤᠳ ᠤᠨ ᠳᠤᠭᠤᠶᠢᠯᠠᠩ ᠪᠠ ᠢᠳᠡᠷ ᠨᠠᠰᠤᠨ ᠤ

ᠳᠤᠭᠤᠶᠢᠯᠠᠩ ᠬᠤᠪᠢᠶᠠᠵᠤ᠂ ᠰᠦᠯᠵᠢᠶᠡᠨ ᠳᠤ ᠬᠢᠨᠠᠨ ᠲᠣᠭᠲᠠᠭᠠᠬᠤ ᠪᠠ ᠠᠬᠤᠢ ᠲᠠᠯᠠᠪᠠᠢ ᠳᠤ ᠰᠣᠷᠢᠯᠲᠠ ᠬᠢᠬᠦ

ᠬᠤᠶᠠᠷ ᠭᠤᠭᠴᠤᠭ᠎ᠠ ᠭᠠᠷᠭᠠᠵᠤ᠂ ᠰᠦᠯᠵᠢᠶᠡᠨ ᠳᠤ ᠬᠢᠨᠠᠨ ᠲᠣᠭᠲᠠᠭᠠᠬᠤ ᠲᠥᠷᠥᠯ ᠵᠦᠢᠯ ᠨᠢ ᠵᠢᠭᠠᠨ ᠰᠤᠷᠭᠠᠯᠲᠠ ᠶᠢᠨ

︵ᠵᠢᠯᠣᠭᠤᠳᠬᠤ︶ ᠲᠥᠯᠥᠪᠯᠡᠭᠡ ᠪᠠ ᠵᠢᠭᠠᠨ ᠰᠤᠷᠭᠠᠯᠲᠠ ᠶᠢᠨ ︵ᠵᠢᠯᠣᠭᠤᠳᠬᠤ︶ ᠦᠢᠯᠡᠳᠦᠯᠭᠡ ᠪᠣᠯᠤᠨ᠎ᠠ᠃ ᠡᠭᠦᠨ ᠳᠤ᠂

ᠤᠷ᠎ᠠ ᠴᠢᠳᠠᠪᠤᠷᠢ ᠶᠢᠨ ᠰᠣᠷᠢᠯᠲᠠ ᠶᠢ ᠠᠯᠠᠭᠠᠳᠠᠬᠤ ᠪᠥᠮᠪᠦᠭᠡ᠂ ᠥᠳᠥᠨ ᠪᠥᠮᠪᠦᠭᠡ ᠪᠠ ᠪᠡᠶ᠎ᠡ ᠶᠢᠨ ᠲᠠᠮᠢᠷ

ᠪᠥᠵᠢᠭ ᠤᠨ ᠲᠥᠷᠥᠯ ᠭᠡᠵᠦ ᠭᠤᠷᠪᠠᠨ ᠲᠥᠷᠥᠯ ᠬᠤᠪᠢᠶᠠᠪᠠ᠃

      8 ᠪᠠᠭᠰᠢ ᠲᠣᠪᠤᠶᠢᠮ᠎ᠠ ᠵᠢᠭᠠᠨ ᠰᠤᠷᠭᠠᠯᠲᠠ ᠶᠢᠨ ᠲᠥᠯᠥᠪᠯᠡᠭᠡ᠂ ᠪᠣᠯᠪᠠᠰᠤᠷᠠᠭᠳᠠᠭᠰᠠᠨ ᠪᠡᠶ᠎ᠡ ᠮᠠᠬᠠᠪᠣᠳ ᠤᠨ

ᠬᠡᠪ ᠴᠢᠨᠠᠷ ᠪᠠ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠳᠤ ᠪᠠᠨ ᠲᠦᠰᠢᠭᠯᠡᠨ᠂ ᠰᠢᠷᠦᠭᠦᠨ

ᠮᠥᠷᠦᠶᠢᠴᠡᠭᠡᠨ ᠢᠶᠠᠷ ᠳᠠᠮᠵᠢᠨ᠂ ᠨᠢᠭᠡᠳᠦᠭᠡᠷ ᠳᠡᠰ ᠤᠨ ᠱᠠᠩᠨᠠᠯ ᠭᠤᠷᠪᠠ᠂ ᠬᠤᠶᠠᠳᠤᠭᠠᠷ ᠳᠡᠰ ᠤᠨ ᠱᠠᠩᠨᠠᠯ ᠬᠤᠶᠠᠷ᠂

ᠭᠤᠷᠪᠠᠳᠤᠭᠠᠷ ᠳᠡᠰ ᠤᠨ ᠱᠠᠩᠨᠠᠯ ᠭᠤᠷᠪᠠ ᠶᠢ ᠭᠦᠷᠲᠡᠨ᠂ ᠮᠠᠨ ᠤ ᠣᠷᠣᠨ ᠣᠷᠢᠳᠤ ᠡᠮᠦᠨ᠎ᠡ ᠭᠠᠷᠤᠭ᠎ᠠ ᠦᠭᠡᠢ ᠰᠠᠶᠢᠨ

ᠬᠢᠷᠢ ᠪᠦᠲᠦᠮᠵᠢ ᠣᠯᠵᠤ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ

ᠵᠣᠷᠢᠭᠲᠠᠢ ᠤᠷᠤᠭᠰᠢᠯᠠᠨ ᠳᠠᠪᠰᠢᠬᠤ᠂ ᠰᠢᠷᠭᠠᠭᠤ ᠬᠠᠲᠠᠭᠤᠵᠢᠯᠲᠠᠢ ᠲᠡᠮᠡᠴᠡᠬᠦ ᠣᠶᠤᠨ ᠰᠠᠨᠠᠭᠠᠨ ᠤ ᠳᠦᠷᠰᠦ

ᠪᠠᠶᠢᠳᠠᠯ ᠢ ᠭᠦᠢᠴᠡᠳ ᠪᠠᠳᠠᠷᠠᠭᠤᠯᠤᠨ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ

ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠷᠠᠭᠤᠯᠪᠠ᠃

 

2.webp.png

  

            ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ  ᠰᠦᠨ ᠶᠣᠣ ᠯᠠᠨ

3.webp.png

            ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ  ᠴᠧᠨ ᠵᠦᠩ ᠬᠤᠸᠠ

4.webp.png

            ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠢᠯᠡᠰ ᠴᠣᠭᠴᠠᠯᠠᠬᠤ ᠳᠡᠭᠡᠳᠦ

            ᠰᠤᠷᠭᠠᠭᠤᠯᠢ  ᠯᠠᠨ ᠾᠦᠢ ᠵᠢᠶᠧ

      ᠣᠶᠢᠷ᠎ᠠ ᠶᠢᠨ ᠵᠢᠯ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠢᠨ ᠪᠡᠶ᠎ᠡ ᠶᠢᠨ ᠲᠠᠮᠢᠷ ᠤᠨ

ᠠᠵᠢᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ

ᠡᠭᠦᠳᠬᠦ ᠪᠠ ᠪᠡᠶ᠎ᠡ ᠶᠢᠨ ᠲᠠᠮᠢᠷ ᠤᠨ ᠦᠨᠡᠯᠡᠯᠲᠡ ᠶᠢᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠮᠠᠰᠢ

ᠰᠠᠶᠢᠨ ᠦᠷ᠎ᠡ ᠪᠦᠲᠦᠮᠵᠢ ᠣᠯᠪᠠ᠃ ᠳᠠᠷᠠᠭ᠎ᠠ ᠠᠯᠬᠤᠮ ᠳᠤ᠂ ᠮᠠᠨ ᠤ ᠣᠷᠣᠨ ᠶᠣᠰᠣ ᠰᠤᠷᠲᠠᠬᠤᠨ ᠢ ᠪᠣᠢ ᠪᠣᠯᠭᠠᠵᠤ

ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ

ᠵᠢᠯᠣᠭᠤᠳᠣᠯᠭ᠎ᠠ ᠪᠣᠯᠭᠠᠵᠤ᠂ ᠰᠤᠷᠤᠭᠴᠢᠳ ᠤᠨ ᠪᠡᠶ᠎ᠡ ᠮᠠᠬᠠᠪᠣᠳ ᠢ ᠪᠣᠯᠪᠠᠰᠤᠷᠠᠭᠤᠯᠬᠤ ᠲᠥᠯᠥᠪᠯᠡᠭᠡ ᠠᠴᠠ ᠭᠠᠷᠳᠠᠵᠤ᠂

ᠪᠦᠲᠦᠮᠵᠢᠲᠡᠢ ᠲᠤᠷᠰᠢᠯᠭ᠎ᠠ ᠶᠢ ᠰᠦᠪᠡᠭᠴᠢᠯᠡᠨ᠂ ᠰᠢᠨ᠎ᠡ ᠴᠠᠭ ᠦᠶ᠎ᠡ  ᠶᠢᠨ ᠥᠨᠳᠥᠷ ᠬᠡᠪ ᠪᠣᠯᠪᠠᠰᠤᠷᠠᠯ ᠲᠠᠢ᠂

ᠲᠤᠰᠬᠠᠶᠢᠵᠢᠭᠰᠠᠨ᠂ ᠰᠢᠨ᠎ᠡ ᠶᠢ ᠡᠭᠦᠳᠬᠦ ᠬᠡᠯᠪᠡᠷᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡᠨ ᠤ

ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠣᠷᠣᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ

ᠬᠥᠭᠵᠢᠭᠦᠯᠦᠯᠲᠡ ᠶᠢ ᠶᠡᠭᠡ ᠪᠠᠷ ᠠᠬᠢᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠡᠶ᠎ᠡ  ᠶᠢᠨ ᠲᠠᠮᠢᠷ ᠤᠨ

ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ᠃

   

5.webp.png

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map