ᠮᠠᠨ ᠤ ᠣᠷᠣᠨ ᠬᠢᠮᠡᠯ ᠣᠶᠤᠨ ᠤ ᠴᠢᠬᠤᠯᠠ ᠰᠤᠷᠭᠠᠨ ᠬᠥᠮᠦᠵᠢᠯ ᠪᠠ ᠡᠷᠳᠡᠮ ᠰᠢᠨᠵᠢᠯᠡᠭᠡᠨ ᠤ ᠪᠠᠶᠢᠭᠤᠯᠤᠮᠵᠢ 5 ᠶᠢ ᠪᠠᠶᠢᠭᠤᠯᠪᠠ
ᠨᠡᠶᠢᠲᠡᠯᠡᠭᠰᠡᠨ ᠴᠠᠭ᠄
2024/10/17
      10 ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠷᠡᠭᠡᠳᠦᠢ ᠶᠢᠨ ᠬᠢᠮᠡᠯ ᠣᠶᠤᠨ ᠤ ᠰᠤᠳᠤᠯᠭᠠᠨ ᠤ ᠬᠦᠷᠢᠶᠡᠯᠡᠩ ᠢ ᠪᠠᠶᠢᠭᠤᠯᠬᠤ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠢᠮᠡᠯ ᠣᠶᠤᠨ ᠤ ᠡᠷᠳᠡᠮ ᠰᠢᠨᠵᠢᠯᠡᠭᠡᠨ ᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠷᠡᠭᠡᠳᠦᠢ ᠶᠢᠨ ᠬᠢᠮᠡᠯ ᠣᠶᠤᠨ ᠤ ᠰᠤᠳᠤᠯᠭᠠᠨ ᠤ ᠬᠦᠷᠢᠶᠡᠯᠡᠩ ᠫᠠᠶᠢᠰᠠ ᠰᠡᠬᠦᠵᠦ ᠪᠠᠶᠢᠭᠤᠯᠤᠭᠳᠠᠪᠠ᠃ ᠡᠭᠦᠨ ᠤ ᠬᠠᠮᠲᠤ᠂ ᠳᠤᠮᠳᠠᠳᠤ ᠤᠯᠤᠰ ᠤᠨ ᠬᠢᠮᠡᠯ ᠣᠶᠤᠨ ᠤ ᠨᠡᠶᠢᠭᠡᠮᠯᠢᠭ ᠤᠨ ᠥᠪᠥᠷ ᠮᠣᠩᠭᠤᠯ ᠳᠠᠬᠢ ᠬᠤᠪᠢᠶᠠᠷᠢ ᠬᠡᠯᠲᠡᠰ᠂ ᠳᠤᠮᠳᠠᠳᠤ ᠤᠯᠤᠰ ᠤᠨ ᠬᠢᠮᠡᠯ ᠣᠶᠤᠨ ᠤ ᠨᠡᠶᠢᠭᠡᠮᠯᠢᠭ ᠤᠨ ᠵᠠᠯᠠᠭᠤ ᠰᠢᠨᠵᠢᠯᠡᠬᠦ ᠤᠬᠠᠭᠠᠨᠲᠠᠨ ᠤ ᠺᠯᠦ᠋ᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠡᠯ ᠣᠶᠤᠨ ᠤ ᠨᠡᠶᠢᠭᠡᠮᠯᠢᠭ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠢᠷᠡᠭᠡᠳᠦᠢ ᠶᠢᠨ ᠰᠢᠨᠵᠢᠯᠡᠬᠦ ᠤᠬᠠᠭᠠᠨ ᠪᠣᠯᠤᠨ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠫᠠᠶᠢᠰᠠ ᠰᠡᠬᠦᠵᠦ᠂ ᠡᠳᠡᠭᠡᠷ ᠰᠢᠨ᠎ᠡ ᠪᠠᠶᠢᠭᠤᠯᠤᠮᠵᠢ ᠪᠠᠶᠢᠭᠤᠯᠤᠭᠳᠠᠭᠰᠠᠨ ᠨᠢ ᠮᠠᠨ ᠤ ᠣᠷᠣᠨ ᠤ ᠢᠷᠡᠭᠡᠳᠦᠢ ᠶᠢᠨ ᠬᠢᠮᠡᠯ ᠣᠶᠤᠨ ᠤ ᠠᠵᠤ ᠦᠢᠯᠡᠰ ᠤᠨ ᠬᠥᠭᠵᠢᠯᠲᠡ ᠵᠢᠴᠢ ᠴᠢᠳᠠᠪᠤᠷᠢᠲᠠᠨ ᠢ ᠬᠥᠮᠦᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠭᠤᠣᠯ ᠵᠣᠷᠢᠯᠲᠠᠲᠤ ᠮᠡᠳᠡᠭᠦᠯᠦᠯᠲᠡ ᠶᠢᠨ ᠭᠤᠭᠴᠤᠭ᠎ᠠ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠲᠦᠩ ᠵᠢᠢ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠬᠢᠷᠤᠯ ᠵᠧᠩ ᠴᠢᠩ ᠬᠤᠸᠠ ᠫᠷᠤᠹᠧᠰᠰᠤᠷ ︽ᠬᠢᠮᠡᠯ ᠣᠶᠤᠨ ᠰᠤᠷᠭᠠᠨ ᠬᠥᠮᠦᠵᠢᠯ ᠤᠨ ᠲᠣᠭᠠᠵᠢᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠ ᠰᠢᠨ᠎ᠡ ᠶᠢ ᠡᠭᠦᠳᠬᠦ ᠳᠤ ᠡᠨᠧᠷᠭᠢ ᠣᠯᠭᠤᠬᠤ︾ ᠭᠡᠬᠦ ᠭᠤᠣᠯ ᠵᠣᠷᠢᠯᠲᠠᠲᠤ ᠮᠡᠳᠡᠭᠦᠯᠦᠯᠲᠡ︔ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠰᠢ ᠠᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠤᠹᠧᠰᠰᠤᠷ ᠰᠢᠦᠢ ᠽᠦᠩ ᠪᠧᠨ ︽ᠬᠢᠮᠡᠯ ᠣᠶᠤᠨ ᠪᠠ ᠲᠣᠭᠠᠨ ᠤ ᠤᠬᠠᠭᠠᠨ ᠢ ᠠᠭᠤᠰᠬᠠᠨ ᠤᠷᠤᠭᠰᠢᠯᠠᠨ ᠳᠠᠪᠰᠢᠬᠤ ᠴᠠᠭ ᠦᠶ᠎ᠡ︾ ᠭᠡᠬᠦ ᠭᠤᠣᠯ ᠵᠣᠷᠢᠯᠲᠠᠲᠤ ᠮᠡᠳᠡᠭᠦᠯᠦᠯᠲᠡ ᠬᠢᠪᠡ᠃ ᠬᠤᠷᠠᠯ ᠤᠨ ᠬᠤᠭᠤᠴᠠᠭᠠᠨ ᠳᠤ ᠪᠠᠰᠠ ᠬᠤᠯᠪᠤᠭᠳᠠᠬᠤ ᠭᠤᠣᠯ ᠰᠡᠳᠦᠪᠲᠦ ᠮᠡᠳᠡᠭᠦᠯᠦᠯᠲᠡ ᠪᠠ ᠬᠢᠮᠡᠯ ᠣᠶᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠣᠭᠤᠮᠲᠠ ᠰᠢᠪᠲᠤᠯᠤᠯᠲᠠ︾ ᠶᠢᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠢᠮᠡᠯ ᠣᠶᠤᠨ ᠤ ᠬᠦᠷᠢᠶᠡᠨ ᠳᠠᠬᠢ ᠤᠯᠤᠰ ᠤᠨ ᠳᠣᠲᠣᠭᠠᠳᠤ ᠭᠠᠳᠠᠭᠠᠳᠤ ᠶᠢᠨ ᠣᠷᠦ᠋ᠢᠯᠠᠭᠰᠠᠨ ᠲᠤᠰᠬᠠᠢ ᠮᠡᠷᠭᠡᠵᠢᠯᠲᠡᠨ ᠡᠷᠳᠡᠮᠲᠡᠨ᠂ ᠠᠵᠢᠯ ᠲᠥᠷᠥᠯ ᠤᠨ ᠳᠠᠭᠠᠭᠤᠯᠤᠭᠴᠢ ᠵᠢᠴᠢ ᠠᠵᠤ ᠠᠬᠤᠶᠢᠯᠠᠯᠲᠠᠨ 30 ᠭᠠᠷᠤᠢ ᠬᠥᠮᠦᠨ ᠣᠷᠣᠯᠴᠠᠵᠤ᠂ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠨᠢᠭᠲᠠ ᠠᠵᠢᠭᠯᠠᠵᠤ ᠭᠦᠨᠵᠡᠭᠡᠢ ᠬᠤᠪᠢᠶᠠᠯᠴᠠᠪᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠤᠨ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠳᠠᠬᠢ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠢᠶᠧ ᠲᠠ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ᠂ ᠬᠤᠸᠠ ᠸᠧᠢ᠂ ᠵᠥᠩ ᠰᠢᠩ ᠵᠡᠷᠭᠡ 8 ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠣᠯᠠᠨ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃      ᠰᠢᠨ᠎ᠡ ᠨᠢᠭᠡ ᠦᠶ᠎ᠡ ᠶᠢᠨ ᠬᠢᠮᠡᠯ ᠤᠶᠤᠨ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠠᠪᠠᠯᠳᠠᠳᠤ ᠬᠥᠭᠵᠢᠯᠲᠡ᠂ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ᠂ ᠦᠢᠯᠡᠳᠪᠦᠷᠢᠯᠡᠯ ᠤᠨ ᠬᠦᠴᠦᠨ ᠢ           ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠣᠯᠤᠨ᠎ᠠ᠃ ᠨᠡᠩ ᠥᠨᠳᠥᠷ ᠵᠣᠭᠰᠣᠴᠠ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠣᠭᠠᠵᠢᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠦᠨ ᠠᠬᠢᠭᠤᠯᠵᠤ᠂ ᠬᠢᠮᠡᠯ ᠣᠶᠤᠨ ᠢ ᠵᠡᠷᠭᠡ ᠪᠠᠷ ᠠᠳᠬᠤᠵᠤ ᠶᠡᠭᠡ ᠪᠠᠷ ᠠᠳᠬᠤᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠬᠦᠴᠦᠷᠬᠡᠭ ᠶᠡᠭᠡ ᠬᠠᠮ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ  ᠤᠨ ᠪᠠᠭᠰᠢ ᠶᠢᠨ ᠶᠡᠭᠡ ᠰᠤᠷᠭᠠᠭᠤᠯᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠡᠯ ᠣᠶᠤᠨ ᠤ ᠨᠡᠶᠢᠭᠡᠮᠯᠢᠭ ᠲᠠᠢ ᠬᠠᠮᠲᠤᠷᠠᠨ ᠡᠨᠡ ᠤᠳᠠᠭᠠᠨ ᠤ ᠬᠤᠷᠠᠯ ᠢ ᠡᠷᠬᠢᠯᠡᠪᠡ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢ ᠱᠣ᠋ ᠯᠢᠨ᠄ ︽ᠮᠠᠨ ᠤ ᠰᠤᠷᠭᠠᠭᠤᠯᠢ ᠡᠭᠦᠨ ᠢᠶᠠᠷ ᠠᠵᠠ ᠲᠣᠬᠢᠶᠠᠯ ᠪᠣᠯᠭᠠᠵᠤ᠂ ᠣᠨᠴᠠᠯᠢᠭ ᠢᠯᠡ ᠲᠣᠳᠣ ᠰᠢᠨ᠎ᠡ ᠨᠢᠭᠡ ᠦᠶ᠎ᠡ ᠶᠢᠨ ᠬᠢᠮᠡᠯ ᠣᠶᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠣᠭᠲᠠᠯᠴᠠᠭ᠎ᠠ ᠶᠢ ᠢᠳᠡᠪᠬᠢᠲᠡᠢ ᠰᠦᠪᠡᠭᠴᠢᠯᠡᠵᠦ᠂ ︿ᠬᠢᠮᠡᠯ ᠣᠶᠤᠨ + ᠰᠤᠷᠭᠠᠨ ᠬᠥᠮᠦᠵᠢᠯ᠂ ᠠᠮᠢ ᠠᠬᠤᠢ᠂ ᠠᠮᠤᠷ ᠲᠦᠪᠰᠢᠨ᠂ ᠡᠨᠧᠷᠭᠢ﹀ ᠶᠢᠨ ᠦᠢᠯᠡᠳᠪᠦᠷᠢᠯᠡᠵᠦ ᠰᠤᠷᠤᠯᠴᠠᠵᠤ ᠰᠣᠳᠤᠯᠵᠤ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠰᠢᠨ᠎ᠡ ᠶᠢ ᠡᠭᠦᠳᠦᠨ ᠬᠥᠭᠵᠢᠭᠦᠯᠬᠦ ᠵᠠᠭᠪᠤᠷ ᠢ ᠪᠠᠶᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠰᠢᠨ᠎ᠡ ᠥᠨᠳᠦᠷᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠯᠤᠮᠲᠠ᠂ ᠳᠡᠭᠡᠳᠦ ᠳᠡᠰ ᠤᠨ ᠴᠢᠳᠠᠪᠤᠷᠢᠲᠠᠨ ᠢ ᠲᠥᠪᠯᠡᠷᠡᠭᠦᠯᠬᠦ ᠭᠠᠵᠠᠷ ᠢ ᠪᠠᠶᠢᠭᠤᠯᠤᠨ᠂ ᠬᠢᠮᠡᠯ ᠣᠶᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ﹀ ᠭᠡᠪᠡ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map