ᠪᠦᠬᠦ ᠣᠷᠣᠨ ᠤ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠠᠬᠤ ᠶᠢ ᠰᠤᠳᠤᠯᠤᠭᠴᠢ ᠪᠣᠯᠤᠨ ᠭᠤᠣᠯᠯᠠᠭᠴᠢ ᠪᠠᠭᠰᠢ ᠶᠢᠨ ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠥᠨᠳᠦᠷᠯᠡᠪᠡ
ᠨᠡᠶᠢᠲᠡᠯᠡᠭᠰᠡᠨ ᠴᠠᠭ᠄
2024/10/17
      ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠴᠢᠶᠡᠯ ᠣᠷᠣᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠦᠭᠡ᠂ 2024 ᠣᠨ ᠤ 10 ᠳ᠋ᠤᠭᠠᠷ ᠰᠠᠷ᠎ᠠ ᠶᠢᠨ 12 - 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠠᠴᠠ ᠪᠦᠬᠦ ᠣᠷᠣᠨ ᠤ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠠᠬᠤ ᠶᠢ ᠰᠤᠳᠤᠯᠤᠭᠴᠢ ᠪᠠ ᠭᠤᠣᠯᠯᠠᠭᠴᠢ ᠪᠠᠭᠰᠢ ᠶᠢᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠪᠦᠬᠦ ᠣᠷᠣᠨ ᠤ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠠᠬᠤ ᠶᠢ ᠰᠤᠳᠤᠯᠤᠭᠴᠢ ᠪᠠ ᠭᠤᠣᠯᠯᠠᠭᠴᠢ ᠪᠠᠭᠰᠢ 151 ᠬᠥᠮᠦᠨ ᠪᠣᠯᠪᠠᠰᠤᠷᠠᠯ ᠳᠤ ᠣᠷᠣᠯᠴᠠᠪᠠ᠃

1.jpg

      ᠵᠧᠵᠢᠶᠠᠩ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠤᠨ ᠵᠢᠭᠠᠬᠤ ᠶᠢ ᠰᠤᠳᠤᠯᠬᠤ ᠲᠠᠰᠤᠭ ᠤᠨ

ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠠᠬᠤ ᠶᠢ

ᠰᠤᠳᠤᠯᠤᠭᠴᠢ ᠸᠧᠢ ᠰᠢᠶᠦ᠋ᠩ ᠶᠢᠩ ᠪᠠᠭᠰᠢ ︽ᠮᠡᠳᠡᠭᠡ ᠵᠠᠩᠭᠢ ᠶᠢᠨ ᠮᠡᠷᠭᠡᠵᠢᠯ ᠠᠴᠠ ᠮᠡᠳᠡᠭᠡ ᠵᠠᠩᠭᠢ ᠶᠢᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠄ ᠰᠢᠨᠵᠢᠯᠡᠬᠦ ᠤᠬᠠᠭᠠᠨ ᠪᠣᠯᠤᠨ ᠲᠧᠭᠨᠢᠭ ᠮᠡᠷᠭᠡᠵᠢᠯ ᠢ ᠵᠡᠷᠭᠡ ᠪᠠᠷ

ᠴᠢᠬᠤᠯᠠᠴᠢᠯᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠪᠡ᠃ ᠲᠠᠶᠢᠯᠤᠮᠵᠢ ᠨᠢ ᠮᠡᠳᠡᠭᠡ ᠵᠠᠩᠭᠢ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢᠨ ᠶᠠᠪᠤᠴᠠ ᠪᠣᠯᠤᠨ

ᠬᠢᠴᠢᠶᠡᠯ ᠤᠨ ᠪᠠᠷᠢᠮᠵᠢᠶ᠎ᠠ ᠶᠢ ᠬᠡᠷᠡᠭᠵᠢᠭᠦᠯᠬᠦ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠵᠡᠷᠭᠡ ᠣᠯᠠᠨ ᠲᠠᠯ᠎ᠠ ᠠᠴᠠ

ᠰᠤᠷᠤᠭᠴᠢᠳ ᠢ ᠬᠥᠲᠥᠯᠥᠨ ᠵᠢᠯᠣᠭᠤᠳᠴᠤ ᠵᠢᠭᠠᠬᠤ ᠶᠢ ᠰᠤᠳᠤᠯᠬᠤ ᠵᠢᠭᠠᠨ ᠰᠤᠷᠭᠠᠯᠲᠠ ᠶᠢᠨ ᠠᠵᠢᠯ ᠢ ᠥᠷᠨᠢᠭᠦᠯᠬᠦ

ᠶᠠᠪᠤᠴᠠ ᠳᠤ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠴᠢᠶᠡᠯ ᠲᠥᠷᠥᠯ ᠪᠣᠯᠤᠨ

ᠬᠥᠮᠦᠵᠢᠭᠦᠯᠬᠦ ᠴᠢᠬᠤᠯᠠᠲᠠᠢ ᠪᠠᠭᠰᠢ᠂ ᠰᠤᠷᠤᠭᠴᠢᠳ ᠢ ᠨᠢᠭᠡ ᠴᠣᠭᠴᠠᠵᠢᠭᠤᠯᠵᠤ᠂ ᠦᠨᠡᠯᠡᠯᠲᠡ ᠶᠢᠨ ᠦᠷ᠎ᠡ ᠳ᠋ᠦᠩ ᠢ

ᠭᠦᠢᠴᠡᠳ ᠠᠰᠢᠭᠯᠠᠨ ᠦᠨᠡᠯᠡᠯᠲᠡ ᠪᠠᠷ ᠰᠤᠳᠤᠯᠬᠤ ᠶᠢ ᠠᠬᠢᠭᠤᠯᠵᠤ᠂ ᠦᠨᠡᠯᠡᠯᠲᠡ ᠪᠠᠷ ᠰᠤᠷᠤᠯᠴᠠᠯᠭ᠎ᠠ ᠶᠢ

ᠠᠬᠢᠭᠤᠯᠪᠠ᠃ ᠲᠢᠶᠠᠨᠵᠢᠨ ᠬᠤᠲᠠ ᠶᠢᠨ ᠰᠤᠷᠭᠠᠭᠤᠯᠢ ᠪᠠᠶᠢᠴᠠᠭᠠᠭᠴᠢ᠂ ᠲᠢᠶᠠᠨᠵᠢᠨ ᠬᠤᠲᠠ ᠶᠢᠨ ᠰᠤᠷᠭᠠᠨ

ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠤᠷᠭᠠᠨ ᠬᠥᠮᠦᠵᠢᠯ ᠤᠨ ᠮᠡᠷᠭᠡᠵᠢᠯ ᠪᠣᠯᠤᠨ

ᠮᠡᠳᠡᠭᠡ ᠵᠠᠩᠭᠢᠴᠢᠯᠠᠯᠲᠠ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠭᠤᠤ ᠱᠣ᠋ ᠶᠢᠨ ᠪᠠᠭᠰᠢ ︽︿ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠠᠨ

ᠰᠤᠷᠭᠠᠯᠲᠠ ᠶᠢᠨ ᠵᠦᠭᠯᠡᠭᠦᠷ﹀ ᠢ ᠨᠠᠶᠢᠷᠠᠭᠤᠯᠤᠨ ᠪᠢᠴᠢᠬᠦ ᠰᠡᠳᠬᠢᠮᠵᠢ ᠵᠢᠴᠢ ᠬᠡᠷᠡᠭᠵᠢᠭᠦᠯᠬᠦ ᠰᠠᠨᠠᠭᠤᠯᠭ᠎ᠠ︾ ᠭᠡᠬᠦ

ᠰᠡᠳᠦᠪ ᠢᠶᠠᠷ ᠲᠠᠶᠢᠯᠤᠮᠵᠢ ᠬᠢᠵᠦ᠂ ᠵᠢᠭᠠᠨ ᠰᠤᠷᠭᠠᠯᠲᠠ ᠶᠢᠨ ᠵᠦᠭᠯᠡᠭᠦᠷ ᠤᠨ ᠰᠤᠳᠤᠯᠭᠠᠨ ᠪᠠ ᠨᠠᠶᠢᠷᠠᠭᠤᠯᠤᠨ ᠪᠢᠴᠢᠬᠦ

ᠶᠠᠪᠤᠴᠠ᠂ ᠲᠤᠷᠰᠢᠨ ᠵᠢᠭᠠᠬᠤ᠂ ᠨᠡᠶᠢᠲᠡᠯᠡᠬᠦ᠂ ᠪᠣᠯᠪᠠᠰᠤᠷᠠᠭᠤᠯᠬᠤ ᠵᠡᠷᠭᠡ ᠲᠠᠯ᠎ᠠ ᠪᠠᠷ ᠵᠢᠭᠠᠨ ᠰᠤᠷᠭᠠᠯᠲᠠ ᠶᠢᠨ

ᠵᠦᠭᠯᠡᠭᠦᠷ  ᠤᠨ ᠪᠦᠬᠦᠯᠢ ᠴᠣᠭᠴᠠ ᠶᠢᠨ ᠪᠦᠲᠦᠴᠡ ᠶᠢ ᠲᠠᠨᠢᠯᠴᠠᠭᠤᠯᠬᠤ ᠶᠢᠨ ᠬᠠᠮᠲᠤ ᠬᠡᠰᠡᠭ ᠪᠦᠯᠦᠭ ᠨᠢᠭᠡ

ᠪᠦᠷᠢ ᠲᠠᠢ ᠤᠶᠠᠯᠳᠤᠭᠤᠯᠤᠨ ᠵᠢᠭᠠᠨ ᠰᠤᠷᠭᠠᠯᠲᠠ ᠶᠢᠨ ᠵᠦᠭᠯᠡᠭᠦᠷ ᠤᠨ ᠣᠨᠴᠠᠭᠠᠢ ᠵᠢᠴᠢ ᠬᠡᠷᠡᠭᠵᠢᠭᠦᠯᠬᠦ

ᠰᠠᠨᠠᠭᠤᠯᠭ᠎ᠠ ᠶᠢ ᠨᠠᠷᠢᠨ ᠲᠣᠳᠣᠷᠬᠠᠢ ᠲᠠᠨᠢᠯᠴᠠᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠬᠢᠴᠢᠶᠡᠯ ᠤᠨ

ᠣᠶᠢᠯᠠᠭᠠᠭᠳᠠᠬᠤᠨ ᠢ ᠭᠦᠨᠵᠡᠭᠡᠢ ᠣᠶᠢᠯᠠᠭᠠᠭᠤᠯᠵᠤ᠂ ᠲᠣᠭᠠᠵᠢᠭᠰᠠᠨ ᠴᠠᠭ ᠦᠶ᠎ᠡ ᠶᠢᠨ ᠨᠡᠶᠢᠭᠡᠮ ᠤᠨ ᠰᠢᠨ᠎ᠡ ᠬᠡᠯᠪᠡᠷᠢ

ᠪᠠᠶᠢᠳᠠᠯ ᠢ ᠲᠠᠨᠢᠬᠤ ᠵᠢᠴᠢ ᠡᠭᠦᠨ ᠳᠤ ᠰᠠᠭᠤᠷᠢᠯᠠᠭᠰᠠᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠥᠪᠥᠷ ᠮᠣᠩᠭᠤᠯ ᠤᠨ ᠪᠠᠭᠰᠢ ᠶᠢᠨ ᠶᠡᠭᠡ

ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠯᠢᠦ ᠹᠧᠩ ᠰᠢᠶᠠᠩ ᠪᠠᠭᠰᠢ ᠪᠣᠯᠤᠨ ᠦᠬᠠᠢ ᠬᠤᠲᠠ ᠶᠢᠨ ᠰᠤᠷᠭᠠᠨ

ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠮᠠ ᠰᠢᠦᠸᠡᠢ ᠮᠢᠨ ᠪᠠᠭᠰᠢ ᠲᠤᠰ ᠲᠤᠰ ᠪᠠᠭ᠎ᠠ

ᠰᠤᠷᠭᠠᠭᠤᠯᠢ ᠶᠢᠨ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠠᠨ ᠰᠤᠷᠭᠠᠯᠲᠠ ᠶᠢᠨ

ᠲᠥᠯᠥᠪᠯᠡᠭᠡ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠵᠦᠭᠯᠡᠭᠦᠷ ᠤᠨ ᠲᠣᠭᠤᠷᠢᠨ ᠳᠤ ᠠᠵᠢᠯ ᠤᠨ ᠪᠣᠳᠠᠲᠠᠢ ᠲᠠᠢ ᠪᠠᠨ

ᠤᠶᠠᠯᠳᠤᠭᠤᠯᠤᠨ᠂ ᠬᠤᠶᠠᠷ ᠤᠳᠠᠭ᠎ᠠ ᠵᠢᠭᠠᠨ ᠰᠤᠷᠭᠠᠯᠲᠠ ᠶᠢᠨ ᠬᠡᠷᠡᠭ ᠤᠨ ᠵᠢᠱᠢᠶ᠎ᠡ ᠶᠢᠨ ᠲᠤᠬᠠᠢ ᠲᠠᠶᠢᠯᠤᠮᠵᠢ ᠬᠢᠪᠡ᠃

   

2.jpg

      ᠪᠣᠯᠪᠠᠰᠤᠷᠠᠯ ᠤᠨ ᠬᠤᠭᠤᠴᠠᠭᠠᠨ ᠳᠤ᠂ ᠡᠯ᠎ᠡ ᠠᠶᠢᠮᠠᠭ ᠬᠤᠲᠠ ᠶᠢᠨ ᠰᠤᠷᠤᠭᠴᠢᠳ ᠰᠢᠪᠠᠭ᠎ᠠ ᠲᠠᠲᠠᠵᠤ

ᠲᠣᠭᠲᠠᠭᠠᠭᠰᠠᠨ ᠰᠤᠳᠤᠯᠤᠨ ᠰᠤᠷᠤᠯᠴᠠᠬᠤ ᠨᠢᠭᠡᠴᠢ ᠶᠢ ᠦᠨᠳᠦᠰᠦᠯᠡᠨ᠂ ᠵᠢᠭᠠᠨ ᠰᠤᠷᠭᠠᠯᠲᠠ ᠶᠢᠨ ᠵᠦᠭᠯᠡᠭᠦᠷ ᠢ

ᠦᠨᠳᠦᠰᠦᠯᠡᠨ ᠨᠢᠭᠡᠴᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠬᠢᠵᠦ᠂ ᠲᠤᠰ ᠲᠤᠰ 24 ᠰᠤᠳᠤᠯᠤᠨ

ᠰᠤᠷᠤᠯᠴᠠᠬᠤ ᠲᠥᠷᠥᠯ ᠵᠦᠢᠯ ᠤᠨ ᠦᠷ᠎ᠡ ᠪᠦᠲᠦᠭᠡᠯ ᠢ ᠬᠠᠷᠢᠭᠤ ᠮᠡᠳᠡᠭᠦᠯᠪᠡ᠃

      ᠡᠨᠡ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠨ ᠵᠢᠭᠠᠬᠤ ᠶᠢ ᠰᠤᠳᠤᠯᠤᠭᠴᠢ ᠪᠠ

ᠭᠤᠣᠯᠯᠠᠭᠴᠢ ᠪᠠᠭᠰᠢ ᠬᠢᠴᠢᠶᠡᠯ ᠤᠨ ᠪᠠᠷᠢᠮᠵᠢᠶᠠᠨ ᠤ ᠱᠠᠭᠠᠷᠳᠠᠯᠭ᠎ᠠ ᠵᠢᠴᠢ ᠵᠢᠭᠠᠨ ᠰᠤᠷᠭᠠᠯᠲᠠ ᠶᠢᠨ ᠵᠦᠭᠯᠡᠭᠦᠷ ᠢ

ᠲᠥᠯᠦᠪᠯᠡᠬᠦ ᠰᠡᠳᠬᠢᠮᠵᠢ ᠶᠢ ᠪᠦᠬᠦ ᠲᠠᠯ᠎ᠠ ᠪᠠᠷ ᠭᠦᠢᠴᠡᠳ ᠣᠶᠢᠯᠠᠭᠠᠵᠤ᠂ ᠰᠤᠷᠭᠠᠭᠤᠯᠢ ᠶᠢᠨ ᠮᠡᠳᠡᠭᠡ ᠵᠠᠩᠭᠢ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢ ᠰᠠᠶᠢᠲᠤᠷ ᠥᠷᠨᠢᠭᠦᠯᠬᠦ ᠶᠢ

ᠦᠷᠭᠦᠯᠵᠢᠯᠡᠭᠦᠯᠦᠨ ᠬᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map