ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠢ ᠬᠥᠳᠡᠯᠦᠩᠭᠦᠢ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/17
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ  ᠶᠢ ᠦᠨᠳᠦᠰᠦᠯᠡᠨ᠂ 10 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠢ ᠬᠥᠳᠡᠯᠦᠩᠭᠦᠢ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠯᠢᠦ ᠿᠦᠢ ᠰᠢᠨ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠪᠠ᠃ ᠶᠠᠩ ᠵᠢᠶᠧ ᠬᠤᠷᠠᠯ ᠢ ᠡᠷᠬᠢᠯᠡᠭᠰᠡᠨ ᠪᠥᠭᠡᠳ ᠣᠪᠣᠷ ᠢᠶᠠᠨ ᠢᠯᠡᠳᠭᠡᠪᠡ᠃   

1.webp.png

      ᠯᠢᠦ ᠿᠦᠢ ᠰᠢᠨ᠂ ᠲᠣᠭᠤᠷᠢᠨ ᠪᠠᠶᠢᠴᠠᠭᠠᠬᠤ ᠪᠣᠯ ᠨᠠᠮ ᠤᠨ ᠥᠪᠡᠷ ᠪᠡᠶ᠎ᠡ ᠳᠤ ᠪᠠᠨ ᠬᠤᠪᠢᠰᠬᠠᠯ ᠬᠢᠬᠦ᠂          

ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠦᠷᠢᠮ ᠤᠨ

ᠲᠣᠬᠢᠷᠠᠭᠤᠯᠤᠯᠲᠠ ᠪᠣᠯᠤᠨ᠎ᠠ᠃ ᠡᠨᠡ ᠤᠳᠠᠭᠠᠨ ᠤ ᠬᠥᠳᠡᠯᠦᠩᠭᠦᠢ ᠲᠣᠭᠤᠷᠢᠨ ᠪᠠᠶᠢᠴᠠᠭᠠᠯᠲᠠ ᠪᠣᠯ ᠨᠠᠮ ᠤᠨ ᠪᠦᠬᠦ

ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ᠂ ᠬᠤᠶᠠᠷ ᠶᠡᠭᠡ          

ᠶᠠᠪᠤᠳᠠᠯ ᠢ ᠰᠠᠶᠢᠲᠤᠷ ᠬᠢᠬᠦ ᠶᠢ ᠰᠢᠪᠠᠳᠠᠭᠤᠯᠬᠤ ᠴᠢᠬᠤᠯᠠ ᠠᠷᠭ᠎ᠠ ᠬᠡᠮᠵᠢᠶ᠎ᠡ᠂ ᠲᠥᠪᠯᠡᠷᠡᠭᠦᠯᠦᠨ ᠴᠡᠭᠴᠡᠯᠡᠨ          

ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ          

ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ

ᠬᠦᠯᠢᠶᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠵᠦ          

ᠴᠢᠬᠤᠯᠠᠴᠢᠯᠠᠪᠠ᠃

      ᠯᠢᠦ ᠿᠦᠢ ᠰᠢᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠯᠤᠰ ᠲᠥᠷᠥ ᠶᠢᠨ ᠪᠠᠶᠢᠭᠤᠯᠭ᠎ᠠ ᠶᠢᠨ

ᠪᠠᠶᠢᠭᠤᠯᠤᠯᠲᠠ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠨᠠᠮ ᠢ ᠪᠦᠬᠦ ᠲᠠᠯ᠎ᠠ ᠪᠠᠷ ᠴᠢᠩᠭ᠎ᠠ

ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠣᠯᠤᠨ ᠦᠨᠳᠦᠰᠦᠨ

ᠱᠠᠲᠤᠨ ᠤ ᠨᠠᠮ ᠤᠨ ᠪᠠᠶᠢᠭᠤᠯᠤᠯᠲᠠ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ

ᠲᠣᠭᠤᠷᠢᠨ ᠳᠤ ᠬᠢᠨᠠᠯᠲᠠ ᠲᠠᠯᠪᠢᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ

ᠣᠷᠣᠰᠢᠵᠤ ᠪᠠᠶᠢᠭ᠎ᠠ ᠤᠯᠤᠰ ᠲᠥᠷᠥ ᠶᠢᠨ ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠰᠤᠷᠲᠠᠯ ᠤᠨ

ᠠᠰᠠᠭᠤᠳᠠᠯ ᠪᠣᠯᠤᠨ ᠢᠯᠵᠠᠷᠠᠯ ᠤᠨ ᠠᠰᠠᠭᠤᠳᠠᠯ ᠢ ᠬᠦᠴᠦᠯᠡᠨ ᠡᠷᠢᠵᠦ ᠵᠠᠯᠠᠷᠠᠭᠤᠯᠬᠤ ᠬᠡᠷᠡᠭᠲᠡᠢ᠃ ᠰᠤᠷᠭᠠᠨ

ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠬᠤ ᠳᠤᠭᠤᠶᠢᠯᠠᠩ ᠤᠨ

ᠠᠵᠢᠯ ᠢ ᠳᠡᠮᠵᠢᠨ ᠬᠠᠮᠵᠢᠵᠤ᠂ ᠲᠣᠪᠤᠶᠢᠮ᠎ᠠ ᠠᠰᠠᠭᠤᠳᠠᠯ ᠢ ᠬᠠᠮᠲᠤ ᠳᠤ  ᠪᠠᠨ ᠰᠢᠢᠳᠪᠦᠷᠢᠯᠡᠬᠦ ᠣᠨᠣᠯᠵᠢᠬᠤᠨ ᠢᠶᠠᠷ

ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠬᠠᠮᠲᠤ ᠳᠤ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃

      ᠶᠠᠩ ᠵᠢᠶᠧ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ

ᠬᠢᠨᠠᠯᠲᠠ ᠲᠠᠯᠪᠢᠬᠤ ᠶᠢ ᠬᠦᠯᠢᠶᠡᠬᠦ ᠪᠠᠷ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠠᠵᠠ ᠲᠣᠬᠢᠶᠠᠯ᠂

ᠠᠵᠢᠯ ᠤᠨ ᠦᠷ᠎ᠡ ᠪᠦᠲᠦᠮᠵᠢ ᠪᠠᠨ ᠪᠠᠶᠢᠴᠠᠭᠠᠬᠤ ᠠᠵᠠ ᠲᠣᠬᠢᠶᠠᠯ᠂ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠥᠳᠲᠡᠷ ᠲᠦᠷᠭᠡᠨ ᠠᠬᠢᠭᠤᠯᠬᠤ ᠠᠵᠠ ᠲᠣᠬᠢᠶᠠᠯ ᠪᠣᠯᠭᠠᠵᠤ᠂ ᠡᠷᠡᠰ ᠪᠠᠲᠤ ᠣᠪᠣᠷ᠂ ᠡᠷᠴᠢ

ᠬᠦᠴᠦᠲᠡᠢ ᠠᠵᠢᠯᠯᠠᠭ᠎ᠠ᠂ ᠴᠢᠩᠭ᠎ᠠ ᠪᠣᠳᠠᠲᠠᠢ ᠰᠤᠷᠲᠠᠯ ᠢᠶᠠᠷ ᠲᠣᠭᠤᠷᠢᠨ ᠪᠠᠶᠢᠴᠠᠭᠠᠬᠤ ᠠᠵᠢᠯ ᠢ ᠴᠢᠨᠠᠷ ᠰᠠᠶᠢᠲᠠᠢ᠂

ᠥᠨᠳᠥᠷ ᠪᠠᠷᠢᠮᠵᠢᠶ᠎ᠠ ᠲᠠᠢ ᠪᠠᠷ ᠰᠠᠶᠢᠲᠤᠷ ᠳᠡᠮᠵᠢᠬᠦ ᠬᠡᠷᠡᠭᠲᠡᠢ᠃ ᠬᠤᠶᠠᠷ ᠲᠤ᠂ ᠤᠯᠤᠰ ᠲᠥᠷᠥ ᠶᠢᠨ

ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠲᠢᠩᠬᠢᠮ ᠤᠨ ᠬᠢᠨ ᠳᠡᠭᠡᠳᠦ ᠳᠣᠣᠷᠠᠳᠤ ᠱᠠᠲᠤ ᠪᠠᠷ ᠢᠶᠠᠨ ᠡᠷᠬᠡᠪᠰᠢ ᠤᠯᠤᠰ

ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠲᠣᠭᠤᠷᠢᠨ ᠪᠠᠶᠢᠴᠠᠭᠠᠬᠤ

ᠰᠠᠬᠢᠯᠭ᠎ᠠ ᠪᠠᠲᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠨᠠᠮ ᠳᠤ ᠪᠠᠨ ᠦᠨᠡᠨᠴᠢ

ᠰᠢᠳᠤᠷᠭᠤ᠂ ᠠᠵᠢᠯ ᠦᠢᠯᠡᠰ ᠲᠤ ᠪᠠᠨ ᠬᠠᠷᠢᠭᠤᠴᠠᠯᠭ᠎ᠠ ᠲᠠᠢ ᠵᠣᠷᠢᠭ ᠰᠠᠨᠠᠭ᠎ᠠ ᠪᠠᠷ ᠳᠡᠮᠵᠢᠬᠦ᠂ ᠬᠠᠮᠵᠢᠬᠤ᠂

ᠪᠠᠲᠤᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠤᠯᠤᠰ ᠲᠥᠷᠥ ᠶᠢᠨ

ᠡᠭᠦᠷᠭᠡᠯᠡᠯ ᠢᠶᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ

ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ

ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠠᠢ

ᠤᠶᠠᠯᠳᠤᠭᠤᠯᠤᠨ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠲᠠᠢ ᠨᠡᠪᠲᠡᠷᠡᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠦᠷ᠎ᠡ

ᠪᠦᠲᠦᠮᠵᠢ ᠶᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠪᠣᠳᠠᠲᠠᠢ ᠦᠢᠯᠡᠳᠦᠯᠭᠡ ᠳᠤᠮᠳᠠ

ᠢᠯᠡᠷᠡᠭᠦᠯᠬᠦ ᠬᠡᠷᠡᠭᠲᠡᠢ ᠭᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠲᠣᠭᠤᠷᠢᠨ ᠪᠠᠶᠢᠴᠠᠭᠠᠬᠤ

ᠳᠤᠭᠤᠶᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ

ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠣᠮᠢᠯᠠᠨ ᠰᠠᠭᠤᠯᠭᠠᠭᠰᠠᠨ

ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠲᠣᠭᠤᠷᠢᠨ

ᠪᠠᠶᠢᠴᠠᠭᠠᠬᠤ ᠠᠯᠪᠠᠨ ᠭᠡᠷ  ᠤᠨ ᠡᠷᠬᠢᠯᠡᠭᠴᠢ ᠪᠣᠯᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂

ᠳᠣᠲᠣᠭᠠᠳᠤ ᠳᠤ ᠪᠠᠨ ᠪᠠᠶᠢᠭᠤᠯᠤᠭᠰᠠᠨ ᠰᠠᠯᠠᠭ᠎ᠠ ᠮᠥᠴᠢᠷ᠂ ᠬᠠᠷᠢᠶ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ᠂

ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃

   

2.webp.png

      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠢ

ᠲᠣᠬᠢᠷᠠᠭᠤᠯᠤᠭᠰᠠᠨ ᠵᠢᠵᠢᠭᠦᠷᠯᠡᠬᠦ ᠤᠲᠠᠰᠤ᠄ 0471 - 3290653᠂ ᠬᠦᠯᠢᠶᠡᠨ ᠠᠪᠴᠤ ᠰᠢᠢᠳᠪᠦᠷᠢᠯᠡᠬᠦ ᠴᠠᠭ

8᠄ 00 - 18᠄ 00︔ ᠰᠢᠤᠳᠠᠨ ᠬᠠᠶᠢᠷᠴᠠᠭ᠄ ᠥᠪᠥᠷ ᠮᠣᠩᠭᠤᠯ ᠤᠨ ᠬᠥᠬᠡᠬᠤᠲᠠ ᠶᠢᠨ A972 ᠨᠣᠮᠧᠷ︔          

ᠢᠮᠧᠯ᠄ swzxsjyt@163.com᠃ ᠡᠭᠦᠨ ᠤ ᠬᠠᠮᠲᠤ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ

ᠳ᠋ᠢᠩ ᠰᠢᠶᠠᠩ ᠵᠠᠮ ᠤᠨ 5 ᠳ᠋ᠤᠭᠠᠷ ᠨᠣᠮᠧᠷ ᠰᠤᠷᠭᠠᠨ ᠬᠥᠮᠦᠵᠢᠯ ᠤᠨ ᠲᠢᠩᠬᠢᠮ ᠤᠨ ᠠᠯᠪᠠᠨ ᠠᠰᠠᠷ  ᠤᠨ ᠨᠢᠭᠡᠳᠦᠭᠡᠷ

ᠳᠠᠪᠬᠤᠷᠯᠢᠭ ᠤᠨ ᠡᠭᠦᠳᠡᠨ ᠲᠢᠩᠬᠢᠮ ᠤᠨ ᠡᠮᠦᠨ᠎ᠡ ᠲᠠᠯ᠎ᠠ ᠶᠢᠨ ᠭᠠᠳᠠᠷ ᠬᠡᠷᠡᠮ᠂ ᠰᠠᠶᠢᠬᠠᠨ ᠲᠣᠭᠤᠷᠢᠭ ᠤᠨ ᠴᠤᠸᠠᠩ

ᠶᠧ ᠵᠠᠮ ᠤᠨ ᠶᠢᠨ ᠬᠠᠨ ᠢᠦᠢ ᠶᠤᠸᠠᠨ ᠰᠠᠭᠤᠭᠠᠯᠢ ᠲᠣᠭᠤᠷᠢᠭ ᠤᠨ ᠬᠤᠶᠢᠲᠤ ᠡᠭᠦᠳᠡᠨ ᠤ ᠵᠡᠭᠦᠨ ᠲᠠᠯ᠎ᠠ ᠶᠢᠨ

ᠡᠭᠦᠳᠡᠨ ᠭᠡᠷ ᠤᠨ ᠭᠠᠳᠠᠷ ᠬᠡᠷᠡᠮ᠂ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 81 ᠳ᠋ᠦ᠋ᠭᠡᠷ ᠨᠣᠮᠧᠷ

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠨᠢᠭᠡᠳᠦᠭᠡᠷ

ᠳᠠᠪᠬᠤᠷᠯᠢᠭ  ᠤᠨ ᠡᠭᠦᠳᠡᠨ ᠲᠢᠩᠬᠢᠮ ᠤᠨ ᠪᠠᠷᠠᠭᠤᠨ ᠲᠠᠯ᠎ᠠ ᠶᠢᠨ ᠭᠠᠳᠠᠷ ᠬᠡᠷᠡᠮ ᠳᠤ ᠲᠤᠰ ᠲᠤᠰ ᠬᠠᠷᠢᠯᠴᠠᠬᠤ

ᠵᠠᠬᠢᠳᠠᠯ ᠤᠨ ᠬᠠᠶᠢᠷᠴᠠᠭ ᠲᠣᠬᠢᠷᠠᠭᠤᠯᠵᠤ᠂ ︽ᠺᠣᠳ᠋ ᠲᠣᠭᠤᠷᠢᠨ ᠪᠠᠶᠢᠴᠠᠭᠠᠬᠤ︾ ᠭᠡᠬᠦ ᠬᠤᠶᠠᠷ ᠬᠡᠮᠵᠢᠯᠳᠦ ᠺᠣᠳ᠋          

ᠨᠠᠭᠠᠪᠠ᠃ ᠲᠣᠭᠤᠷᠢᠨ ᠪᠠᠶᠢᠴᠠᠭᠠᠬᠤ ᠳᠤᠭᠤᠶᠢᠯᠠᠩ ᠪᠣᠯ ᠭᠤᠣᠯᠳᠠᠭᠤ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ

ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ

ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠠ

ᠴᠢᠬᠤᠯᠠ ᠠᠵᠢᠯ ᠤᠨ ᠪᠠᠶᠢᠷᠢ ᠳᠤ ᠪᠠᠶᠢᠭ᠎ᠠ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠪᠠ

ᠤᠲᠠᠰᠤ  ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠭᠤ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ

ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂

ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ  ᠶᠢ ᠵᠥᠷᠢᠴᠡᠭᠰᠡᠨ ᠵᠡᠷᠭᠡ ᠲᠠᠯ᠎ᠠ ᠪᠠᠷ ᠬᠢ

ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ

ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ

ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠡᠲᠡᠭᠡᠳ ᠤᠨ ᠬᠢᠨ ᠨᠠᠷᠢᠨ ᠬᠢᠨᠠᠮᠠᠭᠠᠢ ᠰᠢᠢᠳᠪᠦᠷᠢᠯᠡᠨ᠎ᠡ᠃ ᠲᠣᠭᠤᠷᠢᠨ

ᠪᠠᠶᠢᠴᠠᠭᠠᠬᠤ ᠳᠤᠭᠤᠶᠢᠯᠠᠩ ᠤᠨ ᠵᠠᠬᠢᠳᠠᠯ  ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ 2024

ᠣᠨ ᠤ 12 ᠰᠠᠷ᠎ᠠ ᠶᠢᠨ 10 ᠤ ᠡᠳᠦᠷ ᠪᠣᠯᠲᠠᠯ᠎ᠠ ᠦᠷᠭᠦᠯᠵᠢᠯᠡᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map