ᠪᠦᠬᠦ ᠣᠷᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠦᠯᠵᠢᠶᠡᠨ ᠳᠠᠬᠢ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/10/18
      ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠭᠰᠢ ᠰᠤᠷᠤᠭᠴᠢᠳ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 10 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠣᠷᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠦᠯᠵᠢᠶᠡᠨ ᠳᠠᠬᠢ ᠪᠣᠯᠪᠠᠰᠤᠷᠠᠯ ᠤᠨ ᠠᠩᠭᠢ ᠶᠢ ᠡᠷᠬᠢᠯᠡᠪᠡ᠃

1.jpg

      ᠬᠤᠷᠠᠯ ᠳᠡᠭᠡᠷ᠎ᠡ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ

ᠨᠠᠮ ᠤᠨ ᠬᠤᠷᠢᠶᠠᠨ ᠤ ᠱᠦᠵᠢ ᠯᠢᠦ ᠿᠦᠢ ᠵᠢᠶᠦ᠋ᠨ᠂ ᠪᠡᠭᠡᠵᠢᠩ ᠠᠷᠠᠳ ᠤᠨ ᠶᠡᠭᠡ ᠰᠤᠷᠭᠠᠭᠤᠯᠢ ᠶᠢᠨ ᠬᠠᠷᠢᠶᠠᠲᠤ

ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠲᠥᠪ ᠤᠨ ᠡᠷᠬᠢᠯᠡᠭᠴᠢ ᠼᠤᠤ ᠺᠦᠢ ᠶᠢ ᠣᠨᠴᠠᠭᠠᠶᠢᠯᠠᠨ ᠤᠷᠢᠵᠤ᠂

ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠳᠦᠷᠢᠮ᠂

ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠶᠤᠯ ᠲᠠᠢ ᠬᠢᠮᠢ ᠶᠢᠨ ᠪᠣᠳᠠᠰ ᠢ ᠲᠥᠷᠥᠯ

ᠬᠤᠪᠢᠶᠠᠬᠤ ᠪᠠ ᠬᠡᠷᠡᠭᠯᠡᠬᠦ ᠵᠢᠷᠤᠮᠵᠢᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠪᠣᠯᠤᠨ ᠳᠡᠰ

ᠳᠠᠷᠠᠭᠠᠯᠠᠯ ᠢ ᠭᠦᠨᠵᠡᠭᠡᠢ ᠲᠠᠶᠢᠯᠪᠤᠷᠢᠯᠠᠵᠤ᠂ ᠲᠤᠰ ᠲᠤᠰ ︽ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ

ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠠᠵᠢᠯ ᠢ ᠲᠡᠭᠦᠯᠳᠡᠷᠵᠢᠭᠦᠯᠦᠨ ᠴᠢᠩᠭᠠᠳᠬᠠᠬᠤ ᠪᠠᠷ ᠰᠠᠭᠤᠷᠢ

ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠠᠬᠢᠵᠢᠭᠦᠯᠬᠦ︾ ᠪᠠ ︽ᠲᠤᠷᠰᠢᠯᠲᠠ ᠶᠢᠨ ᠲᠠᠰᠤᠭ ᠤᠨ ᠠᠮᠤᠷ

ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ︾ ᠭᠡᠬᠦ

ᠰᠡᠳᠦᠪ ᠢᠶᠠᠷ ᠲᠤᠰᠬᠠᠢ ᠲᠠᠶᠢᠯᠤᠮᠵᠢ ᠬᠢᠪᠡ᠃

      ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠲᠠᠨᠢᠯᠲᠠ ᠪᠠᠨ ᠳᠡᠭᠡᠭᠰᠢᠯᠡᠭᠦᠯᠵᠦ᠂ ᠲᠤᠷᠰᠢᠯᠲᠠ          

 ᠶᠢᠨ ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ          

ᠬᠡᠷᠡᠭᠲᠡᠢ᠃ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠲᠤᠷᠰᠢᠯᠲᠠ ᠶᠢᠨ ᠲᠠᠰᠤᠭ ᠤᠨ ᠡᠳᠦᠷ          

ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠪᠡᠯᠡᠳᠬᠡᠮᠵᠢ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂

ᠲᠤᠷᠰᠢᠯᠲᠠ ᠶᠢᠨ ᠵᠢᠭᠠᠨ ᠰᠤᠷᠭᠠᠯᠲᠠ ᠶᠢ ᠬᠡᠪ ᠤᠨ ᠶᠣᠰᠣᠭᠠᠷ ᠥᠷᠨᠢᠭᠦᠯᠬᠦ ᠶᠢ ᠪᠠᠲᠤᠯᠠᠨ᠎ᠠ᠃ ᠡᠯ᠎ᠡ ᠭᠠᠵᠠᠷ ᠤᠨ          

ᠡᠯ᠎ᠡ ᠰᠤᠷᠭᠠᠭᠤᠯᠢ ᠲᠤᠷᠰᠢᠯᠲᠠ  ᠶᠢᠨ ᠲᠠᠰᠤᠭ ᠤᠨ ᠠᠮᠤᠷ ᠲᠦᠪᠰᠢᠨ ᠢ ᠪᠠᠶᠢᠴᠠᠭᠠᠬᠤ ᠪᠠ ᠰᠢᠪᠠᠳᠠᠭᠤᠯᠤᠨ          

ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠢ ᠪᠠᠶᠢᠴᠠᠭᠠᠬᠤ ᠪᠠ ᠲᠤᠰᠬᠠᠢ          

ᠴᠡᠭᠴᠡᠯᠡᠨ ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ ᠢ ᠲᠣᠭᠲᠠᠭᠠᠬᠤ ᠬᠡᠷᠡᠭᠲᠡᠢ᠃ ᠪᠠᠭᠰᠢ ᠰᠤᠷᠤᠭᠴᠢᠳ ᠤᠨ          

ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ

ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠵᠢᠭᠠᠨ ᠰᠤᠷᠭᠠᠯᠲᠠ ᠶᠢ ᠴᠢᠩᠭᠠᠳᠬᠠᠵᠤ᠂ ᠰᠤᠷᠤᠭᠴᠢᠳ ᠤᠨ ᠲᠤᠷᠰᠢᠯᠲᠠ

ᠬᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃

2.png

      ᠡᠨᠡ ᠤᠳᠠᠭᠠᠨ ᠤ ᠰᠦᠯᠵᠢᠶᠡᠨ ᠳᠠᠬᠢ ᠪᠣᠯᠪᠠᠰᠤᠷᠠᠯ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠳᠤ ᠭᠤᠣᠯ ᠬᠤᠷᠠᠯ ᠤᠨ ᠲᠠᠯᠠᠪᠠᠢ ᠭᠠᠷᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠳᠤ

ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃ ᠪᠦᠬᠦ ᠣᠷᠣᠨ ᠤ 12 ᠠᠶᠢᠮᠠᠭ ᠬᠤᠲᠠ ᠶᠢᠨ 103 ᠬᠤᠰᠢᠭᠤ

ᠰᠢᠶᠠᠨ ︵ᠲᠣᠭᠤᠷᠢᠭ︶ ᠤ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠠᠮᠤᠷ ᠲᠦᠪᠰᠢᠨ ᠤ

ᠬᠠᠷᠢᠭᠤᠴᠠᠯᠭᠠᠲᠠᠨ᠂ ᠲᠤᠷᠰᠢᠯᠲᠠ ᠶᠢᠨ ᠵᠢᠭᠠᠨ ᠰᠤᠷᠭᠠᠯᠲᠠ ᠶᠢᠨ ᠬᠠᠷᠢᠭᠤᠴᠠᠯᠭᠠᠲᠠᠨ᠂ ᠲᠤᠷᠰᠢᠯᠲᠠ ᠶᠢᠨ

ᠲᠠᠰᠤᠭ ᠤᠨ ᠬᠠᠮᠢᠶᠠᠷᠤᠭᠴᠢ 1600 ᠭᠠᠷᠤᠢ ᠬᠥᠮᠦᠨ ᠰᠦᠯᠵᠢᠶᠡᠨ ᠳᠠᠬᠢ ᠪᠣᠯᠪᠠᠰᠤᠷᠠᠯ ᠳᠤ ᠣᠷᠣᠯᠴᠠᠵᠠᠢ᠃

       

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map