ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/10/21
      10 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠹᠦᠵᠢᠶᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠥᠷ ᠮᠣᠩᠭᠤᠯ ᠤᠨ ᠪᠣᠳᠠᠲᠠᠢ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ           ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠳᠠᠶᠢᠴᠢᠯᠠᠬᠤ ᠬᠡᠷᠡᠭᠲᠡᠢ᠃ ᠬᠤᠲᠠ ᠬᠥᠳᠡᠭᠡ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠨ᠂ ᠣᠯᠠᠨ ᠲᠦᠮᠡᠨ ᠳᠤ ᠣᠶᠢᠷ᠎ᠠ ᠬᠠᠪᠢ ᠲᠤᠬᠠᠢ ᠶᠢᠨ ᠭᠠᠵᠠᠷ ᠲᠠᠭᠠᠨ ᠠᠵᠢᠯ ᠣᠯᠬᠤ ᠶᠢ ᠳᠠᠶᠢᠴᠢᠯᠠᠬᠤ ᠬᠡᠷᠡᠭᠲᠡᠢ᠃ ᠹᠦᠵᠢᠶᠠᠨ ᠮᠤᠵᠢ ᠶᠢᠨ ᠲᠤᠷᠰᠢᠯᠭ᠎ᠠ ᠠᠷᠭ᠎ᠠ ᠬᠢᠳᠡᠯ ᠢᠶᠠᠷ ᠲᠣᠯᠢ ᠪᠤᠯᠭᠠᠵᠤ᠂ ᠬᠠᠮᠲᠤ ᠶᠢᠨ ᠣᠶ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠶ ᠰᠢᠭᠤᠢ ᠶᠢᠨ ᠢᠳᠡᠭᠡᠨ ᠤᠮᠳᠠᠭᠠᠨ᠂ ᠣᠶ ᠳᠣᠲᠣᠷᠠᠬᠢ ᠠᠵᠤ ᠠᠬᠤᠢ᠂ ᠠᠮᠢ ᠠᠬᠤᠢ ᠶᠢᠨ ᠵᠢᠭᠤᠯᠴᠢᠯᠠᠯ ᠢ ᠬᠥᠭᠵᠢᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠭᠤᠣᠯᠳᠠᠯᠭ᠎ᠠ ᠲᠠᠢ ᠬᠥᠮᠥᠨ ᠠᠮᠠ ᠶᠢ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠣᠨᠴᠠᠭᠠᠢ ᠬᠦᠴᠢᠷᠳᠡᠯᠲᠡᠢ ᠬᠥᠮᠥᠰ ᠤᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠵᠤ᠂ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠪᠦᠲᠦᠮᠵᠢ ᠶᠢᠨ ᠦᠵᠡᠯᠲᠡ ᠶᠢᠨ ᠬᠥᠮᠦᠵᠢᠯ ᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠠᠮ  ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠤᠯᠭᠠᠵᠤ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠠᠷᠠᠳ ᠲᠦᠮᠡᠨ ᠳᠤ ᠪᠣᠳᠠᠲᠠᠢ ᠠᠵᠢᠯ ᠢᠯᠡᠭᠦᠬᠡᠨ ᠬᠢᠵᠦ᠂ ᠪᠣᠳᠠᠲᠤ ᠶᠠᠪᠤᠳᠠᠯ ᠢ ᠢᠯᠡᠭᠦᠬᠡᠨ ᠬᠢᠬᠦ ᠪᠤᠯᠭᠠᠬᠤ ᠬᠡᠷᠡᠭᠲᠡᠢ᠃ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠤᠯᠤᠰ ᠢᠶᠠᠨ ᠬᠠᠶᠢᠷᠠᠯᠠᠬᠤ ᠦᠵᠡᠯ ᠤᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠤᠶ᠎ᠠ︾ ᠭᠡᠳᠡᠭ ᠢ ᠰᠤᠷᠤᠯᠴᠠᠵᠥ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ᠂ ᠺᠠᠳ᠋ᠷ ᠣᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠨᠡᠶᠢᠲᠡᠴᠢ ᠤᠬᠠᠮᠰᠠᠷ᠂ ᠡᠵᠡᠨ ᠬᠥᠮᠥᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢᠶᠠᠨ ᠴᠢᠩᠭᠠᠳᠬᠠᠵᠤ᠂ ᠪᠣᠳᠠᠲᠠᠢ ᠠᠵᠢᠯᠯᠠᠵᠤ ᠪᠣᠳᠠᠲᠤ ᠦᠷ᠎ᠡ ᠪᠦᠲᠦᠮᠵᠢ ᠭᠠᠷᠭᠠᠵᠤ ᠪᠠᠶᠢᠭᠠᠳ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠣᠯᠠᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠷᠠᠳ ᠣᠯᠠᠨ ᠤ ᠨᠠᠮ ᠪᠠ ᠤᠯᠤᠰ ᠣᠷᠣᠨ ᠳᠠᠬᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠤᠳᠬ᠎ᠠ ᠤᠷᠠᠯᠢᠭ ᠤᠨ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠲᠦᠮᠡᠨ ᠢᠶᠠᠷ ᠭᠤᠣᠯ ᠪᠤᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠩ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠣᠯᠠᠨ ᠲᠦᠮᠡᠨ ᠳᠤ ᠡᠯᠪᠡᠭ ᠪᠠᠶᠠᠯᠢᠭ ᠣᠶᠤᠨ ᠤ ᠰᠣᠶᠣᠯ ᠤᠨ ᠠᠮᠢᠳᠤᠷᠠᠯ ᠢ ᠡᠳ᠋ᠯᠡᠭᠦᠯᠭᠦ ᠬᠡᠷᠡᠭᠲᠡᠢ᠃ ᠤᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠤᠨ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ ᠤᠳᠬ᠎ᠠ ᠤᠷᠠᠯᠢᠭ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠥᠪᠥᠷ ᠮᠣᠩᠭᠤᠯ ᠤᠨ ᠰᠣᠶᠣᠯ ᠤᠨ ᠷᠢᠳᠢ ᠰᠢᠳᠢ ᠪᠣᠯᠣᠨ ᠰᠠᠶᠢᠨ ᠰᠠᠶᠢᠬᠠᠨ ᠳᠦᠷᠢ ᠲᠥᠷᠬᠦ ᠶᠢ ᠨᠡᠩ ᠰᠠᠶᠢᠲᠤᠷ ᠢᠯᠡᠷᠡᠭᠦᠯᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ᠂ ᠪᠠᠶᠠᠷ ᠤᠨ ᠵᠠᠬᠢᠳᠠᠯ᠂ ᠪᠠᠶᠠᠷ ᠤᠨ ᠴᠠᠭᠢᠯᠭᠠᠨ ᠴᠢᠮᠡᠭᠡ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠳᠤ ᠦᠢᠯᠡᠴᠢᠯᠡᠬᠦ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠵᠠᠯᠠᠭᠤᠴᠤᠳ ᠤᠨ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠳᠡᠮᠵᠢᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map