ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠤᠨ ᠬᠤᠰᠢᠭᠤ ᠰᠢᠶᠠᠨ ᠤ ︽ᠨᠢᠭᠡ ᠪᠠᠷ ᠨᠢᠭᠡ ᠶᠢ ᠳᠠᠭᠠᠭᠤᠯᠬᠤ︾ ᠨᠠᠷᠢᠯᠢᠭ ᠣᠨᠣᠴᠠᠲᠠᠢ ᠬᠠᠪᠰᠤᠷᠤᠨ ᠲᠡᠳᠬᠦᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠲᠥᠷᠥᠯ ᠵᠦᠢᠯ ᠢ ᠡᠬᠢᠯᠡᠭᠦᠯᠬᠦ ᠵᠢᠴᠢ ᠲᠥᠷᠥᠯ ᠵᠦᠢᠯ ᠢ ᠬᠡᠷᠡᠭᠵᠢᠭᠦᠯᠬᠦ ᠰᠣᠯᠢᠯᠴᠠᠭᠠᠨ ᠤ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/21
      ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠤᠨ ᠬᠤᠰᠢᠭᠤ ᠰᠢᠶᠠᠨ ᠤ ︽ᠨᠢᠭᠡ ᠪᠠᠷ ᠨᠢᠭᠡ ᠶᠢ ᠳᠠᠭᠠᠭᠤᠯᠬᠤ︾ ᠨᠠᠷᠢᠯᠢᠭ ᠣᠨᠣᠴᠠᠲᠠᠢ ᠬᠠᠪᠰᠤᠷᠤᠨ ᠲᠡᠳᠬᠦᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠲᠥᠷᠥᠯ ᠵᠦᠢᠯ ᠢ ᠡᠬᠢᠯᠡᠭᠦᠯᠬᠦ ᠵᠢᠴᠢ ᠲᠥᠷᠥᠯ ᠵᠦᠢᠯ ᠢ  ᠬᠡᠷᠡᠭᠵᠢᠭᠦᠯᠬᠦ ᠰᠣᠯᠢᠯᠴᠠᠭᠠᠨ ᠤ ᠠᠵᠢᠯ ᠤᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠰᠤᠷᠭᠠᠨ ᠬᠥᠮᠦᠵᠢᠯ ᠤᠨ ᠶᠠᠮᠤᠨ ᠤ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠵᠠᠬᠢᠷᠤᠯ ᠢ ᠪᠣᠯᠪᠠᠰᠤᠷᠠᠭᠤᠯᠬᠤ ᠲᠤᠰᠬᠠᠢ ᠮᠡᠷᠭᠡᠵᠢᠯᠲᠡᠨ ᠤ ᠠᠵᠢᠯ ᠤᠨ ᠳᠤᠭᠤᠶᠢᠯᠠᠩ ᠤᠨ ᠨᠠᠷᠢᠨ ᠪᠢᠴᠢᠭ ᠤᠨ ᠳᠠᠷᠤᠭ᠎ᠠ ᠬᠤᠸᠠᠩ ᠬᠦᠢ ᠵᠧᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ᠂ ᠥᠪᠥᠷ ᠮᠣᠩᠭᠤᠯ ᠤᠨ ᠪᠠᠭᠰᠢ  ᠶᠢᠨ ᠶᠡᠭᠡ ᠰᠤᠷᠭᠠᠭᠤᠯᠢ ᠶᠢᠨ ᠵᠠᠬᠢᠷᠤᠯ ᠵᠠᠩ ᠵᠢᠶᠦ᠋ᠨ ᠬᠤᠷᠠᠯ ᠳᠤ ᠣᠷᠣᠯᠴᠠᠪᠠ᠃

1.webp.png

      ᠬᠤᠷᠠᠯ ᠠᠴᠠ᠂ ᠡᠨᠡ ᠤᠳᠠᠭ᠎ᠠ ᠡᠬᠢᠯᠡᠭᠦᠯᠬᠦ ᠪᠦᠬᠦ ᠣᠷᠣᠨ ᠤ ᠬᠢᠯᠢ ᠬᠢᠵᠠᠭᠠᠷ ᠤᠨ ᠬᠤᠰᠢᠭᠤ ᠰᠢᠶᠠᠨ ᠤ

︽ᠨᠢᠭᠡ ᠪᠠᠷ ᠨᠢᠭᠡ ᠶᠢ ᠳᠠᠭᠠᠭᠤᠯᠬᠤ︾ ᠨᠠᠷᠢᠯᠢᠭ ᠣᠨᠣᠴᠠᠲᠠᠢ ᠬᠠᠪᠰᠤᠷᠤᠨ ᠲᠡᠳᠬᠦᠬᠦ ᠭᠤᠷᠪᠠᠨ ᠵᠢᠯ ᠤᠨ

ᠠᠵᠢᠯᠯᠠᠭᠠᠨ ᠤ ᠲᠥᠯᠥᠪᠯᠡᠭᠡ ᠪᠣᠯ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ

ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ

ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠤᠷᠭᠠᠨ

ᠬᠥᠮᠥᠵᠢᠯᠲᠡᠨ ᠤ ᠵᠣᠷᠢᠭ ᠰᠠᠨᠠᠭ᠎ᠠ ᠪᠠᠷ ᠰᠦᠭ ᠢ ᠱᠤᠭᠤᠵᠤ ᠪᠠᠭᠰᠢ ᠶᠢ ᠬᠦᠴᠦᠷᠬᠡᠭᠵᠢᠭᠦᠯᠦᠨ᠂ ᠥᠨᠳᠥᠷ ᠬᠡᠪ

ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠴᠢᠬᠤᠯᠠ

ᠠᠷᠭ᠎ᠠ ᠬᠡᠮᠵᠢᠶ᠎ᠡ ᠪᠣᠯᠤᠨ᠎ᠠ ᠭᠡᠵᠦ ᠴᠢᠬᠤᠯᠠᠴᠢᠯᠠᠪᠠ᠃

      ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ

ᠬᠦᠴᠦᠨ ᠴᠢᠳᠠᠯ ᠪᠠ ᠡᠬᠢ ᠪᠠᠶᠠᠯᠢᠭ ᠢᠶᠠᠨ ᠲᠥᠪᠯᠡᠷᠡᠭᠦᠯᠵᠦ᠂ ᠬᠢᠯᠢ ᠬᠢᠵᠠᠭᠠᠷ  ᠤᠨ ᠰᠢᠶᠠᠨ ᠤ ᠪᠠᠭᠰᠢ ᠶᠢᠨ ᠡᠩᠨᠡᠭᠡᠨ ᠤ

ᠪᠠᠶᠢᠭᠤᠯᠤᠯᠲᠠ ᠶᠢ ᠪᠦᠬᠦ ᠬᠦᠴᠦᠨ ᠢᠶᠠᠷ ᠳᠠᠮᠵᠢᠵᠤ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢ ᠰᠤᠳᠤᠯᠤᠨ

ᠪᠣᠯᠪᠠᠰᠤᠷᠠᠭᠤᠯᠬᠤ ᠪᠦᠯᠬᠦᠮ ᠢ ᠪᠠᠶᠢᠭᠤᠯᠵᠤ᠂ ᠨᠢᠭᠡᠨ ᠰᠠᠯᠠᠭ᠎ᠠ ᠨᠡᠷᠡᠲᠦ ᠪᠠᠭᠰᠢ᠂ ᠨᠡᠷᠡᠲᠦ ᠰᠤᠷᠭᠠᠭᠤᠯᠢ ᠶᠢᠨ ᠵᠠᠬᠢᠷᠤᠯ᠂

ᠨᠠᠷᠠᠲᠤ ᠠᠩᠭᠢ ᠶᠢᠨ ᠡᠷᠬᠢᠯᠡᠭᠴᠢ ᠶᠢᠨ ᠡᠩᠨᠡᠭᠡ ᠶᠢ ᠪᠠᠶᠢᠭᠤᠯᠤᠨ᠂ 20 ᠬᠢᠯᠢ ᠬᠢᠵᠠᠭᠠᠷ ᠤᠨ ᠰᠢᠶᠠᠨ ᠪᠠ ᠤᠷᠠᠳ  ᠤᠨ

ᠡᠮᠦᠨᠡᠲᠦ ᠬᠤᠰᠢᠭᠤᠨ ᠤ ᠤᠯᠤᠰ ᠤᠨ ᠳᠡᠰ ᠤᠨ ᠬᠥᠮᠦᠵᠢᠭᠦᠯᠬᠦ ᠲᠥᠷᠥᠯ ᠵᠦᠢᠯ ᠢ ᠪᠠᠭᠰᠢ ᠶᠢ ᠪᠣᠯᠪᠠᠰᠤᠷᠠᠭᠤᠯᠬᠤ

ᠲᠤᠷᠰᠢᠯᠲᠠ ᠶᠢᠨ ᠭᠠᠵᠠᠷ ᠪᠣᠯᠭᠠᠵᠤ᠂ ᠪᠣᠯᠪᠠᠰᠤᠷᠠᠯ ᠢ ᠳᠠᠭᠠᠭᠠᠴᠢᠯᠠᠨ ᠡᠭᠦᠷᠭᠡᠯᠡᠬᠦ ᠶᠡᠭᠡ ᠳᠡᠭᠡᠳᠦ ᠰᠤᠷᠭᠠᠭᠤᠯᠢ ᠳᠤ

ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠯᠢ ᠬᠢᠵᠠᠭᠠᠷ ᠤᠨ ᠡᠯ᠎ᠡ ᠬᠤᠰᠢᠭᠤ ᠰᠢᠶᠠᠨ

ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠭᠰᠢ ᠶᠢ ᠬᠥᠭᠵᠢᠭᠦᠯᠬᠦ ᠭᠤᠣᠯ ᠴᠢᠳᠠᠮᠵᠢ ᠶᠢᠨ

ᠪᠠᠶᠢᠷᠢ ᠲᠣᠭᠲᠠᠭᠠᠯᠲᠠ ᠲᠣᠳᠣᠷᠬᠠᠢ ᠦᠭᠡᠢ᠂ ᠵᠥᠭᠡᠯᠡᠨ ᠬᠠᠲᠠᠭᠤ ᠲᠣᠨᠤᠭ ᠤᠨ ᠪᠠᠶᠢᠭᠤᠯᠤᠯᠲᠠ ᠲᠡᠭᠦᠯᠳᠡᠷ ᠪᠤᠰᠤ᠂

ᠠᠵᠢᠯᠲᠠᠨ ᠤ ᠪᠦᠲᠦᠴᠡ ᠵᠦᠢ ᠵᠣᠬᠢᠰ ᠦᠭᠡᠢ᠂ ᠵᠠᠷᠤᠳᠠᠯ ᠳᠤᠲᠠᠭᠳᠠᠬᠤ᠂ ᠣᠷᠣᠨ ᠲᠤᠭ᠎ᠠ ᠬᠦᠷᠦᠯᠴᠡᠬᠦ ᠦᠭᠡᠢ

ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠨ᠂ ᠵᠢᠭᠠᠬᠤ ᠶᠢ ᠰᠤᠳᠤᠯᠬᠤ᠂ ᠴᠠᠬᠢᠯᠭᠠᠨᠴᠢᠯᠠᠭᠰᠠᠨ ᠰᠤᠷᠭᠠᠨ ᠬᠥᠮᠦᠵᠢᠯ᠂

ᠡᠷᠳᠡᠮ ᠰᠢᠨᠵᠢᠯᠡᠭᠡᠨ᠂ ᠪᠣᠯᠪᠠᠰᠤᠷᠠᠯ ᠵᠡᠷᠭᠡ ᠰᠠᠯᠠᠭ᠎ᠠ ᠮᠥᠴᠢᠷ ᠤᠨ ᠡᠭᠦᠷᠭᠡ ᠴᠢᠳᠠᠮᠵᠢ ᠪᠠ ᠡᠬᠢ ᠪᠠᠶᠠᠯᠢᠭ ᠢ ᠡᠮᠬᠢᠯᠡᠨ

ᠨᠡᠶᠢᠯᠡᠭᠦᠯᠵᠦ᠂ ᠰᠢᠶᠠᠨ ᠤ ᠬᠡᠪᠴᠢᠶᠡᠨ ᠤ ᠪᠠᠭᠰᠢ ᠶᠢᠨ ᠥᠰᠦᠨ ᠪᠣᠶᠢᠵᠢᠯᠲᠠ ᠶᠢ ᠳᠡᠮᠵᠢᠬᠦ ᠰᠤᠷᠤᠯᠴᠠᠬᠤ ᠲᠥᠪ᠂

ᠰᠤᠳᠤᠯᠬᠤ ᠲᠥᠪ᠂ ᠡᠬᠢ ᠪᠠᠶᠠᠯᠢᠭ ᠤᠨ ᠲᠥᠪ᠂ ᠮᠡᠳᠡᠭᠡ ᠵᠠᠩᠭᠢ ᠶᠢᠨ ᠲᠥᠪ᠂ ᠦᠷ᠎ᠡ ᠪᠦᠲᠦᠭᠡᠯ ᠢ ᠳᠡᠯᠭᠡᠷᠡᠭᠦᠯᠬᠦ

ᠲᠥᠪ ᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃

   

2.webp.png

3.webp.png

4.webp.png

      ᠲᠥᠷᠥᠯ ᠵᠦᠢᠯ ᠢ ᠲᠠᠭᠠᠭᠠᠴᠢᠯᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠪᠠ ᠲᠥᠷᠥᠯ ᠵᠦᠢᠯ ᠢ

ᠬᠡᠷᠡᠭᠵᠢᠭᠦᠯᠬᠦ ᠠᠶᠢᠮᠠᠭ ᠬᠤᠲᠠ᠂ ᠬᠤᠰᠢᠭᠤ ᠰᠢᠶᠠᠨ ᠤ ᠬᠠᠷᠢᠭᠤᠴᠠᠯᠭᠠᠲᠠᠨ ᠳᠤᠭᠤᠶᠢᠯᠠᠩ ᠬᠤᠪᠢᠶᠠᠨ ᠰᠣᠯᠢᠯᠴᠠᠵᠤ

ᠰᠣᠳᠤᠯᠤᠨ ᠶᠠᠷᠢᠯᠴᠠᠵᠤ ᠪᠠᠶᠢᠭ᠎ᠠ ᠨᠢ

      ᠡᠨᠡ ᠤᠳᠠᠭᠠᠨ ᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠵᠦ᠂ ᠲᠥᠷᠥᠯ

ᠵᠦᠢᠯ ᠢ ᠳᠠᠭᠠᠭᠠᠴᠢᠯᠠᠨ ᠡᠷᠬᠢᠯᠡᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠪᠡᠭᠡᠵᠢᠩ ᠪᠠᠭᠰᠢ ᠶᠢᠨ ᠶᠡᠭᠡ ᠰᠤᠷᠭᠠᠭᠤᠯᠢ᠂

ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠬᠤᠸᠠᠵᠦ᠋ᠩ

ᠪᠠᠭᠰᠢ  ᠶᠢᠨ ᠶᠡᠭᠡ ᠰᠤᠷᠭᠠᠭᠤᠯᠢ᠂ ᠱᠠᠨᠰᠢ ᠪᠠᠭᠰᠢ ᠶᠢᠨ ᠶᠡᠭᠡ ᠰᠤᠷᠭᠠᠭᠤᠯᠢ᠂ ᠰᠢ ᠨᠠᠨ ᠶᠡᠭᠡ ᠰᠤᠷᠭᠠᠭᠤᠯᠢ᠂ ᠥᠪᠥᠷ

ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠤᠨ ᠬᠤᠰᠢᠭᠤ ᠰᠢᠶᠠᠨ ᠤ ᠪᠠᠶᠢᠭ᠎ᠠ 7

ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠬᠢᠯᠢ ᠬᠢᠵᠠᠭᠠᠷ ᠤᠨ 20 ᠬᠤᠰᠢᠭᠤ ᠰᠢᠶᠠᠨ ᠤ

ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠤᠨ

ᠲᠤᠬᠠᠶᠢᠯᠠᠭᠰᠠᠨ ᠠᠵᠢᠯ ᠤᠨ ᠰᠠᠯᠠᠭ᠎ᠠ ︵ᠲᠠᠰᠤᠭ︶ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map