ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠤᠷᠤᠯᠳᠤᠭᠠᠨ ᠵᠢᠴᠢ ᠤᠯᠤᠰ ᠤᠨ ᠤᠷᠤᠯᠳᠤᠭᠠᠨ ᠤ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/10/22
      2024 ᠣᠨ ᠤ 10 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠤᠷᠤᠯᠳᠤᠭᠠᠨ ᠵᠢᠴᠢ ᠤᠯᠤᠰ ᠤᠨ ᠤᠷᠤᠯᠳᠤᠭᠠᠨ ᠤ ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠳ᠋ᠦ᠋ ᠰᠢᠶᠣᠤ ᠳ᠋ᠦᠩ ᠤᠭᠲᠤᠬᠤ ᠦᠭᠡ ᠬᠡᠯᠡᠪᠡ᠃   

1.webp.png

   

      ᠪᠦᠬᠦ ᠣᠷᠣᠨ ᠤ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ          

ᠬᠠᠤᠯᠢ ᠶᠢ ᠡᠷᠬᠢᠮᠯᠡᠬᠦ︾ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠢ ᠬᠤᠶᠠᠷ ᠱᠠᠲᠤ ᠬᠤᠪᠢᠶᠠᠵᠤ

ᠶᠠᠪᠤᠭᠳᠠᠭᠤᠯᠪᠠ᠃ ᠨᠢᠭᠡᠳᠦᠭᠡᠷ ᠱᠠᠲᠤᠨ ᠤ ᠰᠦᠯᠵᠢᠶᠡᠨ ᠳᠠᠬᠢ ᠬᠤᠶᠠᠳᠠᠬᠢ ᠤᠷᠤᠯᠳᠤᠭᠠᠨ ᠳᠤ᠂ 9 ᠳ᠋ᠦ᠋ᠭᠡᠷ

ᠰᠠᠷ᠎ᠠ ᠶᠢᠨ ᠬᠤᠷᠢᠳ ᠢᠶᠠᠷ ᠪᠦᠬᠦ ᠣᠷᠣᠨ ᠤ 12 ᠠᠶᠢᠮᠠᠭ ᠬᠤᠲᠠ᠂ 42 ᠶᠡᠭᠡ ᠳᠡᠭᠡᠳᠦ ᠰᠤᠷᠭᠠᠭᠤᠯᠢ ᠶᠢᠨ 144

ᠰᠤᠷᠤᠭᠴᠢ ᠰᠢᠯᠭᠠᠷᠠᠭᠤᠯᠤᠯᠲᠠ ᠳᠤ ᠣᠷᠣᠯᠴᠠᠵᠤ᠂ ᠬᠠᠮᠤᠭ ᠤᠨ ᠡᠴᠦᠰ ᠲᠤ 26 ᠰᠤᠷᠤᠭᠴᠢ ᠰᠢᠢᠳᠪᠦᠷᠢᠲᠦ

ᠤᠷᠤᠯᠳᠤᠭᠠᠨ ᠳᠤ ᠠᠮᠵᠢᠯᠲᠠᠲᠠᠢ ᠲᠠᠰ ᠳᠡᠪᠰᠢᠨ ᠣᠷᠣᠪᠠ᠃ ᠬᠤᠶᠠᠳᠤᠭᠠᠷ ᠱᠠᠲᠤᠨ ᠤ ᠰᠦᠯᠵᠢᠶᠡᠨ ᠭᠠᠳᠠᠨᠠᠬᠢ

ᠰᠢᠢᠳᠪᠦᠷᠢᠲᠦ ᠤᠷᠤᠯᠳᠤᠭᠠᠨ ᠳᠤ ᠡᠯ᠎ᠡ ᠰᠤᠷᠤᠯᠭ᠎ᠠ ᠶᠢᠨ ᠱᠠᠲᠤ᠂ ᠡᠯ᠎ᠡ ᠠᠶᠢᠮᠠᠭ ᠬᠤᠲᠠ ᠠᠴᠠ ᠢᠷᠡᠭᠰᠡᠨ 26

ᠰᠢᠯᠢᠳᠡᠭ ᠰᠤᠷᠤᠭᠴᠢ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠴᠤᠭᠯᠠᠷᠠᠵᠤ᠂ ᠦᠨᠳᠦᠰᠦᠨ ᠬᠠᠤᠯᠢ ᠶᠢᠨ

ᠦᠯᠢᠭᠡᠷ ᠢ ᠬᠠᠮᠲᠤ ᠳᠤ ᠪᠠᠨ ᠶᠠᠷᠢᠵᠤ᠂ ᠦᠨᠳᠦᠰᠦᠨ ᠬᠠᠤᠯᠢ ᠶᠢᠨ ᠢᠲᠡᠭᠡᠯ ᠪᠢᠰᠢᠷᠡᠯ ᠢ ᠬᠠᠮᠲᠤ ᠳᠤ ᠪᠠᠨ ᠶᠠᠷᠢᠨ᠂

ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ  ᠤᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠪᠡ᠃

   

2.png

      ᠤᠷᠤᠯᠳᠤᠭᠠᠨ ᠳᠤ ᠣᠷᠣᠯᠴᠠᠭᠰᠠᠳ ᠦᠨᠳᠦᠰᠦᠨ ᠬᠠᠤᠯᠢ ᠶᠢᠨ ᠮᠡᠳᠡᠯᠭᠡ ᠶᠢ ᠭᠦᠨᠵᠡᠭᠡᠢ ᠣᠶᠢᠯᠠᠭᠠᠭᠰᠠᠨ ᠪᠠ

ᠪᠣᠯᠪᠠᠰᠤᠷᠠᠩᠭᠤᠢ ᠡᠵᠡᠮᠰᠢᠭᠰᠡᠨ ᠢᠶᠠᠷ ᠪᠠᠷᠠᠬᠤ ᠦᠭᠡᠢ᠂ ᠦᠢᠯᠡᠳᠦᠯᠭᠡ ᠶᠢᠨ ᠶᠠᠪᠤᠴᠠ ᠳᠤ ᠬᠠᠤᠯᠢ ᠴᠠᠭᠠᠵᠠ ᠶᠢᠨ

ᠮᠡᠳᠡᠯᠭᠡ ᠶᠢ ᠬᠡᠷᠡᠭᠯᠡᠬᠦ ᠴᠢᠳᠠᠪᠤᠷᠢ ᠢᠶᠠᠨ ᠢᠯᠡᠷᠡᠭᠦᠯᠪᠡ᠃ ᠱᠠᠲᠤ ᠱᠠᠲᠤ ᠪᠠᠷ ᠰᠢᠯᠭᠠᠷᠠᠭᠤᠯᠤᠨ᠂ ᠬᠤᠷᠴᠠ ᠰᠢᠷᠦᠭᠦᠨ

ᠮᠥᠷᠦᠶᠢᠴᠡᠬᠦ ᠪᠠᠷ ᠳᠠᠮᠵᠢᠨ᠂ ᠬᠠᠮᠤᠭ  ᠤᠨ ᠡᠴᠦᠰ ᠲᠤ ᠶᠠᠷᠢᠶᠠᠨ ᠤ ᠤᠷᠤᠯᠳᠤᠭᠠᠨ ᠤ ᠪᠠᠭ᠎ᠠ ᠰᠤᠷᠭᠠᠭᠤᠯᠢ ᠶᠢᠨ

ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠳᠤᠭᠤᠶᠢᠯᠠᠩ᠂ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠤᠨ ᠮᠠᠩᠯᠠᠢ ᠶᠢ ᠲᠤᠰ ᠲᠤᠰ ᠨᠢᠭᠡ

ᠨᠡᠷ᠎ᠡ ᠰᠢᠯᠭᠠᠷᠠᠭᠤᠯᠪᠠ︔ ᠬᠠᠤᠯᠢ ᠪᠠᠷ ᠵᠠᠰᠠᠬᠤ ᠬᠡᠪ ᠪᠣᠯᠪᠠᠰᠤᠷᠠᠯ ᠤᠨ ᠤᠷᠤᠯᠳᠤᠭᠠᠨ ᠤ ᠪᠠᠭ᠎ᠠ ᠰᠤᠷᠭᠠᠭᠤᠯᠢ ᠶᠢᠨ

ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠳᠤᠭᠤᠶᠢᠯᠠᠩ᠂ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠤᠨ ᠮᠠᠩᠯᠠᠢ ᠶᠢ ᠲᠤᠰ ᠲᠤᠰ ᠨᠢᠭᠡ

ᠨᠡᠷ᠎ᠡ ᠰᠢᠯᠭᠠᠷᠠᠭᠤᠯᠪᠠ᠃ ᠰᠢᠯᠭᠠᠷᠠᠭᠤᠯᠤᠭᠰᠠᠨ 8 ᠰᠤᠷᠤᠭᠴᠢ ᠲᠥᠯᠥᠭᠡᠯᠡᠭᠴᠢᠳ ᠤᠨ ᠠᠩᠭᠢ ᠶᠢ ᠪᠦᠷᠢᠯᠳᠦᠭᠦᠯᠵᠦ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠪᠦᠬᠦ ᠤᠯᠤᠰ ᠤᠨ ᠶᠡᠷᠦᠩᠬᠡᠢ ᠰᠢᠢᠳᠪᠦᠷᠢᠲᠦ

ᠤᠷᠤᠯᠳᠤᠭᠠᠨ ᠳᠤ ᠣᠷᠣᠯᠴᠠᠬᠤ ᠪᠣᠯᠤᠨ᠎ᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠠᠯᠠᠭᠤᠴᠤᠳ ᠪᠠᠭᠠᠴᠤᠳ ᠤᠨ

ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠵᠠᠯᠠᠭᠤ

ᠨᠠᠰᠤᠨ ᠳᠤ ᠪᠠᠨ ᠬᠤᠷᠠᠨ ᠴᠤᠭᠯᠠᠷᠠᠵᠤ᠂ ᠤᠮᠠᠷᠠᠲᠤ ᠬᠢᠯᠢ ᠶᠢ ᠬᠠᠤᠯᠢ ᠪᠠᠷ ᠵᠠᠰᠠᠬᠤ︾ 2024 ᠣᠨ ᠤ ᠪᠦᠬᠦ

ᠣᠷᠣᠨ ᠤ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠢᠷᠢᠰ ᠠᠵᠢᠯᠯᠠᠭ᠎ᠠ ᠶᠢ

ᠡᠬᠢᠯᠡᠭᠦᠯᠦᠭᠰᠡᠨ ᠠᠴᠠ ᠨᠠᠭᠠᠰᠢ᠂ ᠣᠯᠠᠨ ᠡᠰᠢᠲᠦ ᠰᠢᠨᠵᠢᠯᠡᠬᠦ ᠤᠬᠠᠭᠠᠨᠴᠢ 6 ᠶᠡᠭᠡ ᠲᠥᠷᠥᠯ ᠤᠨ 16 ᠵᠦᠢᠯ ᠤᠨ

ᠠᠵᠢᠯᠯᠠᠭ᠎ᠠ ᠶᠢ ᠲᠥᠯᠥᠪᠯᠡᠪᠡ᠃ ᠠᠵᠢᠯᠯᠠᠭ᠎ᠠ ᠨᠢ ᠰᠤᠷᠭᠠᠭᠤᠯᠢ᠂ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠪᠠᠷ

ᠤᠳᠤᠷᠢᠳᠤᠮᠵᠢ ᠪᠣᠯᠭᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠣᠨᠴᠠᠯᠢᠭ ᠲᠤ ᠳᠣᠭᠢᠷᠬᠠᠰᠠᠨ ᠦᠭᠡ

ᠬᠡᠯᠡ ᠪᠠᠷ ᠠᠴᠢᠶᠠᠯᠠᠪᠤᠷᠢ ᠪᠣᠯᠭᠠᠵᠤ᠂ ᠵᠠᠯᠠᠭᠤᠴᠤᠳ ᠪᠠᠭᠠᠴᠤᠳ ᠤᠨ ᠡᠳᠦᠷ ᠲᠤᠲᠤᠮ ᠤᠨ ᠰᠤᠷᠤᠯᠴᠠᠯᠭ᠎ᠠ

ᠠᠮᠢᠳᠤᠷᠠᠯ ᠵᠢᠴᠢ ᠡᠷᠡᠭᠦᠯ ᠢᠶᠠᠷ ᠥᠰᠦᠨ ᠪᠤᠶᠢᠵᠢᠬᠤ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ

ᠳᠦᠷᠢᠮ ᠢ ᠥᠷᠭᠡᠨ ᠢᠶᠠᠷ ᠤᠬᠠᠭᠤᠯᠵᠤ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ

ᠬᠥᠮᠦᠵᠢᠯ ᠢ ᠬᠢᠴᠢᠶᠡᠯ ᠤᠨ ᠲᠠᠩᠬᠢᠮ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠭᠡᠷ ᠤᠨ ᠬᠥᠮᠦᠵᠢᠯ᠂ ᠨᠡᠶᠢᠭᠡᠮ ᠤᠨ

ᠦᠢᠯᠡᠳᠦᠯᠭᠡ ᠵᠡᠷᠭᠡ ᠡᠯ᠎ᠡ ᠭᠤᠭᠴᠤᠭ᠎ᠠ ᠳᠤ ᠠᠭᠤᠰᠬᠠᠵᠤ᠂ ᠵᠠᠯᠠᠭᠤᠴᠤᠳ ᠪᠠᠭᠠᠴᠤᠳ ᠤᠨ ᠬᠠᠤᠯᠢ ᠠᠴᠠ

ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠢ ᠤᠷᠢᠳᠴᠢᠯᠠᠨ ᠰᠡᠷᠭᠡᠶᠢᠯᠡᠪᠡ᠃ ᠡᠯ᠎ᠡ ᠠᠶᠢᠮᠠᠭ ᠬᠤᠲᠠ᠂ ᠡᠯ᠎ᠡ

ᠳᠡᠭᠡᠳᠦ ᠰᠤᠷᠭᠠᠭᠤᠯᠢ ᠶᠢᠨ ᠬᠢᠨ ᠰᠢᠰᠲ᠋ᠧᠮ ᠲᠠᠢ ᠬᠦᠴᠦᠯᠡᠨ᠂ ᠬᠠᠷᠢᠶᠠᠯᠠᠭᠳᠠᠬᠤ ᠡᠯ᠎ᠡ ᠰᠤᠷᠭᠠᠭᠤᠯᠢ ᠪᠣᠯᠤᠨ ᠳᠡᠭᠡᠳᠦ

ᠰᠤᠷᠭᠠᠭᠤᠯᠢ ᠰᠠᠯᠪᠤᠷᠢ ᠶᠢᠨ ᠬᠤᠯᠪᠣᠭᠳᠠᠯ ᠪᠦᠬᠦᠢ ᠠᠵᠢᠯ ᠤᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ

ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠯᠡᠵᠦ᠂ ᠵᠠᠯᠠᠭᠤᠴᠤᠳ ᠪᠠᠭᠠᠴᠤᠳ ᠤᠨ ᠬᠠᠤᠯᠢ ᠶᠢ ᠮᠡᠳᠡᠬᠦ᠂

ᠬᠠᠤᠯᠢ ᠶᠢ ᠰᠤᠷᠤᠯᠴᠠᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠠᠬᠢᠭᠤᠯᠬᠤ

ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠬᠠᠭᠤᠯᠭ᠎ᠠ ᠬᠥᠮᠦᠵᠢᠯ ᠤᠨ ᠲᠠᠯ᠎ᠠ ᠪᠠᠷ ᠲᠣᠪᠤᠶᠢᠮ᠎ᠠ

ᠦᠷ᠎ᠡ ᠪᠦᠲᠦᠮᠵᠢ ᠣᠯᠪᠠ᠃

   

3.webp.png

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠪᠦᠬᠦ ᠣᠷᠣᠨ ᠤ ᠡᠯ᠎ᠡ ᠭᠠᠵᠠᠷ ᠤᠨ

ᠡᠯ᠎ᠡ ᠰᠤᠷᠭᠠᠭᠤᠯᠢ ᠶᠢᠨ ᠬᠢᠨ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ

ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠠᠵᠢᠯᠯᠠᠭᠠᠨ ᠤ ᠠᠴᠢᠶᠠᠯᠠᠪᠤᠷᠢ ᠶᠢ ᠰᠠᠶᠢᠲᠤᠷ

ᠬᠡᠷᠡᠭᠯᠡᠵᠦ᠂ ᠵᠠᠯᠠᠭᠤᠴᠤᠳ ᠪᠠᠭᠠᠴᠤᠳ ᠠᠵᠢᠯᠯᠠᠭ᠎ᠠ ᠳᠤ ᠣᠷᠣᠯᠴᠠᠬᠤ ᠶᠠᠪᠤᠴᠠ ᠳᠤ ᠬᠠᠤᠯᠢ ᠴᠠᠭᠠᠵᠠ ᠶᠢᠨ

ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠬᠢᠴᠢᠶᠡᠯ ᠤᠨ ᠲᠠᠩᠬᠢᠮ ᠤᠨ ᠵᠢᠭᠰᠠᠭᠠᠯ ᠤᠨ ᠭᠠᠵᠠᠷ ᠢ ᠰᠠᠶᠢᠲᠤᠷ

ᠠᠰᠢᠭᠯᠠᠵᠤ᠂ ᠵᠠᠯᠠᠭᠤᠴᠤᠳ ᠪᠠᠭᠠᠴᠤᠳ ᠰᠤᠷᠤᠯᠴᠠᠬᠤ ᠶᠠᠪᠤᠴᠠ ᠳᠤ ᠪᠠᠨ ᠬᠠᠤᠯᠢ ᠪᠠᠷ ᠵᠠᠰᠠᠬᠤ  ᠰᠡᠳᠬᠢᠮᠵᠢ ᠢ ᠪᠣᠢ

ᠪᠣᠯᠭᠠᠬᠤ ᠬᠡᠷᠡᠭᠲᠡᠢ᠃ ᠦᠢᠯᠡᠳᠦᠯᠭᠡ ᠶᠢᠨ ᠵᠢᠭᠠᠨ ᠰᠤᠷᠭᠠᠯᠲᠠ ᠶᠢ ᠰᠠᠶᠢᠲᠤᠷ ᠬᠡᠷᠡᠭᠯᠡᠵᠦ᠂ ᠵᠠᠯᠠᠭᠤᠴᠤᠳ ᠪᠠᠭᠠᠴᠤᠳ

ᠪᠡᠶ᠎ᠡ ᠪᠠᠷ ᠢᠶᠠᠨ  ᠣᠷᠣᠯᠴᠠᠬᠤ ᠶᠠᠪᠤᠴᠠ ᠳᠤ ᠬᠠᠤᠯᠢ ᠪᠠᠷ ᠵᠠᠰᠠᠬᠤ ᠦᠵᠡᠯᠲᠡ ᠶᠢ ᠪᠠᠲᠤ ᠪᠠᠬᠢ ᠪᠣᠢ ᠪᠣᠯᠭᠠᠬᠤ

ᠬᠡᠷᠡᠭᠲᠡᠢ ᠭᠡᠵᠦ ᠱᠠᠭᠠᠷᠳᠠᠪᠠ᠃

   

4.webp.png

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map