ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠤᠶᠠᠳᠤᠭᠠᠷ ᠪᠦᠯᠦᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/10/22
      10 ᠳ᠋ᠤᠭᠠᠷ ᠰᠠᠷ᠎ᠠ ᠶᠢᠨ 19 - 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠬᠡᠬᠤᠲᠠ ᠳᠤ ᠬᠤᠶᠠᠳᠤᠭᠠᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠡᠯ᠎ᠡ ᠠᠶᠢᠮᠠᠭ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭᠠᠲᠠᠨ ᠵᠢᠴᠢ ᠠᠯᠪᠠᠨ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠶᠢᠨ ᠡᠯ᠎ᠡ ᠰᠤᠷᠭᠠᠭᠤᠯᠢ ᠶᠢᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭᠠᠲᠠᠨ 170 ᠭᠠᠷᠤᠢ ᠬᠥᠮᠦᠨ ᠪᠣᠯᠪᠠᠰᠤᠷᠠᠯ  ᠳᠤ ᠣᠷᠣᠯᠴᠠᠵᠠᠢ᠃

1.jpg

      ᠪᠣᠯᠪᠠᠰᠤᠷᠠᠯ ᠢ ᠣᠨᠣᠯ ᠤᠨ ᠲᠠᠶᠢᠯᠤᠮᠵᠢ ᠪᠠ ᠪᠣᠳᠠᠲᠠᠢ ᠠᠵᠢᠯᠯᠠᠭ᠎ᠠ ᠭᠡᠵᠦ ᠬᠤᠶᠠᠷ ᠬᠤᠪᠢᠶᠠᠵᠤ᠂ ᠭᠤᠣᠯᠳᠠᠭᠤ

ᠰᠤᠷᠭᠠᠭᠤᠯᠢ ᠶᠢᠨ ᠬᠦᠷᠢᠶᠡᠨ ᠳᠤ ᠠᠮᠤᠷ ᠲᠦᠪᠰᠢᠨ ᠴᠠᠬᠢᠯᠭᠠᠨ ᠬᠡᠷᠡᠭᠯᠡᠬᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ

ᠪᠡᠯᠡᠳᠬᠡᠮᠵᠢ ᠶᠢ ᠬᠡᠷᠡᠭᠯᠡᠵᠦ ᠬᠠᠮᠠᠭᠠᠯᠠᠬᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ

ᠵᠡᠷᠭᠡ ᠲᠠᠯ᠎ᠠ ᠪᠠᠷ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠪᠣᠯᠪᠠᠰᠤᠷᠠᠯ ᠳᠤ

ᠣᠷᠣᠯᠴᠠᠭᠰᠠᠳ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠡᠯᠡᠳᠬᠡᠮᠵᠢ ᠶᠢᠨ ᠠᠵᠢᠯᠲᠠᠨ ᠤ ᠳᠤᠮᠳᠠ ᠵᠡᠷᠭᠡ ᠶᠢᠨ

ᠠᠵᠢᠯᠴᠢᠨ ᠤ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠢ ᠰᠢᠯᠭᠠᠨ ᠠᠪᠴᠤ᠂ ᠰᠤᠷᠭᠠᠨ ᠬᠥᠮᠦᠵᠢᠯ ᠤᠨ

ᠰᠢᠰᠲ᠋ᠧᠮ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠢ ᠮᠡᠷᠭᠡᠵᠢᠯ ᠤᠨ ᠠᠵᠢᠯᠲᠠᠨ ᠤ ᠦᠨᠡᠮᠯᠡᠯ ᠢᠶᠠᠷ

ᠠᠵᠢᠯ ᠤᠨ ᠪᠠᠶᠢᠷᠢ ᠳᠤ ᠭᠠᠷᠬᠤ ᠶᠢ ᠪᠦᠬᠦ ᠲᠠᠯ᠎ᠠ ᠪᠠᠷ ᠪᠡᠶᠡᠯᠡᠭᠦᠯᠪᠡ᠃

2.jpg

      ᠡᠨᠡ ᠤᠳᠠᠭᠠᠨ ᠤ ᠪᠣᠯᠪᠠᠰᠤᠷᠠᠯ ᠨᠢ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ

ᠠᠮᠤᠷ ᠲᠦᠪᠰᠢᠨ ᠤ ᠪᠣᠳᠠᠲᠤ ᠪᠠᠶᠢᠳᠠᠯ ᠪᠠ ᠠᠮᠤᠷ ᠲᠠᠶᠢᠪᠤᠭᠤᠨ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢᠨ

ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠰᠤᠷᠭᠠᠨ ᠬᠥᠮᠦᠵᠢᠯ ᠤᠨ ᠰᠢᠰᠲ᠋ᠧᠮ ᠤᠨ ᠬᠠᠮᠢᠶᠠᠷᠤᠯᠲᠠ ᠶᠢᠨ

ᠠᠵᠢᠯᠲᠠᠨ ᠤ ᠠᠮᠤᠷ ᠲᠦᠪᠰᠢᠨ ᠤ ᠤᠬᠠᠮᠰᠠᠷ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠢ ᠮᠡᠷᠭᠡᠵᠢᠯ ᠤᠨ

ᠬᠢᠷᠢ ᠲᠦᠪᠰᠢᠨ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠵᠤ᠂ ᠪᠦᠬᠦ

ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠡᠩᠨᠡᠭᠡᠨ ᠤ

ᠴᠢᠳᠠᠪᠤᠷᠢᠲᠠᠨ ᠤ ᠬᠦᠴᠦᠨ ᠢ ᠨᠥᠭᠡᠴᠡᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ

ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map