ᠥᠪᠡᠷᠲᠡᠭᠡᠨ ᠵᠠᠰᠠᠬᠤ ᠣᠷᠣᠨ ᠶᠡᠭᠡ ᠳᠡᠭᠡᠳᠦ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠰᠤᠷᠤᠯᠴᠠᠯᠭ᠎ᠠ ᠶᠢᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/10/22
      10 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠰᠤᠷᠤᠯᠴᠠᠬᠤ ᠠᠩᠭᠢ ᠱᠠᠨᠳᠦ᠋ᠩ ᠪᠠᠭᠰᠢ ᠶᠢᠨ ᠶᠡᠭᠡ ᠰᠤᠷᠭᠠᠭᠤᠯᠢ ᠳᠤ ᠰᠤᠷᠤᠯᠭ᠎ᠠ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠤᠪᠢᠳᠠᠨ ᠬᠠᠮᠢᠶᠠᠷᠴᠤ ᠪᠠᠶᠢᠭ᠎ᠠ ᠰᠤᠷᠭᠠᠭᠤᠯᠢ ᠶᠢᠨ ᠤᠳᠤᠷᠢᠳᠤᠯᠭ᠎ᠠ ᠵᠢᠴᠢ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ 90 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠵᠠᠢ᠃   

1.webp.png

      ᠡᠨᠡ ᠤᠳᠠᠭᠠᠨ ᠤ ᠪᠣᠯᠪᠠᠰᠤᠷᠠᠯ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ᠂ ᠪᠡᠭᠡᠵᠢᠩ

ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠤ

ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ

ᠰᠤᠳᠤᠯᠭᠠᠨ ᠤ ᠬᠦᠷᠢᠶᠡᠯᠡᠩ ᠵᠡᠷᠭᠡ ᠶᠢᠨ ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠵᠤ ᠤᠯᠤᠰ ᠤᠨ ᠠᠮᠤᠷ

ᠲᠦᠪᠰᠢᠨ᠂ ᠠᠮᠤᠷ ᠲᠦᠪᠰᠢᠨ  ᠤ ᠬᠠᠮᠢᠶᠠᠷᠤᠯᠲᠠ ᠶᠢᠨ ᠳᠣᠭᠲᠠᠯᠴᠠᠭ᠎ᠠ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ

ᠳᠣᠭᠲᠠᠯᠴᠠᠭᠠᠨ  ᠤ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠭᠤᠯᠵᠤ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠠᠤᠯᠢ ᠪᠠᠷ ᠵᠠᠰᠠᠬᠤ

ᠰᠤᠷᠭᠠᠨ ᠬᠥᠮᠦᠵᠢᠯ ᠤᠨ ᠲᠥᠪ ᠤᠨ ᠡᠷᠬᠢᠯᠡᠭᠴᠢ ᠵᠣᠣ ᠵᠢᠶᠠᠨ ᠮᠢᠨ ᠪᠠ ᠥᠪᠡᠷᠲᠡᠭᠡᠨ ᠵᠠᠰᠠᠬᠤ ᠣᠷᠣᠨ ᠤ

ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠡᠷᠦᠩᠬᠡᠢ

ᠠᠩᠭᠢ ᠶᠢᠨ ᠽᠥᠩ ᠯᠢᠩ ᠱᠠᠨ ᠳᠡᠳ᠋ ᠶᠡᠷᠦᠩᠬᠡᠢ ᠠᠩᠭᠢ ᠶᠢᠨ ᠳᠠᠷᠤᠭ᠎ᠠ ᠶᠢ ᠲᠤᠰᠬᠠᠶᠢᠯᠠᠨ ᠤᠷᠢᠵᠤ ᠲᠤᠰᠬᠠᠢ

ᠰᠡᠳᠦᠪ ᠢᠶᠠᠷ ᠬᠠᠪᠰᠤᠷᠤᠨ ᠵᠢᠯᠣᠭᠤᠳᠤᠭᠤᠯᠵᠤ᠂ ᠣᠳᠣᠬᠠᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ

ᠠᠮᠤᠷ ᠲᠦᠪᠰᠢᠨ ᠤ ᠠᠵᠢᠯ ᠳᠤ ᠲᠤᠯᠭᠠᠷᠠᠵᠤ ᠪᠠᠶᠢᠭ᠎ᠠ ᠳᠣᠪᠤᠶᠢᠮ᠎ᠠ ᠠᠰᠠᠭᠤᠳᠠᠯ ᠪᠠ ᠵᠥᠷᠢᠴᠡᠯ ᠢ ᠬᠠᠨᠳᠤᠯᠭᠠᠲᠠᠢ

ᠰᠢᠢᠳᠪᠦᠷᠢᠯᠡᠪᠡ᠃ ᠬᠤᠷᠠᠯ ᠳᠡᠭᠡᠷ᠎ᠡ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ

ᠰᠤᠷᠭᠠᠭᠤᠯᠢ ᠶᠢᠨ ᠡᠳᠦᠷ ᠲᠤᠲᠤᠮ ᠤᠨ ᠠᠮᠤᠷ ᠲᠦᠪᠰᠢᠨ ᠤ ᠠᠵᠢᠯ ᠤᠨ ᠵᠦᠭᠯᠡᠭᠦᠷ ︵ᠬᠢᠨᠠᠨ ᠵᠥᠪᠯᠡᠬᠦ ᠨᠣᠣᠷᠠᠭ︶︾ ᠢ

ᠬᠠᠮᠲᠤ ᠳᠤ ᠪᠠᠨ ᠰᠣᠳᠤᠯᠵᠤ ᠬᠢᠨᠠᠨ ᠵᠥᠪᠯᠡᠪᠡ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠶᠡᠭᠡ ᠳᠡᠭᠡᠳᠦ ᠰᠤᠷᠭᠠᠭᠤᠯᠢ ᠶᠢᠨ

ᠠᠮᠤᠷ ᠲᠣᠭᠲᠠᠭᠤᠨ ᠪᠣᠯ ᠶᠡᠭᠡ ᠳᠡᠭᠡᠳᠦ ᠰᠤᠷᠭᠠᠭᠤᠯᠢ ᠶᠢᠨ ᠠᠭᠤᠯᠤᠭᠳᠠᠬᠤᠨᠲᠤ ᠮᠠᠶ᠋ᠢᠭ ᠤᠨ ᠬᠥᠭᠵᠢᠯᠲᠡ ᠶᠢ

ᠪᠡᠶᠡᠯᠡᠭᠦᠯᠬᠦ ᠶᠢᠨ ᠤᠷᠢᠲᠠᠯ ᠰᠠᠭᠤᠷᠢ ᠮᠥᠨ᠃ ᠣᠳᠣᠬᠠᠨ ᠳᠤ ᠮᠠᠨ ᠤ ᠣᠷᠣᠨ ᠶᠠᠭ ᠰᠤᠷᠭᠠᠨ ᠬᠥᠮᠦᠵᠢᠯ ᠢᠶᠠᠷ

ᠣᠷᠣᠨ ᠢᠶᠠᠨ ᠬᠦᠴᠦᠷᠬᠡᠭᠵᠢᠭᠦᠯᠬᠦ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠂ ᠡᠯ᠎ᠡ ᠳᠡᠭᠡᠳᠦ

ᠰᠤᠷᠭᠠᠭᠤᠯᠢ ᠶᠢᠨ ᠬᠢᠨ ︽ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ᠂ ᠪᠠᠭᠰᠢ ᠰᠤᠷᠤᠭᠴᠢᠳ ᠤᠨ ᠠᠮᠤᠷ

ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂

ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂

ᠰᠤᠷᠭᠠᠭᠤᠯᠢ ᠶᠢᠨ ᠬᠦᠷᠢᠶᠡᠨ ᠤ ᠠᠮᠤᠷ ᠲᠣᠭᠲᠠᠭᠤᠨ ᠢ ᠢᠮᠠᠭᠲᠠ ᠲᠡᠷᠢᠭᠦᠨ ᠴᠢᠬᠤᠯᠠ ᠠᠵᠢᠯ ᠤᠨ ᠡᠭᠦᠷᠭᠡ ᠪᠣᠯᠭᠠᠨ

ᠪᠣᠳᠠᠲᠠᠶᠢᠵᠢᠭᠤᠯᠵᠤ ᠴᠢᠩᠭ᠎ᠠ ᠠᠳᠬᠤᠵᠤ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤ ᠨᠢ ᠯᠠᠪᠳᠠᠭᠤᠨ ᠪᠠᠲᠤᠲᠠᠢ

ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠭᠡᠮ ᠢ ᠡᠷᠡᠰ ᠰᠡᠷᠭᠡᠶᠢᠯᠡᠨ ᠠᠷᠢᠯᠭᠠᠵᠤ᠂

ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠥᠨᠳᠥᠷ ᠬᠢᠷᠢ ᠲᠦᠪᠰᠢᠨ ᠢᠶᠠᠷ ᠰᠤᠷᠭᠠᠨ

ᠬᠥᠮᠦᠵᠢᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map