ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠪᠡᠳᠡᠭᠰᠢ ᠶᠡᠭᠡ ᠪᠠᠷ ᠡᠬᠢᠯᠡᠪᠡ ᠱᠧᠨ ᠢ ᠴᠢᠨ ᠣᠷᠣᠯᠴᠠᠵᠤ ᠴᠤᠭᠯᠠᠭᠠᠨ ᠡᠬᠢᠯᠡᠭᠰᠡᠨ ᠢ ᠵᠠᠷᠯᠠᠵᠠᠢ ᠰᠦᠨ ᠱᠤᠤ ᠴᠧᠩ ᠭᠤᠤ ᡁᠢ ᠳ᠋ᠠᠨ ᠪᠠᠶᠠᠷ ᠤᠨ ᠦᠭᠡ ᠬᠡᠯᠡᠵᠦ ᠸᠠᠩ ᠯᠢ ᠰᠢᠶᠠ ᠬᠤᠷᠠᠯ ᠢ ᠡᠷᠬᠢᠯᠡᠵᠦ ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2024/2/19
      2 ᠰᠠᠷ᠎ᠠ ᠶᠢᠨ 17 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠯᠦᠨ ᠪᠤᠶᠢᠷ ᠬᠤᠲᠠ ᠳᠤ ᠡᠬᠢᠯᠡᠪᠡ᠃ ᠲᠦᠷᠦ ᠶᠢᠨ ᠶᠠᠪᠤᠳᠠᠯ ᠤᠨ ᠭᠡᠰᠢᠭᠦᠨ ᠱᠧᠨ ᠢ ᠴᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠴᠤᠭᠯᠠᠭᠠᠨ ᠡᠬᠢᠯᠡᠭᠰᠡᠨ ᠢ ᠵᠠᠷᠯᠠᠪᠠ᠃

6384387016113834198006891.jpg

      17 ᠤ ᠣᠷᠣᠢ ᠂ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠦᠳᠡᠯᠭᠡᠭᠡᠨ  ᠤ ᠪᠣᠯᠪᠠᠰᠤᠷᠠᠯ ᠤᠨ

ᠲᠥᠪ ᠤᠨ ᠲᠦᠷᠭᠡᠨ ᠲᠡᠰᠢᠯᠲᠡ ᠶᠢᠨ ᠣᠷᠳᠣᠨ ᠳᠤ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠠ ᠬᠦᠷ 

ᠨᠠᠷᠭᠢᠶᠠᠨ ᠢᠶᠠᠷ ᠪᠢᠯᠬᠠᠵᠤ ᠪᠠᠶᠢᠯ᠎ᠠ᠃ 20 ᠴᠠᠭ ᠲᠤ ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ

ᠡᠬᠢᠯᠡᠯᠲᠡ ᠶᠢᠨ ᠶᠣᠰᠣᠯᠠᠯ ᠡᠬᠢᠯᠡᠵᠦ ᠂ ᠡᠬᠢᠯᠡᠯᠲᠡ ᠶᠢᠨ ᠶᠣᠰᠣᠯᠠᠯ ᠪᠠ ᠰᠣᠶᠣᠯ ᠪᠡᠶ᠎ᠡ ᠶᠢᠨ ᠲᠠᠮᠢᠷ ᠤᠨ ᠦᠵᠡᠭᠦᠯᠭᠡ

ᠭᠡᠬᠦ ᠬᠤᠶᠠᠷ ᠶᠡᠭᠡ ᠬᠡᠰᠡᠭ ᠬᠤᠪᠢᠶᠠᠨ ᠶᠠᠪᠤᠭᠳᠠᠵᠠᠢ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠭᠲᠤᠯᠭ᠎ᠠ ᠶᠢᠨ ᠦᠭᠡ

ᠬᠡᠯᠡᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠭᠤᠤ ᡁᠢ ᠳ᠋ᠠᠨ ᠡᠬᠢᠯᠡᠯᠲᠡ ᠶᠢᠨ

ᠦᠭᠡ ᠬᠡᠯᠡᠪᠡ᠃ ᠡᠬᠢᠯᠡᠯᠲᠡ ᠶᠢᠨ ᠶᠣᠰᠣᠯᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ

ᠣᠷᠳᠣᠨ ᠤ ᠲᠡᠷᠢᠭᠦᠯᠡᠭᠴᠢ ᠸᠠᠩ ᠯᠢ ᠰᠢᠶᠠ ᠡᠷᠬᠢᠯᠡᠵᠡᠢ ᠃

6384387021807584016679745.jpg

      ᠰᠦᠨ ᠱᠤᠤ ᠴᠧᠩ ᠪᠠᠶᠠᠷ ᠤᠨ ᠦᠭᠡ ᠳᠡᠭᠡᠨ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠪᠣᠯᠣᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠣᠷᠣᠨ  ᠤ ᠦᠨᠳᠦᠰᠦᠲᠡᠨ ᠨᠦᠭᠦᠳ ᠤᠨ 2400

ᠭᠠᠷᠤᠢ ᠲᠦᠮᠡᠨ ᠠᠷᠠᠳ ᠲᠦᠮᠡᠨ ᠢ ᠲᠥᠯᠥᠭᠡᠯᠡᠨ᠂ ᠬᠤᠯᠠ ᠠᠴᠠ ᠬᠦᠷᠦᠯᠴᠡᠨ ᠢᠷᠡᠭᠰᠡᠨ ᠬᠦᠨᠳᠦᠲᠦ ᠵᠣᠴᠢᠳ ᠲᠤ

ᠴᠢᠩ ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠲᠡᠷᠡ᠂ ᠳᠠᠭᠠᠭᠠᠨ 

ᠡᠷᠬᠢᠯᠡᠬᠦ ᠡᠭᠦᠷᠭᠡ ᠶᠢ ᠲᠣᠰᠣᠭᠰᠠᠨ ᠠᠴᠠ ᠨᠠᠭᠠᠰᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ

ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ

ᠲᠤᠬᠠᠢ ᠴᠢᠬᠤᠯᠠ ᠥᠭᠦᠯᠡᠯᠲᠡ ᠪᠠ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ

ᠬᠥᠳᠡᠯᠭᠡᠭᠡᠨ ᠳᠤ ᠣᠷᠣᠯᠴᠠᠭᠤᠯᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ 

ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠭᠡᠳᠦ ᠬᠡᠮᠵᠢᠶᠡᠨ ᠤ 

ᠴᠢᠬᠤᠯᠠᠴᠢᠯᠠᠯ ᠳᠣᠣᠷ᠎ᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠨᠠᠷᠢᠨ ᠨᠢᠮᠪᠠᠢ

ᠵᠢᠯᠣᠭᠤᠳᠤᠯᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠶᠢᠨ ᠳᠣᠣᠷ᠎ᠠ᠂ ︽ᠪᠣᠬᠢᠷᠲᠤᠯ ᠦᠭᠡᠢ᠂

ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ᠂ ᠠᠷᠢᠭᠤᠨ ᠴᠢᠬᠡᠴᠢ︾ ᠤᠷᠤᠯᠳᠤᠭᠠᠨ ᠡᠷᠭᠢᠯᠡᠬᠦ ᠣᠶᠢᠯᠠᠭᠠᠭᠳᠠᠬᠤᠨ ᠪᠠ

︽ᠲᠥᠬᠦᠮ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ︾ ᠤᠷᠤᠯᠳᠤᠭᠠᠨ ᠡᠷᠭᠢᠯᠡᠬᠦ ᠱᠠᠭᠠᠷᠳᠠᠯᠭ᠎ᠠ ᠶᠢ

ᠪᠠᠷᠢᠮᠲᠠᠯᠠᠵᠤ᠂ ᠣᠷᠣᠨ ᠳᠠᠶᠠᠭᠠᠷ ᠤᠨ ᠬᠦᠴᠦᠨ ᠢᠶᠠᠷ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠦᠬᠦ

ᠰᠡᠳᠬᠢᠯ ᠪᠥᠬᠦ ᠬᠦᠴᠦᠨ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠪᠥᠬᠦ ᠤᠯᠤᠰ ᠤᠨ ᠠᠷᠠᠳ

ᠲᠦᠮᠡᠨ ᠳᠤ ᠨᠢᠭᠡ ᠬᠤᠭᠤᠴᠠᠭᠠᠨ ᠤ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠡᠷᠬᠢᠯᠡᠨ

ᠦᠵᠡᠭᠦᠯᠬᠦ ᠪᠠᠷ ᠪᠣᠯᠪᠠ ᠃ ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠵᠦ ᠂ ᠳᠤᠮᠳᠠᠳᠤ ᠤᠯᠤᠰ ᠤᠨ

ᠬᠦᠰᠡᠯ ᠵᠡᠭᠦᠳᠦ ᠶᠢ ᠲᠡᠷᠭᠡᠯᠰᠢᠭᠦᠯᠦᠨ᠎ᠡ ᠃ ᠪᠢᠳᠠ ᠭᠠᠷ ᠭᠠᠷ ᠢᠶᠠᠨ ᠬᠤᠯᠪᠣᠯᠴᠠᠨ ᠮᠥᠷᠥ ᠵᠡᠷᠭᠡᠴᠡᠵᠦ ᠂ ᠮᠥᠰᠥ

ᠴᠠᠰᠤᠨ ᠳᠤ ᠳᠡᠭᠦᠯᠢᠨ᠂ ᠤᠮᠠᠷᠠᠲᠤ ᠬᠢᠯᠢ ᠳᠤ ᠬᠦᠰᠡᠯ ᠵᠡᠭᠦᠳᠦ ᠪᠠᠨ ᠪᠡᠶᠡᠯᠡᠭᠦᠯᠵᠦ᠂ ᠬᠠᠮᠲᠤ ᠪᠠᠷ ᠪᠡᠶ᠎ᠡ ᠶᠢᠨ

ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠠ ᠳᠤᠮᠳᠠᠳᠤ ᠶᠢᠨ ᠦᠨᠳᠦᠰᠦᠲᠡᠨ ᠤ ᠰᠡᠷᠭᠦᠨ

ᠮᠠᠨᠳᠤᠯᠲᠠ ᠶᠢᠨ ᠠᠭᠤᠤ ᠦᠢᠯᠡᠰ ᠲᠤ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠬᠡᠯᠡᠪᠡ᠃

      ᠭᠤᠤ ᡁᠢ ᠳ᠋ᠠᠨ ᠪᠠᠶᠠᠷ ᠤᠨ ᠦᠭᠡ ᠳᠡᠭᠡᠨ᠂ ᠣᠳᠣᠬᠠᠨ ᠳᠤ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ

ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ

ᠲᠠᠮᠢᠷ ᠤᠨ ᠲᠤᠬᠠᠢ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ 

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ

ᠪᠠᠶᠢᠭᠤᠯᠤᠯᠲᠠ ᠶᠢ ᠲᠦᠷᠭᠡᠳᠬᠡᠵᠦ ᠪᠤᠢ᠃ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠡᠦᠬᠡᠨ ᠳᠡᠭᠡᠷᠡᠬᠢ

ᠬᠡᠪᠴᠢᠶ᠎ᠡ ᠪᠠᠷ ᠬᠠᠮᠤᠭ ᠤᠨ ᠶᠡᠭᠡ᠂ ᠲᠦᠷᠦᠯ ᠵᠦᠢᠯ ᠢᠶᠠᠷ ᠬᠠᠮᠤᠭ ᠤᠨ ᠪᠦᠷᠢᠨ ᠪᠡᠶ᠎ᠡ ᠶᠢᠨ ᠲᠠᠮᠢᠷ  ᠤᠨ ᠦᠪᠡᠳᠡᠭᠰᠢ

ᠴᠤᠭᠯᠠᠭᠠᠨ ᠪᠣᠯᠤᠭᠰᠠᠨ ᠤ ᠬᠤᠪᠢ ᠳᠤ᠂ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ 

︽ᠪᠣᠬᠢᠷᠲᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ᠂ ᠠᠷᠢᠭᠤᠨ ᠴᠢᠬᠡᠴᠢ︾ ᠤᠷᠤᠯᠳᠤᠭᠠᠨ ᠡᠷᠬᠢᠯᠡᠬᠦ

ᠣᠶᠢᠯᠠᠭᠠᠭᠳᠠᠬᠤᠨ ᠢ ᠪᠠᠷᠢᠮᠲᠠᠯᠠᠵᠤ᠂ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ︽ᠡᠮᠦᠨᠡᠰᠢ ᠲᠡᠯᠡᠵᠦ ᠪᠠᠷᠠᠭᠤᠨᠰᠢ 

ᠥᠷᠭᠡᠳᠬᠡᠵᠦ ᠵᠡᠭᠦᠨᠰᠢ ᠦᠷᠭᠦᠯᠵᠢᠯᠡᠬᠦ︾ ᠶᠢ ᠯᠠᠪᠳᠠᠭᠤᠨ ᠪᠠᠲᠤᠲᠠᠢ ᠠᠬᠢᠭᠤᠯᠵᠤ᠂ ︽ᠭᠤᠷᠪᠠᠨ ᠳ᠋ᠦᠩᠰᠢᠭᠤᠷ ᠬᠥᠮᠥᠨ ᠢ

ᠲᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠵᠦ᠂ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠬᠢᠷᠢ 

ᠲᠦᠪᠰᠢᠨ ᠢ ᠳᠡᠯᠭᠡᠨ ᠦᠵᠡᠭᠦᠯᠬᠦ ᠪᠠ ᠰᠢᠯᠭᠠᠨ ᠪᠠᠶᠢᠴᠠᠭᠠᠬᠤ ᠪᠣᠯᠣᠨ᠎ᠠ᠃ ᠥᠷᠭᠡᠨ ᠤᠯᠠᠨ ᠮᠥᠰᠥ ᠴᠠᠰᠤᠨ ᠤ

ᠲᠠᠮᠢᠷᠴᠢᠳ ᠤᠷᠤᠯᠳᠤᠭᠠᠨ ᠤ ᠲᠠᠯᠠᠪᠤᠷ ᠲᠤ ᠲᠦᠮᠡᠨ ᠠᠭᠲᠠ ᠶᠢᠨ ᠲᠦᠪᠡᠷᠭᠡᠨ ᠮᠡᠲᠦ ᠣᠮᠣᠭᠯᠠᠩ ᠵᠣᠷᠢᠭ ᠢ

ᠪᠠᠳᠠᠷᠠᠭᠤᠯᠵᠤ᠂ ᠮᠥᠰᠥ ᠴᠠᠰᠤᠨ ᠳᠤ ᠳᠡᠭᠦᠯᠢᠨ ᠨᠢᠰᠬᠦ ᠮᠡᠲᠦ ᠬᠡᠲᠦ᠋ᠢᠳᠦᠭᠰᠡᠨ ᠤᠷ᠎ᠠ ᠮᠡᠷᠭᠡᠵᠢᠯ ᠢ ᠢᠯᠡᠷᠡᠭᠦᠯᠵᠦ᠂

ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ

ᠵᠣᠷᠢᠭ ᠰᠠᠨᠠᠭ᠎ᠠ ᠶᠢ ᠣᠯᠢᠮᠫᠢᠺ ᠤᠨ ᠵᠣᠷᠢᠭ ᠰᠠᠨᠠᠭ᠎ᠠ ᠂ ᠮᠣᠩᠭᠤᠯ ᠮᠣᠷᠢᠨ ᠤ ᠵᠣᠷᠢᠭ ᠰᠠᠨᠠᠭ᠎ᠠ ᠯᠤᠭ᠎ᠠ

ᠠᠭᠤᠰᠤᠯᠴᠠᠭᠤᠯᠤᠨ ᠰᠣᠯᠪᠢᠴᠠᠭᠤᠯᠵᠤ ᠬᠠᠷᠢᠯᠴᠠᠨ ᠭᠡᠷᠡᠯ ᠭᠢᠯᠪᠠᠭ᠎ᠠ ᠰᠠᠴᠤᠷᠠᠭᠤᠯᠤᠭᠰᠠᠨ ᠰᠦᠷᠯᠢᠭ ᠰᠠᠶᠢᠬᠠᠨ

ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠨ ᠪᠠᠷᠠᠯᠠᠵᠤ ᠪᠠᠶᠢᠨ᠎ᠠ ᠭᠡᠵᠦ ᠢᠯᠡᠳᠬᠡᠪᠡ ᠃

      20 ᠴᠠᠭ 36 ᠮᠢᠨᠦ᠋ᠲ ᠲᠤ᠂ ᠲᠦᠷᠦ ᠶᠢᠨ ᠶᠠᠪᠤᠳᠠᠯ ᠤᠨ ᠭᠡᠰᠢᠭᠦᠨ ᠱᠧᠨ ᠢ ᠴᠢᠨ᠄ ︽ᠪᠦᠬᠦᠳᠡ

ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ

ᠲᠠᠮᠢᠷ ᠤᠨ ᠴᠤᠭᠯᠠᠭᠠᠨ ᠡᠬᠢᠯᠡᠯ᠎ᠡ︕︾ ᠭᠡᠵᠦ ᠵᠠᠷᠯᠠᠬᠤ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠲᠠᠰᠢᠵᠠᠭᠠᠪᠠ᠃

      ᠲᠠᠮᠢᠷᠴᠢᠨ ᠂ ᠳᠠᠰᠬᠠᠯᠵᠢᠭᠤᠯᠤᠭᠴᠢ᠂ ᠬᠢᠨᠠᠭᠴᠢ ᠶᠢᠨ ᠲᠥᠯᠥᠭᠡᠯᠡᠭᠴᠢ ᠲᠤᠰ ᠲᠤᠰ ᠲᠠᠩᠭᠠᠷᠢᠭᠯᠠᠪᠠ᠃

      ᠳᠠᠷᠠᠭ᠎ᠠ ᠨᠢ᠂ ︽ᠮᠦᠰᠦ ᠴᠠᠰᠤᠨ ᠳᠤ ᠤᠷᠮ᠎ᠠ ᠰᠡᠳᠬᠢᠯᠭᠡ ᠶᠢᠨ ᠭᠠᠯ ᠢ ᠳᠦᠷᠡᠯᠵᠡᠭᠦᠯᠵᠦ ᠤᠮᠠᠷᠠᠲᠤ ᠬᠢᠯᠢ ᠳᠤ 

ᠬᠦᠰᠡᠯ ᠵᠡᠭᠦᠳᠦ ᠪᠠᠨ ᠪᠡᠶᠡᠯᠡᠭᠦᠯᠦᠶ᠎ᠡ︾ ᠭᠡᠬᠦ ᠭᠤᠣᠯ ᠰᠡᠳᠦᠪᠲᠦ ᠰᠣᠶᠣᠯ ᠪᠡᠶ᠎ᠡ ᠶᠢᠨ ᠲᠠᠮᠢᠷ ᠤᠨ ᠦᠵᠡᠭᠦᠯᠭᠡ ᠶᠢᠨ

ᠲᠣᠭᠯᠠᠯᠲᠠ ᠡᠬᠢᠯᠡᠵᠡᠢ᠃ ᠰᠣᠶᠣᠯ ᠪᠡᠶ᠎ᠡ ᠶᠢᠨ ᠲᠠᠮᠢᠷ  ᠤᠨ ᠦᠵᠡᠭᠦᠯᠭᠡ ᠶᠢᠨ ᠲᠣᠭᠯᠠᠯᠲᠠ ᠳᠤ ᠣᠷᠣᠰᠢᠯ ︽ᠬᠠᠮᠲᠤ ᠶᠢᠨ

ᠭᠡᠷ ᠣᠷᠣᠨ︾᠂ ᠭᠤᠣᠯ ᠬᠡᠰᠡᠭ ︽ᠦᠵᠡᠰᠬᠦᠯᠡᠭᠲᠦ ᠰᠠᠶᠢᠬᠠᠨ ᠠᠭᠤᠯᠠ ᠤᠰᠤ︾᠂ ︽ᠮᠥᠰᠥ ᠴᠠᠰᠤᠨ ᠳᠤ ᠬᠠᠮᠲᠤ ᠪᠠᠷ

ᠪᠣᠯᠵᠣᠶ᠎ᠠ︾᠂ ︽ᠭᠠᠷ ᠬᠤᠯᠪᠣᠯᠴᠠᠨ ᠬᠠᠮᠲᠤ ᠪᠠᠷ ᠡᠷᠡᠮᠡᠬᠡᠶᠢᠯᠡᠨ ᠤᠷᠤᠭᠰᠢᠯᠠᠶ᠎ᠠ︾ ᠪᠣᠯᠣᠨ ᠲᠡᠭᠦᠰᠬᠡᠯ ︽ᠬᠠᠮᠲᠤ ᠶᠢᠨ

ᠢᠷᠡᠭᠡᠳᠦᠢ︾ ᠵᠡᠷᠭᠡ ᠶᠢ ᠪᠠᠭᠲᠠᠭᠠᠪᠠ᠂ ᠦᠵᠡᠭᠦᠯᠭᠡ ᠶᠢᠨ ᠲᠣᠭᠯᠠᠯᠲᠠ ᠨᠢ ᠳᠤᠮᠳᠠᠳᠤ ᠤᠯᠤᠰ ᠤᠨ ᠬᠡᠪ ᠨᠠᠮᠪᠠ᠂

ᠦᠨᠳᠦᠰᠦᠲᠡᠨ ᠤ ᠣᠨᠴᠠᠯᠢᠭ᠂ ᠤᠮᠠᠷᠠᠲᠤ ᠬᠢᠯᠢ ᠶᠢᠨ ᠢᠷᠠᠭᠤ ᠰᠣᠨᠣᠰᠬᠤᠯᠠᠩ᠂ ᠲᠠᠮᠢᠷ ᠤᠨ ᠬᠥᠳᠡᠯᠭᠡᠭᠡᠨ ᠤ

ᠠᠮᠢᠵᠢᠷᠠᠯ ᠤᠨ ᠬᠦᠴᠦᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢᠶᠠᠷ ᠪᠦᠲᠦᠭᠡᠯᠴᠢ ᠪᠠᠷ

ᠢᠯᠡᠷᠡᠭᠦᠯᠵᠦ᠂ ᠤᠯᠠᠮᠵᠢᠯᠠᠬᠤ ᠪᠠ ᠰᠢᠨ᠎ᠡ ᠶᠢ ᠡᠭᠦᠳᠬᠦ ᠠᠭᠤᠰᠤᠯᠴᠠᠯ ᠤᠨ ᠳᠤᠮᠳᠠ ᠲᠠᠯ᠎ᠠ ᠨᠤᠲᠤᠭ ᠤᠨ ᠰᠣᠶᠣᠯ᠂

ᠮᠥᠰᠥ ᠴᠠᠰᠤᠨ ᠤ ᠰᠣᠶᠣᠯ ᠪᠣᠯᠣᠨ ᠦᠨᠳᠦᠰᠦᠲᠡᠨ ᠤ ᠰᠣᠶᠣᠯ ᠤᠨ ᠦᠨᠢᠷ ᠪᠠᠶᠠᠯᠢᠭ ᠰᠢᠳᠢ ᠬᠦᠴᠦᠨ ᠢ 

ᠢᠯᠡᠷᠡᠭᠦᠯᠪᠡ᠃

      ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠣᠳᠣ ᠪᠣᠯᠲᠠᠯ᠎ᠠ

ᠶᠠᠪᠤᠭᠳᠠᠭᠰᠠᠨ ᠬᠤᠭᠤᠴᠠᠭ᠎ᠠ ᠪᠦᠷᠢ ᠶᠢᠨ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ

ᠳᠣᠲᠣᠷᠠᠬᠢ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠣᠯᠠᠨ᠂ ᠪᠠᠷᠢᠮᠵᠢᠶ᠎ᠠ ᠪᠠᠷ

ᠬᠠᠮᠤᠭ ᠤᠨ ᠦᠨᠳᠦᠷ ᠨᠢᠭᠡ ᠬᠤᠭᠤᠴᠠᠭ᠎ᠠ ᠶᠢᠨ ᠲᠠᠮᠢᠷ ᠤᠨ ᠴᠤᠭᠯᠠᠭᠠᠨ ᠪᠣᠯᠣᠨ᠎ᠠ᠃ ᠥᠪᠥᠷ ᠮᠣᠩᠭᠤᠯ ᠤᠨ ᠡᠯ᠎ᠡ

ᠤᠷᠤᠯᠳᠤᠭᠠᠨ ᠤ ᠲᠣᠭᠤᠷᠢᠭ ᠠᠴᠠ ᠭᠠᠳᠠᠨ᠎ᠠ᠂ ᠬᠡᠰᠡᠭ ᠤᠷᠤᠯᠳᠤᠭᠠᠨ ᠤ ᠲᠦᠷᠦᠯ ᠵᠦᠢᠯ ᠨᠢ ᠪᠡᠭᠡᠵᠢᠩ ᠤᠨ ᠶᠠᠨᠴᠢᠩ᠂ 

ᠾᠧᠪᠸᠢ ᠶᠢᠨ ᠴᠢᠭᠤᠯᠤᠯᠲᠤ ᠬᠠᠭᠠᠯᠭ᠎ᠠ ᠳᠠᠬᠢ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ  ᠤᠨ

ᠴᠤᠭᠯᠠᠭᠠᠨ ᠤ ᠲᠠᠯᠠᠪᠤᠷ ᠣᠷᠳᠣᠨ ᠳᠤ ᠶᠠᠪᠤᠭᠳᠠᠵᠤ᠂ ᠨᠡᠶᠢᠳᠡ 31 ᠮᠤᠵᠢ ᠣᠷᠣᠨ ᠬᠤᠳᠠ ᠂ ᠰᠢᠨᠵᠢᠶᠠᠩ ᠤᠨ

ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠂ ᠰᠢᠶᠠᠩᠭᠠᠩ ᠣᠣᠮᠧᠨ ᠭᠠᠵᠠᠷ ᠣᠷᠣᠨ ᠤ 35

ᠲᠥᠯᠥᠭᠡᠯᠡᠭᠴᠢᠳ ᠤᠨ ᠪᠦᠯᠬᠦᠮ ᠤᠨ 3000 ᠭᠠᠷᠤᠢ ᠲᠠᠮᠢᠷᠴᠢᠨ ᠦᠷᠢᠰᠦᠯᠳᠦᠭᠡᠨᠲᠦ ᠪᠡᠶ᠎ᠡ ᠶᠢᠨ ᠲᠠᠮᠢᠷ ᠪᠠ ᠬᠠᠮᠲᠤ

ᠨᠡᠶᠢᠲᠡ ᠶᠢᠨ ᠲᠦᠷᠦᠯ ᠵᠦᠢᠯ ᠤᠨ ᠤᠷᠤᠯᠳᠤᠭᠠᠨ ᠳᠤ ᠣᠷᠣᠯᠴᠠᠵᠤ ᠂ 8 ᠶᠡᠭᠡ ᠲᠦᠷᠦᠯ ᠵᠦᠢᠯ ᠂ 16 ᠬᠤᠪᠢᠶᠠᠷᠢ

ᠲᠦᠷᠦᠯ ᠵᠦᠢᠯ᠂ 180 ᠪᠠᠭ᠎ᠠ ᠲᠦᠷᠦᠯ ᠵᠦᠢᠯ ᠤᠨ ᠤᠷᠤᠯᠳᠤᠭᠠᠨ ᠳᠤ ᠤᠷᠤᠯᠳᠤᠬᠤ ᠪᠣᠯᠣᠨ᠎ᠠ᠃

      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠢᠦᠢ ᠬᠤᠢ᠂

ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ

ᠳᠤᠭᠤᠶᠢᠯᠠᠩ ᠤᠨ ᠪᠦᠷᠢᠯᠳᠦᠭᠦᠨ ᠵᠧᠦ ᠶᠢᠨ ᠴᠢᠶᠠᠩ᠂ ᠵᠠᠩ ᠵᠢᠶᠠ ᠱᠧᠩ᠂ ᠥᠪᠡᠷᠲᠡᠭᠡᠨ ᠵᠠᠰᠠᠬᠤ ᠣᠷᠣᠨ ᠤ

ᠤᠳᠤᠷᠢᠳᠤᠯᠭ᠎ᠠ ᠵᠠᠩ ᠶᠠᠨ ᠺᠦᠨ᠂ ᠢᠦᠢ ᠯᠢ ᠰᠢᠨ᠂ ᠦ᠋ ᠶᠠᠨ ᠭᠠᠩ ᠂ ᠶᠠᠩ ᠶᠢᠨ ᠡᠬᠢᠯᠡᠯᠲᠡ ᠶᠢᠨ ᠶᠣᠰᠣᠯᠠᠯ ᠳᠤ 

ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map