ᠤᠳᠠᠯ ᠦᠭᠡᠢ ᠰᠤᠷᠭᠠᠭᠤᠯᠢ ᠡᠬᠢᠯᠡᠬᠦ ᠭᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠳᠤ ᠥᠭᠬᠦ ᠰᠠᠨᠠᠭᠤᠯᠤᠮᠵᠢ
ᠨᠡᠶᠢᠲᠡᠯᠡᠭᠰᠡᠨ ᠴᠠᠭ᠄
2024/2/26
      2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠭᠡᠵᠦ ᠪᠠᠶᠢᠭ᠎ᠠ ᠲᠠᠰᠢᠷᠠᠮ ᠳᠤ᠂ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠯ ᠪᠠ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠨ᠂ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ ᠳᠣᠣᠷᠠᠬᠢ ᠰᠠᠨᠠᠭᠤᠯᠤᠮᠵᠢ ᠶᠢ ᠳᠤᠷᠠᠳᠪᠠ᠃                — ᠬᠠᠮᠲᠤ ᠳᠤ ᠪᠠᠨ ᠦᠵᠡᠵᠡᠭᠡᠶ᠎ᠡ —

1.jpg

     ᠰᠤᠷᠭᠠᠭᠤᠯᠢ ᠡᠬᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠨ᠎ᠡ

     ᠡᠯ᠎ᠡ ᠰᠤᠷᠭᠠᠭᠤᠯᠢ ᠶᠢᠨ ᠬᠢᠨ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠡᠯ᠎ᠡ

ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠣᠷᠴᠢᠨ ᠤ ᠪᠦᠲᠦᠭᠡᠨ

ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠵᠢᠭᠠᠨ ᠰᠤᠷᠭᠠᠯᠲᠠ᠂ ᠠᠮᠢᠳᠤᠷᠠᠯ ᠤᠨ ᠲᠥᠬᠦᠭᠡᠷᠦᠮᠵᠢ ᠶᠢᠨ

ᠠᠵᠢᠯᠯᠠᠭ᠎ᠠ ᠶᠢ ᠦᠨᠡᠨ ᠬᠦ ᠪᠠᠲᠤᠯᠠᠵᠤ᠂ ᠪᠣᠯᠪᠠᠰᠤᠨ᠂ ᠴᠡᠪᠡᠷᠬᠡᠨ᠂ ᠭᠤᠶᠢᠳᠠ ᠰᠠᠶᠢᠬᠠᠨ ᠰᠤᠷᠭᠠᠭᠤᠯᠢ ᠶᠢᠨ

ᠬᠦᠷᠢᠶᠡᠨ ᠤ ᠣᠷᠴᠢᠨ ᠢ ᠡᠭᠦᠳᠦᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠤᠭᠲᠤᠬᠤ ᠬᠡᠷᠡᠭᠲᠡᠢ᠃ ᠠᠮᠠᠷᠠᠯᠲᠠ ᠶᠢᠨ

ᠬᠤᠭᠤᠴᠠᠭ᠎ᠠ ᠪᠠ ᠰᠤᠷᠭᠠᠭᠤᠯᠢ ᠡᠬᠢᠯᠡᠬᠦ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠰᠤᠷᠤᠭᠴᠢᠳ  ᠲᠤ

ᠬᠠᠮᠤᠭ ᠤᠨ ᠪᠠᠭ᠎ᠠ ᠳᠤ ᠪᠠᠨ ᠨᠢᠭᠡ ᠭᠠᠷᠠᠭ ᠤᠨ ᠳᠠᠰᠬᠤ ᠬᠤᠭᠤᠴᠠᠭ᠎ᠠ ᠶᠢ ᠲᠣᠬᠢᠷᠠᠭᠤᠯᠵᠤ᠂ ᠭᠠᠷ ᠤᠲᠠᠰᠤᠨ ᠤ

ᠬᠠᠮᠢᠶᠠᠷᠤᠯᠲᠠ᠂ ᠳᠠᠰᠬᠠᠯ ᠤᠨ ᠪᠠᠶᠢᠴᠠᠭᠠᠯᠲᠠ ᠶᠢ ᠵᠣᠯᠭᠠᠭᠤᠯᠬᠤ ᠶᠢ ᠰᠠᠶᠢᠲᠤᠷ ᠵᠣᠬᠢᠴᠠᠭᠤᠯᠤᠨ᠂ ᠰᠤᠷᠤᠭᠴᠢᠳ ᠢ

ᠠᠯᠬᠤᠮ ᠳᠠᠷᠠᠭ᠎ᠠ ᠲᠠᠢ ᠰᠤᠷᠭᠠᠭᠤᠯᠢ ᠶᠢᠨ ᠰᠤᠷᠤᠯᠭ᠎ᠠ ᠠᠮᠢᠳᠤᠷᠠᠯ  ᠳᠤ ᠨᠢ ᠳᠠᠰᠬᠠᠨ᠎ᠠ᠃ ᠰᠡᠳᠬᠢᠴᠡ ᠶᠢᠨ ᠡᠷᠡᠭᠦᠯ

ᠮᠡᠨᠳᠦ ᠶᠢᠨ ᠬᠥᠮᠦᠵᠢᠯ ᠢ ᠴᠢᠩᠭᠠᠳᠬᠠᠵᠤ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠡᠴᠢᠭᠡ ᠡᠬᠡ ᠦᠷ᠎ᠡ

ᠬᠡᠦᠬᠡᠳ ᠤᠨ ᠦᠢᠯᠡᠳᠦᠯᠴᠡᠬᠦ ᠶᠢ ᠴᠢᠩᠭᠠᠳᠬᠠᠵᠤ᠂ ᠬᠦᠯᠢᠴᠡᠩᠭᠦᠢ ᠰᠣᠯᠢᠯᠴᠠᠵᠤ᠂ ᠰᠤᠷᠭᠠᠭᠤᠯᠢ ᠡᠬᠢᠯᠡᠬᠦ ᠠᠴᠠ ᠡᠮᠦᠨ᠎ᠡ

ᠬᠡᠦᠬᠡᠳ ᠢ ᠬᠠᠪᠰᠤᠷᠤᠨ ᠢᠳᠡᠪᠬᠢᠲᠡᠢ ᠪᠠᠶᠠᠰᠤᠩᠭᠤᠢ ᠣᠪᠣᠷ ᠲᠠᠢ ᠪᠣᠯᠭᠠᠨ᠎ᠠ᠃

      ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ

   

2.png

   

      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠠᠵᠢᠯ  ᠤᠨ ᠡᠷᠴᠢᠮ ᠢᠶᠠᠨ

ᠦᠷᠭᠦᠯᠵᠢᠯᠡᠨ ᠴᠢᠩᠭᠠᠷᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂

ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ

ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠤᠷᠭᠠᠭᠤᠯᠢ ᠰᠤᠷᠭᠠᠭᠤᠯᠢ ᠡᠬᠢᠯᠡᠬᠦ ᠠᠴᠠ ᠡᠮᠦᠨᠡᠬᠢ ᠠᠮᠤᠷ ᠲᠦᠪᠰᠢᠨ ᠤ ᠳᠠᠯᠳᠠ

ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠤᠷᠭᠠᠭᠤᠯᠢ ᠶᠢᠨ ᠳᠣᠲᠣᠷᠠᠬᠢ ᠡᠯ᠎ᠡ ᠲᠥᠷᠥᠯ ᠤᠨ

ᠪᠠᠷᠢᠯᠭ᠎ᠠ ᠶᠢᠨ ᠲᠥᠬᠦᠭᠡᠷᠦᠮᠵᠢ᠂ ᠲᠤᠷᠰᠢᠯᠲᠠ ᠶᠢᠨ ᠲᠠᠰᠤᠭ᠂ ᠮᠠᠰᠢᠨ ᠤ ᠥᠷᠥᠭᠡ᠂ ᠤᠩᠰᠢᠯᠭ᠎ᠠ ᠶᠢᠨ ᠲᠠᠰᠤᠭ᠂

ᠴᠠᠬᠢᠯᠭᠠᠨ ᠲᠦᠭᠡᠭᠡᠬᠦ ᠲᠠᠰᠤᠭ᠂ ᠵᠤᠤᠬ᠎ᠠ ᠰᠢᠲᠠᠭᠠᠬᠤ ᠭᠡᠷ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃

ᠢᠳᠡᠭᠡᠨ ᠤ ᠠᠷᠢᠭᠤᠨ ᠴᠡᠪᠡᠷ ᠪᠠ ᠤᠤᠭᠤᠬᠤ ᠤᠰᠤᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠭᠰᠢ

ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠦᠨᠳᠦᠰᠦᠨ

ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠰᠤᠷᠭᠠᠭᠤᠯᠢ ᠰᠤᠷᠭᠠᠭᠤᠯᠢ ᠡᠬᠢᠯᠡᠬᠦ ᠠᠴᠠ ᠡᠮᠦᠨ᠎ᠡ ᠲᠠᠯᠠᠪᠤᠷ

ᠭᠠᠵᠠᠷ ᠢ ᠴᠡᠪᠡᠷᠯᠡᠬᠦ᠂ ᠪᠠᠷᠢᠯᠭ᠎ᠠ ᠪᠠᠷᠢᠬᠤ ᠭᠠᠵᠠᠷ ᠢ ᠪᠢᠲᠡᠭᠦᠮᠵᠢᠯᠡᠬᠦ᠂ ᠠᠮᠤᠷ ᠲᠦᠪᠰᠢᠨ ᠤ ᠰᠡᠷᠡᠮᠵᠢᠯᠡᠭᠦᠯᠦᠯ ᠥᠭᠬᠦ

ᠵᠡᠷᠭᠡ ᠶᠢ ᠰᠠᠶᠢᠲᠤᠷ ᠬᠢᠬᠦ ᠬᠡᠷᠡᠭᠲᠡᠢ᠃ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠡᠯ᠎ᠡ

ᠭᠠᠵᠠᠷ ᠤᠨ ᠡᠯ᠎ᠡ ᠰᠤᠷᠭᠠᠭᠤᠯᠢ ᠠᠮᠤᠷ ᠲᠦᠪᠰᠢᠨ ᠤ ᠬᠥᠮᠦᠵᠢᠯ ᠤᠨ ᠠᠩᠬᠠᠨ ᠤ ᠬᠢᠴᠢᠶᠡᠯ ᠢ ᠵᠣᠬᠢᠶᠠᠨ ᠪᠠᠶᠢᠭᠤᠯᠤᠨ

ᠥᠷᠨᠢᠭᠦᠯᠵᠦ᠂ ᠠᠮᠤᠷ ᠲᠦᠪᠰᠢᠨ ᠤ ᠪᠠᠴᠢᠮ ᠪᠠᠶᠢᠳᠠᠯ  ᠢ ᠠᠷᠭᠠᠴᠠᠬᠤ ᠰᠣᠷᠢᠯᠲᠠ ᠶᠢ ᠴᠠᠭ ᠲᠤᠬᠠᠢ ᠳᠤ ᠨᠢ

ᠥᠷᠨᠢᠭᠦᠯᠦᠨ᠂ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤᠮᠳᠠᠭᠠᠨ ᠤ ᠠᠮᠤᠷ

ᠲᠦᠪᠰᠢᠨ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠢᠴᠢ ᠭᠠᠯ ᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢ ᠰᠡᠷᠭᠡᠶᠢᠯᠡᠬᠦ᠂

ᠤᠰᠤᠨ ᠳᠤ ᠠᠳᠡᠬᠦ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠳᠠᠬᠢ ᠭᠡᠮᠲᠦᠯ ᠢ ᠰᠡᠷᠭᠡᠶᠢᠯᠡᠬᠦ᠂ ᠬᠠᠯᠳᠠᠪᠤᠷᠢᠲᠤ

ᠡᠪᠡᠳᠴᠢᠨ ᠢ ᠰᠡᠷᠭᠡᠶᠢᠯᠡᠬᠦ ᠵᠡᠷᠭᠡ ᠡᠯ᠎ᠡ ᠲᠥᠷᠥᠯ ᠤᠨ ᠠᠮᠤᠷ ᠲᠦᠪᠰᠢᠨ  ᠤ ᠬᠥᠮᠦᠵᠢᠯ ᠤᠨ ᠠᠵᠢᠯᠯᠠᠭ᠎ᠠ ᠶᠢ

ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢ ᠳᠤ ᠠᠵᠢᠯᠯᠠᠭ᠎ᠠ ᠳᠤ ᠣᠷᠣᠯᠴᠠᠬᠤ ᠶᠠᠪᠤᠴᠠ ᠳᠤ ᠠᠮᠤᠷ

ᠲᠦᠪᠰᠢᠨ ᠤ ᠮᠡᠳᠡᠯᠭᠡ ᠶᠢ ᠡᠵᠡᠮᠰᠢᠭᠦᠯᠦᠨ᠂ ᠪᠠᠭᠰᠢ ᠰᠤᠷᠤᠭᠴᠢᠳ  ᠤᠨ ᠪᠠᠴᠢᠮ ᠪᠠᠶᠢᠳᠠᠯ ᠢ ᠠᠷᠭᠠᠴᠠᠨ

ᠰᠢᠢᠳᠪᠦᠷᠢᠯᠡᠬᠦ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠵᠦ᠂ ᠥᠪᠡᠰᠦᠪᠡᠨ ᠰᠡᠷᠭᠡᠶᠢᠯᠡᠬᠦ ᠴᠢᠳᠠᠪᠤᠷᠢ ᠶᠢ

ᠳᠡᠭᠡᠭᠰᠢᠯᠡᠭᠦᠯᠬᠦ ᠬᠡᠷᠡᠭᠲᠡᠢ᠃

     ᠪᠠᠶᠢᠩᠭᠤ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ

   

3.png

      ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠂ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ

ᠨᠠᠶᠢᠳᠠᠪᠤᠷᠢᠵᠢᠭᠤᠯᠵᠤ᠂ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠳᠦᠷᠢᠮ ᠢ ᠪᠠᠷᠢᠮᠲᠠᠯᠠᠨ᠂ ᠰᠦᠢᠳᠬᠡᠯ

ᠬᠤᠷᠢᠶᠠᠬᠤ ᠲᠥᠷᠥᠯ ᠵᠦᠢᠯ᠂ ᠪᠠᠷᠢᠮᠵᠢᠶ᠎ᠠ ᠪᠣᠯᠤᠨ ᠬᠢᠨᠠᠯᠲᠠ ᠲᠠᠯᠪᠢᠬᠤ ᠤᠲᠠᠰᠤ ᠶᠢ ᠢᠯᠡ ᠪᠣᠯᠭᠠᠵᠤ᠂ ᠰᠤᠷᠤᠭᠴᠢ᠂

ᠭᠡᠷ ᠤᠨ ᠠᠬᠠᠮᠠᠳ ᠪᠣᠯᠤᠨ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ          

ᠬᠡᠷᠡᠭᠲᠡᠢ᠃ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠭᠤᠣᠯᠳᠠᠯᠭ᠎ᠠ ᠲᠠᠢ ᠠᠩᠭᠢ ᠪᠤᠶᠤ ᠲᠤᠷᠰᠢᠯᠲᠠ ᠶᠢᠨ ᠠᠩᠭᠢ

ᠬᠤᠪᠢᠶᠠᠬᠤ᠂ ᠰᠢᠯᠭᠠᠯᠲᠠ ᠶᠢᠨ ᠬᠢᠷᠢ ᠪᠦᠲᠦᠮᠵᠢ ᠪᠠᠷ ᠰᠤᠷᠤᠭᠴᠢᠳ ᠤᠨ ᠨᠡᠷᠡᠰ ᠢ ᠵᠢᠭᠰᠠᠭᠠᠬᠤ ᠵᠡᠷᠭᠡ ᠵᠢᠷᠤᠮᠵᠢᠯ

ᠦᠭᠡᠢ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠬᠢᠴᠢᠶᠡᠯ ᠳᠡᠭᠡᠷ᠎ᠡ ᠪᠤᠶᠤ ᠬᠢᠴᠢᠶᠡᠯ

ᠪᠠᠭᠤᠭᠰᠠᠨ ᠤ ᠳᠠᠷᠠᠭᠠᠬᠢ ᠬᠡᠳᠦ ᠬᠦᠨᠳᠦ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ

ᠬᠡᠷᠡᠭᠲᠡᠢ᠃ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠵᠤ ᠠᠮᠠᠷᠠᠬᠤ ᠴᠠᠭ ᠢ ᠴᠢᠩᠭ᠎ᠠ

ᠵᠢᠷᠤᠮᠵᠢᠭᠤᠯᠤᠨ᠂ ᠤᠯᠤᠰ ᠤᠨ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ ᠳᠠᠰᠬᠠᠯ ᠢ ᠲᠥᠯᠦᠪᠯᠡᠬᠦ ᠴᠢᠳᠠᠪᠤᠷᠢ  ᠶᠢ

ᠳᠡᠭᠡᠭᠰᠢᠯᠡᠭᠦᠯᠦᠨ᠂ ᠬᠢᠴᠢᠶᠡᠯ ᠤᠨ ᠳᠠᠷᠠᠭᠠᠬᠢ ᠳᠠᠰᠬᠠᠯ ᠤᠨ ᠬᠡᠮᠵᠢᠶ᠎ᠡ ᠶᠢ ᠡᠵᠡᠮᠳᠡᠵᠦ᠂ ᠰᠤᠷᠭᠠᠭᠤᠯᠢ ᠶᠢᠨ

ᠳᠣᠲᠣᠭᠠᠳᠤ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ

ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ

ᠠᠬᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ

ᠬᠡᠷᠡᠭᠲᠡᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map