ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢ ᠲᠤᠰᠬᠠᠢ ᠰᠡᠳᠦᠪ ᠢᠶᠠᠷ ᠰᠤᠷᠤᠯᠴᠠᠪᠠ
ᠨᠡᠶᠢᠲᠡᠯᠡᠭᠰᠡᠨ ᠴᠠᠭ᠄
2024/2/7
      2 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2024 ᠣᠨ ᠤ 2 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠳᠡᠳ᠋ ᠱᠦᠵᠢ᠂ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ           ᠠᠵᠢᠯ  ᠤᠨ ᠬᠤᠷᠢᠶᠠᠨ ᠤ ᠱᠦᠵᠢ ᠹᠠᠩ ᠶᠢᠩ ᠢ ᠤᠷᠢᠵᠤ ︽ᠳᠤᠮᠳᠠᠳᠤ ᠤᠯᠤᠰ  ᠤᠨ ᠡᠪ ᠬᠠᠮᠲᠤ ᠨᠠᠮ  ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠤᠨ ᠲᠣᠭᠤᠷᠢᠨ ᠳᠤ ᠲᠤᠰᠬᠠᠢ ᠰᠡᠳᠦᠪᠲᠦ ᠵᠢᠯᠣᠭᠤᠳᠣᠯᠭ᠎ᠠ ᠬᠢᠯᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠮᠡᠳᠡᠭᠦᠯᠦᠯᠲᠡ ᠶᠢᠨ ᠬᠤᠷᠠᠯ ᠢ ᠡᠷᠬᠢᠯᠡᠪᠡ᠃   

1.png

2.png

      ᠹᠠᠩ ᠶᠢᠩ ᠪᠣᠳᠠᠲᠠᠢ ᠵᠦᠢᠯ ᠵᠤᠷᠪᠤᠰ ᠪᠠ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂

︽ᠳᠦᠷᠢᠮ︾ ᠳᠤ ᠵᠠᠰᠠᠪᠤᠷᠢ ᠣᠷᠣᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ︽ᠳᠦᠷᠢᠮ︾ ᠳᠤ

ᠵᠠᠰᠠᠪᠤᠷᠢ ᠣᠷᠣᠭᠤᠯᠬᠤ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ︽ᠳᠦᠷᠢᠮ︾ ᠢ ᠲᠤᠭᠤᠰᠢᠯᠠᠭᠤᠯᠤᠨ

ᠬᠡᠷᠡᠭᠵᠢᠭᠦᠯᠬᠦ ᠶᠢ ᠰᠠᠶᠢᠲᠤᠷ ᠠᠳᠬᠤᠬᠤ᠂ ᠲᠥᠪ ᠴᠢᠩᠭ᠎ᠠ ᠰᠠᠬᠢᠯᠭ᠎ᠠ ᠪᠠᠲᠤ ᠪᠠᠷ ᠨᠠᠮ ᠤᠨ ᠥᠪᠡᠷ ᠤᠨ ᠪᠡᠶ᠎ᠡ ᠳᠤ ᠪᠠᠨ

ᠬᠤᠪᠢᠰᠬᠠᠯ ᠬᠢᠬᠦ ᠶᠢ ᠠᠬᠢᠭᠤᠯᠬᠤ ᠵᠡᠷᠭᠡ ᠭᠤᠷᠪᠠᠨ ᠲᠠᠯ᠎ᠠ ᠠᠴᠠ ︽ᠲᠦᠷᠢᠮ︾ ᠳᠤ ᠨᠠᠷᠢᠨ ᠲᠠᠶᠢᠯᠤᠮᠵᠢ            

ᠬᠢᠪᠡ᠃ ᠲᠠᠶᠢᠯᠤᠮᠵᠢ ᠶᠢᠨ ᠠᠭᠤᠯᠭ᠎ᠠ ᠪᠠᠶᠠᠯᠢᠭ᠂ ᠬᠡᠷᠡᠭ ᠤᠨ ᠵᠢᠱᠢᠶ᠎ᠡ ᠨᠠᠷᠢᠨ ᠪᠣᠳᠠᠲᠠᠢ᠂ ᠭᠦᠨᠵᠡᠭᠡᠢ ᠪᠥᠭᠡᠳ

ᠣᠶᠢᠯᠠᠭᠠᠮᠵᠢᠲᠠᠢ᠂ ᠥᠷᠭᠡᠨ ᠣᠯᠠᠨ ᠺᠠᠳ᠋ᠷ ᠨᠠᠷᠢᠨ ᠬᠢᠨᠠᠮᠠᠭᠠᠢ ᠰᠣᠨᠣᠰᠴᠤ᠂ ︽ᠳᠦᠷᠢᠮ︾ ᠤᠨ ᠠᠭᠤᠯᠤᠭᠳᠠᠬᠤᠨ ᠤ ᠠᠴᠢ

ᠬᠤᠯᠪᠣᠭᠳᠠᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠣᠯᠵᠤ᠂ ᠮᠠᠰᠢ ᠰᠠᠶᠢᠨ ᠰᠡᠩᠬᠡᠷᠡᠭᠦᠯᠦᠯ

ᠣᠯᠤᠭᠰᠠᠨ ᠪᠠᠶᠢᠨ᠎ᠠ᠃

   

3.png

   

      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠳᠦᠷᠢᠮ︾  ᠳᠤ ᠵᠠᠰᠠᠪᠤᠷᠢ

ᠣᠷᠣᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠳᠦᠷᠢᠮ︾ ᠤᠨ ᠠᠭᠤᠯᠤᠭᠳᠠᠬᠤᠨ

ᠴᠢᠬᠤᠯᠠ ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠣᠶᠢᠯᠠᠭᠠᠨ ᠡᠵᠡᠮᠰᠢᠵᠦ᠂

︽ᠬᠤᠶᠠᠷ ᠢ ᠳᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂

︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ  ᠢ

ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠶᠢ ᠪᠠᠷᠢᠮᠲᠠᠯᠠᠵᠤ᠂

ᠪᠠᠶᠢᠩᠭᠤ ᠶᠢᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ︽ᠳᠦᠷᠢᠮ︾ ᠤᠨ

ᠲᠣᠭᠲᠠᠭᠠᠯ ᠢ ᠦᠭᠡ ᠥᠭᠦᠯᠡᠪᠦᠷᠢ ᠳᠠᠷᠠᠭᠠᠯᠠᠨ ᠰᠤᠳᠤᠯᠤᠨ ᠤᠩᠰᠢᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ

ᠰᠡᠳᠬᠢᠯ ᠳᠤ ᠪᠠᠨ ᠰᠢᠩᠭᠡᠭᠡᠵᠦ᠂ ᠦᠢᠯᠡ ᠠᠵᠢᠯᠯᠠᠭ᠎ᠠ ᠳᠤ ᠪᠠᠨ ᠰᠢᠩᠭᠡᠭᠡᠵᠦ᠂ ᠨᠠᠮ ᠤᠨ ᠰᠠᠬᠢᠯᠭ᠎ᠠ ᠪᠠᠲᠤ ᠶᠢ

ᠬᠦᠨᠳᠦᠳᠬᠡᠬᠦ᠂ ᠨᠠᠮ ᠤᠨ ᠰᠠᠬᠢᠯᠭ᠎ᠠ ᠪᠠᠲᠤ ᠶᠢ ᠵᠢᠷᠤᠮᠯᠠᠬᠤ᠂ ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠬᠤ ᠭᠦᠨ

ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ

ᠠᠬᠤᠢ ᠶᠢ ᠪᠣᠢ ᠪᠣᠯᠭᠠᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠢ

ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠰ

ᠲᠥᠷᠥ ᠶᠢᠨ ᠬᠢᠨᠠᠯᠲᠠ ᠶᠢ ᠴᠢᠩᠭᠠᠳᠬᠠᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂

ᠨᠠᠮ ᠤᠨ ᠰᠠᠬᠢᠯᠭ᠎ᠠ ᠪᠠᠲᠤ ᠶᠢ ᠰᠤᠷᠭᠠᠨ ᠬᠥᠮᠦᠵᠢᠯ ᠤᠨ ᠰᠢᠰᠲ᠋ᠧᠮ ᠳᠤ ᠤᠭ ᠬᠡᠪ ᠢᠶᠠᠷ ᠨᠢ ᠨᠠᠶᠢᠳᠠᠪᠤᠷᠢᠵᠢᠭᠤᠯᠬᠤ ᠶᠢ

ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠤᠨ ᠭᠡᠰᠢᠭᠦᠨ᠂ ᠨᠢᠭᠡᠳᠦᠭᠡᠷ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ

ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠲᠢᠩᠬᠢᠮ ᠤᠨ ᠪᠠᠶᠢᠭᠤᠯᠭ᠎ᠠ ᠵᠢᠴᠢ

ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠳᠡᠳ᠋ ᠭᠠᠵᠠᠷ ᠤᠨ ᠳᠡᠰ ᠠᠴᠠ ᠳᠡᠭᠡᠭᠰᠢᠬᠢ ᠨᠠᠮ ᠤᠨ ᠭᠡᠰᠢᠭᠦᠨ

ᠺᠠᠳ᠋ᠷ ᠬᠤᠷᠠᠯ ᠳᠤ ᠣᠷᠣᠯᠴᠠᠵᠠᠢ᠃

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map