ᠯᠧᠢ ᠹᠧᠩ ᠠᠴᠠ ᠰᠤᠷᠤᠯᠴᠠᠬᠤ ᠨᠢ — ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ︽ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ︾ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠪᠡ
ᠨᠡᠶᠢᠲᠡᠯᠡᠭᠰᠡᠨ ᠴᠠᠭ᠄
2024/3/11
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠦᠭᠡ᠂ ︽ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ︾ ᠲᠤᠰᠬᠠᠢ ᠪᠤᠯᠤᠩ ᠭᠠᠷᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠰᠤᠷᠤᠭᠴᠢᠳ ᠤᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠨᠡᠶᠢᠲᠡᠯᠢᠭ ᠲᠤᠷᠰᠢᠯᠭ᠎ᠠ ᠶᠢ ᠲᠡᠯᠭᠡᠨ ᠦᠵᠡᠭᠦᠯᠵᠦ᠂ ᠨᠡᠶᠢᠭᠡᠮ ᠳᠠᠶᠠᠭᠠᠷ ᠲᠤ ᠬᠥᠳᠡᠯᠮᠦᠷᠢ ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠶᠢᠵᠢᠭᠤᠯᠵᠤ᠂ ᠰᠢᠨ᠎ᠡ ᠠᠶᠠᠯᠠᠯ ᠳᠤ ᠡᠷᠡᠮᠡᠬᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠪᠠ᠃

1.jpg

      ᠣᠶᠢᠷ᠎ᠠ ᠶᠢᠨ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠬᠤᠲᠠ ᠶᠢᠨ

ᠳᠤᠮᠳᠠᠳᠤ ᠪᠠᠭ᠎ᠠ ᠰᠤᠷᠭᠠᠭᠤᠯᠢ ᠳᠤ ︽ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ︾ ᠯᠧᠢ ᠹᠧᠩ ᠠᠴᠠ

ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃

 

2.png

      ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂

ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ᠂

ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠠᠶᠢᠭᠤᠯᠬᠤ ᠴᠢᠬᠤᠯᠠ ᠠᠭᠤᠯᠭ᠎ᠠ ᠪᠣᠯᠭᠠᠵᠤ᠂ ᠰᠤᠷᠭᠠᠭᠤᠯᠢ ᠳᠤ ᠣᠷᠣᠬᠤ

ᠰᠤᠷᠭᠠᠨ ᠬᠥᠮᠦᠵᠢᠯ ᠢᠶᠠᠷ ᠠᠵᠠ ᠲᠣᠬᠢᠶᠠᠯ ᠪᠣᠯᠭᠠᠨ᠂ ︽ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ

ᠦᠢᠯᠡᠴᠢᠯᠡᠭᠡᠨ ᠤ ᠠᠵᠢᠯᠯᠠᠭ᠎ᠠ︾  ᠪᠠᠷ ᠭᠤᠣᠯ ᠰᠡᠳᠦᠪ ᠪᠣᠯᠭᠠᠭᠰᠠᠨ ᠠᠩᠬᠢ ᠪᠠ ᠡᠪᠯᠡᠯ ᠤᠨ ᠬᠤᠷᠠᠯ᠂ ᠶᠠᠷᠢᠯᠴᠠᠬᠤ

ᠬᠤᠷᠠᠯ ᠵᠡᠷᠭᠡ ᠠᠵᠢᠯᠯᠠᠭ᠎ᠠ ᠶᠢ ᠥᠷᠨᠢᠭᠦᠯᠪᠡ᠃ ᠯᠧᠢ ᠹᠧᠩ ᠠᠴᠠ ᠰᠤᠷᠤᠯᠴᠠᠭᠰᠠᠨ ᠨᠡᠶᠢᠲᠡᠯᠢᠭ ᠵᠢᠱᠢᠶ᠎ᠡ ᠶᠢ          

ᠤᠷᠢᠵᠤ᠂ ᠬᠤᠪᠢ ᠬᠥᠮᠦᠨ ᠤ ᠥᠩᠭᠡᠷᠡᠯᠲᠡ ᠶᠢ ᠬᠤᠪᠢᠶᠠᠯᠴᠠᠬᠤ᠂ ᠲᠤᠷᠰᠢᠯᠭ᠎ᠠ ᠰᠣᠯᠢᠯᠴᠠᠬᠤ ᠵᠡᠷᠭᠡ ᠬᠡᠯᠪᠡᠷᠢ ᠪᠠᠷ          

ᠯᠧᠢ ᠹᠧᠩ ᠤᠨ ᠦᠢᠯᠡ ᠠᠵᠢᠯᠯᠠᠭ᠎ᠠ ᠶᠢ ᠶᠡᠭᠡ ᠪᠠᠷ ᠤᠬᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ          

ᠪᠠᠳᠠᠷᠠᠭᠤᠯᠪᠠ᠃ ᠯᠧᠢ ᠹᠧᠩ ᠤᠨ ᠺᠢᠨᠣ᠋ ᠶᠢ ᠦᠵᠡᠬᠦ᠂ ︽ᠯᠧᠢ ᠹᠧᠩ  ᠤᠨ ᠦᠯᠢᠭᠡᠷ ᠢ ᠶᠠᠷᠢᠵᠤ᠂ ᠳᠡᠷᠭᠡᠳᠡᠬᠢ ᠦᠯᠢᠭᠡᠷ

ᠳᠠᠭᠤᠷᠢᠶᠠᠯ ᠢ ᠬᠠᠶᠢᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠰᠤᠷᠤᠭᠴᠢᠳ ᠢ ᠯᠧᠢ

ᠹᠧᠩ ᠲᠠᠢ ᠣᠢᠷᠠᠲᠤᠭᠤᠯᠵᠤ᠂ ᠯᠧᠢ ᠹᠧᠩ ᠢ ᠣᠶᠢᠯᠠᠭᠠᠭᠤᠯᠤᠨ᠂ ᠯᠧᠢ ᠹᠧᠩ ᠤᠨ ᠵᠣᠷᠢᠭ ᠰᠠᠨᠠᠭᠠᠨ ᠤ

ᠠᠭᠤᠯᠤᠭᠳᠠᠬᠤᠨ ᠢ ᠮᠡᠳᠡᠷᠡᠭᠦᠯᠪᠡ᠃

   

3.jpg

      ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ᠂ ᠨᠡᠶᠢᠭᠡᠮ ᠲᠣᠭᠤᠷᠢᠭ᠂ ᠣᠯᠠᠨ ᠨᠡᠶᠢᠲᠡ ᠶᠢᠨ

ᠰᠣᠶᠣᠯ ᠤᠨ ᠲᠥᠬᠦᠭᠡᠷᠦᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂

ᠣᠷᠴᠢᠨ ᠲᠣᠭᠤᠷᠢᠨ ᠢ ᠴᠡᠪᠡᠷᠯᠡᠵᠦ ᠠᠷᠢᠭᠤᠳᠬᠠᠬᠤ᠂ ᠪᠣᠯᠪᠠᠰᠤᠨ ᠬᠥᠲᠥᠯᠥᠨ ᠵᠢᠯᠣᠭᠤᠳᠬᠤ᠂ ᠬᠤᠭ ᠨᠣᠪᠰᠢ ᠶᠢ

ᠲᠥᠷᠥᠯ ᠬᠤᠪᠢᠶᠠᠬᠤ ᠵᠡᠷᠭᠡ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ

ᠥᠷᠨᠢᠭᠦᠯᠪᠡ᠃

      ᠬᠥᠬᠡᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠯᠧᠢ ᠹᠧᠩ ᠤᠨ ᠵᠣᠷᠢᠭ ᠰᠠᠨᠠᠭ᠎ᠠ ᠶᠢ

ᠵᠠᠯᠠᠭᠤᠴᠤᠳ ᠪᠠᠭᠠᠴᠤᠳ ᠤᠨ ᠡᠳᠦᠷ ᠲᠤᠲᠤᠮ ᠤᠨ ᠰᠤᠷᠤᠯᠴᠠᠯᠭ᠎ᠠ ᠠᠮᠢᠳᠤᠷᠠᠯ ᠳᠤ ᠠᠭᠤᠰᠬᠠᠵᠤ᠂ ᠪᠣᠳᠠᠲᠤ

ᠠᠵᠢᠯᠯᠠᠭ᠎ᠠ ᠪᠠᠷ ᠬᠥᠬᠡᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ︽ᠠᠯᠲᠠᠨ ᠨᠡᠷ᠎ᠡ ᠶᠢᠨ ᠬᠠᠭᠤᠳᠠᠰᠤ︾ ᠶᠢ

ᠭᠡᠷᠡᠯᠲᠦᠭᠦᠯᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map