3 ᠰᠠᠷ᠎ᠠ ᠶᠢᠨ 10 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠲᠡ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ | ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠦᠷᠭᠦᠯᠵᠢᠯᠡᠨ ᠬᠢᠨᠠᠨ ᠵᠥᠪᠯᠡᠪᠡ᠃ | | | | | | ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠣᠣ ᠴᠧᠩ ᠬᠢᠨᠠᠨ ᠵᠥᠪᠯᠡᠬᠦ ᠳᠤ ᠣᠷᠣᠯᠴᠠᠵᠤ᠂ | ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠵᠡᠢ᠃ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠳᠡᠭᠡᠳᠦ | ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠨᠥᠬᠦᠳ ᠪᠣᠯᠣᠨ ᠶᠡᠭᠡ ᠬᠤᠷᠠᠯ ᠤᠨ ᠬᠠᠤᠯᠢ ᠶᠢᠨ ᠲᠥᠰᠥᠯ ᠤᠨ ᠳᠤᠭᠤᠶᠢᠯᠠᠩ᠂ ᠪᠢᠴᠢᠭ ᠮᠠᠲ᠋ᠧᠷᠢᠶᠠᠯ ᠲᠣᠪᠴᠢ | ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ | ᠰᠠᠨᠠᠯ ᠢ ᠰᠣᠨᠣᠰᠴᠠᠢ᠃ | ᠸᠠᠩ ᠯᠢ ᠰᠢᠶᠠ ᠲᠥᠯᠥᠭᠡᠯᠡᠭᠴᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠰᠢᠭᠦᠬᠦ ᠬᠤᠷᠢᠶ᠎ᠠ᠂ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠪᠦᠷᠢᠮᠦᠰᠦᠨ ᠵᠥᠪᠰᠢᠶᠡᠷᠡᠵᠦ | ᠪᠠᠶᠢᠨ᠎ᠠ᠃ ᠬᠤᠷᠢᠶᠠᠨ ᠤ ᠳᠠᠷᠤᠭ᠎ᠠ ᠵᠤᠤ ᠯᠧ ᠵᠢᠢ ᠶᠢᠨ ᠬᠢᠭᠰᠡᠨ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ | ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠭᠦᠢᠴᠡᠳ ᠢᠯᠡᠷᠡᠭᠦᠯᠵᠦ᠂ ᠶᠡᠭᠡ | ᠲᠠᠯ᠎ᠠ ᠳᠤ ᠵᠣᠭᠰᠣᠬᠤ᠂ ᠭᠤᠣᠯᠳᠠᠯᠭ᠎ᠠ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠦ᠂ | ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾᠂ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠦ᠂ ᠪᠠᠶᠢᠭᠤᠯᠤᠯ ᠤᠨ | ᠳᠠᠪᠠᠭᠤᠯᠢᠭ ᠢ ᠬᠠᠷᠠᠭᠤᠯᠤᠭᠰᠠᠨ᠂ ᠠᠷᠠᠳ ᠤᠨ ᠲᠥᠯᠥᠭᠡ ᠭᠡᠬᠦ ᠰᠡᠳᠬᠢᠯᠭᠡ ᠶᠢ ᠳᠣᠪᠤᠶᠢᠯᠭᠠᠭᠰᠠᠨ᠂ ᠬᠠᠤᠯᠢᠵᠢᠯ ᠤᠨ | ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠨᠢᠭᠡᠨ ᠰᠠᠶᠢᠨ ᠮᠡᠳᠡᠭᠦᠯᠦᠯᠲᠡ ᠪᠣᠯᠵᠠᠢ᠃ ᠠᠷᠠᠳ ᠤᠨ ᠳᠡᠭᠡᠳᠦ ᠰᠢᠭᠦᠬᠦ | ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠠᠤᠯᠢ ᠪᠠᠷᠢᠬᠤ ᠠᠵᠢᠯ ᠳᠠᠬᠢ ᠨᠠᠮ ᠤᠨ | ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠬᠠᠤᠯᠢᠵᠢᠯ ᠤᠨ ᠬᠦᠴᠦᠨ ᠢ ᠬᠡᠷᠡᠭᠯᠡᠨ ᠬᠥᠭᠵᠢᠯᠲᠡ ᠳᠤ | ᠦᠢᠯᠡᠴᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ ᠶᠢ | ᠪᠠᠷᠢᠮᠲᠠᠯᠠᠵᠤ᠂ ᠤᠯᠤᠰ ᠲᠥᠷᠥ ᠶᠢᠨ ᠴᠢᠩᠭ᠎ᠠ ᠡᠭᠦᠷᠭᠡᠯᠡᠯ ᠢ ᠢᠯᠡᠷᠡᠭᠦᠯᠵᠦ᠂ ᠠᠷᠠᠳ ᠤᠨ ᠲᠥᠯᠥᠭᠡ ᠭᠡᠬᠦ ᠭᠦᠨ | ᠵᠤᠵᠠᠭᠠᠨ ᠬᠠᠶᠢᠷ᠎ᠠ ᠰᠡᠳᠬᠢᠯᠭᠡ ᠶᠢ ᠭᠦᠢᠴᠡᠳ ᠠᠭᠤᠯᠤᠭᠰᠠᠨ ᠪᠠᠶᠢᠨ᠎ᠠ᠃ ᠵᠠᠰᠠᠭ ᠤᠨ ᠣᠷᠳᠣᠨ ᠤ ᠠᠵᠢᠯ ᠤᠨ | ᠬᠠᠷᠠᠭᠠᠰᠤ ᠠᠴᠠ ᠥᠪᠥᠷ ᠮᠣᠩᠭᠤᠯ ᠯᠠᠪᠲᠠᠢ ᠬᠠᠤᠯᠢᠵᠢᠯ ᠤᠨ ᠵᠣᠷᠢᠭ ᠰᠠᠨᠠᠭ᠎ᠠ ᠶᠢ ᠰᠠᠶᠢᠲᠤᠷ ᠦᠢᠯᠡᠳᠦᠯᠭᠡᠵᠢᠭᠦᠯᠵᠦ᠂ | ᠬᠠᠤᠯᠢᠵᠢᠯ ᠤᠨ ᠬᠦᠴᠦᠨ ᠢ ᠬᠡᠷᠡᠭᠯᠡᠨ ᠥᠭᠡᠷᠡᠴᠢᠯᠡᠯᠲᠡ ᠶᠢ ᠠᠬᠢᠭᠤᠯᠬᠤ᠂ ᠲᠣᠭᠲᠠᠭᠤᠨ ᠢ ᠬᠠᠮᠠᠭᠠᠯᠠᠬᠤ᠂ | ᠬᠥᠭᠵᠢᠯᠲᠡ ᠶᠢ ᠠᠬᠢᠭᠤᠯᠬᠤ ᠳᠠᠭᠠᠨ ᠨᠡᠩ ᠴᠢᠳᠠᠮᠠᠭᠠᠢ ᠪᠣᠯᠵᠤ᠂ ᠠᠮᠤᠭᠤᠯᠠᠩᠲᠤ ᠥᠪᠥᠷ ᠮᠣᠩᠭᠤᠯ᠂ ᠬᠠᠤᠯᠢᠵᠢᠯ ᠤᠨ | ᠥᠪᠥᠷ ᠮᠣᠩᠭᠤᠯ ᠢ ᠨᠡᠩ ᠪᠦᠲᠦᠮᠵᠢᠲᠡᠢ ᠪᠦᠲᠦᠭᠡᠨ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ | ᠬᠢᠨ᠎ᠡ ᠭᠡᠵᠡᠢ᠃ | ᠯᠢ ᠵᠥᠩ ᠽᠧᠩ᠂ ᠵᠤᠸᠠᠩ ᠾᠧ᠂ ᠱᠢ ᠢᠦᠢ ᠳ᠋ᠦᠩ᠂ ᠳ᠋ᠦ᠋ ᠬᠤᠢ ᠯᠢᠶᠠᠩ᠂ ᠶᠠᠨ ᠬᠤᠩ ᠸᠧᠢ᠂ ᠰᠢᠩ | ᠵᠢᠶᠧ ᠬᠤᠩ᠂ ᠴᠢ ᠢᠦᠢ ᠴᠢᠨ᠂ ᠶᠢᠨ ᡁᠢ ᠵᠢᠶᠦ᠋ᠨ ᠵᠡᠷᠭᠡ ᠲᠥᠯᠥᠭᠡᠯᠡᠭᠴᠢ ᠦᠭᠡ ᠬᠡᠯᠡᠵᠦ᠂ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ | ᠪᠣᠯᠣᠨ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠦ | ᠰᠠᠨᠠᠯ ᠨᠢᠭᠡᠲᠡᠢ ᠢᠯᠡᠳᠬᠡᠵᠡᠭᠡᠭᠰᠡᠨ ᠪᠥᠭᠡᠳ ᠲᠣᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ | ᠦᠨᠳᠦᠰᠦᠨ ᠱᠠᠲᠤᠨ ᠤ ᠦᠢᠯᠡᠳᠦᠯᠭᠡ ᠶᠢ ᠲᠠᠰᠤᠷᠠᠯᠲᠠ ᠦᠭᠡᠢ ᠪᠠᠶᠠᠯᠢᠭᠵᠢᠭᠤᠯᠬᠤ᠂ ᠬᠤᠯᠪᠣᠭᠳᠠᠯ ᠪᠦᠬᠦᠢ | ᠬᠦᠷᠢᠶᠡᠨ ᠤ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠠᠯᠬᠤᠭ᠎ᠠ ᠶᠢ ᠲᠦᠷᠭᠡᠳᠬᠡᠬᠦ᠂ ᠵᠠᠷᠭᠤ ᠶᠢ | ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠬᠤ᠂ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠬᠤ᠂ ᠰᠦᠯᠵᠢᠶᠡᠨ ᠤ ᠴᠤᠤᠷᠬᠠᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠰᠠᠨᠠᠯ | ᠰᠠᠨᠠᠭᠤᠯᠭ᠎ᠠ ᠳᠤᠷᠠᠳᠴᠠᠢ᠃ | | | |