3 ᠰᠠᠷ᠎ᠠ ᠶᠢᠨ 10 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠠᠪᠤᠭᠳᠠᠭᠤᠯᠵᠤ ᠂ ᠲᠥᠯᠥᠭᠡᠯᠡᠭᠴᠢᠳ ᠤᠨ | ᠪᠦᠯᠬᠦᠮ ᠤᠨ ᠰᠣᠨᠢᠨ ᠮᠡᠳᠡᠭᠡᠨ ᠤ ᠥᠭᠦᠯᠡᠭᠴᠢ ᠬᠤᠤ ᠰᠥᠩ ᠱᠠᠨ ᠲᠥᠯᠥᠭᠡᠯᠡᠭᠴᠢᠳ ᠤᠨ ᠪᠦᠯᠬᠦᠮ ᠤᠨ | ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠬᠤᠤ ᠰᠦᠩ ᠱᠠᠨ ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠨᠡᠶᠢᠲᠡ 58 ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰ ᠤᠳᠠᠭ᠎ᠠ ᠶᠢᠨ ᠬᠤᠷᠠᠯ ᠳᠤ | ᠣᠷᠣᠯᠴᠠᠪᠠ᠃ ᠬᠤᠷᠠᠯ ᠤᠨ ᠬᠤᠭᠤᠴᠠᠭᠠᠨ ᠳᠤ ᠂ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ ᠢ 3 | ᠤᠳᠠᠭ᠎ᠠ ᠂ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ 8 ᠤᠳᠠᠭ᠎ᠠ ᠲᠣᠬᠢᠷᠠᠭᠤᠯᠵᠤ ᠂ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠲᠥᠯᠥᠪᠯᠡᠭᠡ ᠶᠢᠨ ᠮᠡᠳᠡᠭᠦᠯᠦᠯᠲᠡ ᠪᠠ ᠲᠥᠰᠥᠯ ᠂ ᠲᠥᠰᠥᠪ ᠤᠨ | ᠮᠡᠳᠡᠭᠦᠯᠦᠯᠲᠡ ᠪᠠ ᠲᠥᠰᠥᠯ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ | ᠵᠠᠰᠠᠪᠤᠷᠢ ᠣᠷᠣᠭᠤᠯᠬᠤ ᠲᠥᠰᠥᠯ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠢᠯᠡᠳᠬᠡᠯ ᠂ ᠠᠷᠠᠳ ᠤᠨ ᠳᠡᠭᠡᠳᠦ ᠰᠢᠬᠦᠭᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ ᠪᠦᠬᠦ ᠲᠥᠯᠥᠭᠡᠯᠡᠭᠴᠢᠳ ᠶᠡᠷᠦᠩᠬᠡᠢ ᠱᠦᠵᠢ | ᠰᠢ ᠶᠢᠨ ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ | ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶ᠎ᠠ ᠶᠢᠨ ᠵᠣᠷᠢᠭ ᠰᠠᠨᠠᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠭᠤᠮᠢᠨᠳᠠᠩ ᠤᠨ ᠬᠤᠪᠢᠰᠬᠠᠯᠲᠤ | ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠠᠬᠤᠢ ᠡᠬᠢ ᠪᠠᠶᠠᠯᠢᠭ ᠤᠨ | ᠡᠲᠡᠭᠡᠳ ᠤᠨ ᠭᠡᠰᠢᠭᠦᠳ ᠢ ᠡᠷᠭᠢᠵᠦ ᠦᠵᠡᠬᠦ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠪᠠ᠃ ᠪᠦᠬᠦ ᠲᠥᠯᠥᠭᠡᠯᠡᠭᠴᠢᠳ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠡᠭᠦᠷᠭᠡᠲᠦ ᠪᠣᠳᠣᠯ ᠢᠶᠠᠷ ᠶᠡᠭᠡ ᠬᠤᠷᠠᠯ ᠤᠨ ᠪᠦᠬᠦᠳᠡ ᠬᠤᠷᠠᠯ ᠂ | ᠲᠥᠯᠥᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠪᠠ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ | ᠬᠤᠷᠠᠯ ᠳᠤ ᠴᠠᠭ ᠲᠤᠬᠠᠢ ᠳᠤᠨᠢ ᠣᠷᠣᠯᠴᠠᠵᠤ ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠤᠶᠤᠨ ᠴᠢᠳᠠᠯ ᠢᠶᠠᠨ ᠲᠥᠪᠯᠡᠷᠡᠭᠦᠯᠦᠨ ᠡᠯ᠎ᠡ ᠵᠦᠢᠯ ᠤᠨ ᠰᠠᠨᠠᠯ ᠵᠥᠪᠯᠡᠯᠭᠡ ᠪᠠ ᠮᠡᠳᠡᠭᠦᠯᠦᠯᠲᠡ ᠶᠢ ᠬᠢᠨᠠᠨ ᠵᠥᠪᠯᠡᠵᠦ ᠂ | ᠬᠤᠷᠠᠯ ᠤᠨ ᠵᠥᠪᠯᠡᠬᠦ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠪᠬᠢᠲᠡᠢ ᠪᠠᠷ ᠦᠭᠡ ᠬᠡᠯᠡᠵᠦ᠂ | ᠭᠤᠣᠯᠳᠠᠯᠭ᠎ᠠ ᠶᠢ ᠠᠳᠬᠤᠨ᠂ ᠶᠡᠭᠡ ᠶᠠᠪᠤᠳᠠᠯ ᠢ ᠵᠥᠪᠯᠡᠵᠦ ᠂ ᠦᠨᠡᠨ ᠦᠭᠡ ᠬᠡᠯᠡᠵᠦ ᠂ ᠪᠣᠳᠠᠲᠠᠢ ᠠᠷᠭ᠎ᠠ ᠭᠠᠷᠭᠠᠵᠤ ᠂ | ᠤᠯᠤᠰ ᠤᠨ ᠶᠡᠭᠡ ᠶᠠᠪᠤᠳᠠᠯ ᠢ ᠬᠠᠮᠲᠤ ᠪᠠᠷ ᠵᠥᠪᠳᠡᠯᠴᠡᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠳᠡᠪᠰᠢᠭᠦᠯᠪᠡ᠃ ᠲᠥᠯᠥᠭᠡᠯᠡᠭᠴᠢᠳ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠷ ᠪᠠᠳᠠᠷᠠᠭᠤᠯᠵᠤ ᠂ | ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ ᠂ ᠠᠷᠠᠳ ᠤᠯᠠᠨ ᠤ ᠬᠦᠰᠡᠯ ᠱᠠᠭᠠᠷᠳᠠᠯᠭ᠎ᠠ ᠪᠠ | ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠦᠰᠡᠯ ᠰᠠᠨᠠᠭ᠎ᠠ ᠶᠢ ᠦᠨᠡᠨ ᠬᠦ ᠲᠤᠰᠬᠠᠪᠠ᠃ ᠡᠭᠦᠨ ᠤ | ᠵᠡᠷᠭᠡ ᠪᠠᠷ᠂ ᠲᠥᠯᠥᠭᠡᠯᠡᠭᠴᠢᠳ ᠪᠠᠰᠠ ᠥᠪᠡᠷᠲᠡᠭᠡᠨ ᠵᠠᠰᠠᠬᠤ ᠣᠷᠣᠨ ᠳᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ | ︽ ᠵᠢᠷᠭᠤᠭᠠᠨ ᠢᠨᠵᠧᠨᠧᠷᠢᠩ ︾ ᠢ ᠰᠠᠶᠢᠲᠤᠷ ᠬᠡᠷᠡᠭᠵᠢᠭᠦᠯᠵᠦ ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ | ᠣᠷᠣᠬᠤ ᠬᠠᠷᠠᠯᠲᠠ ᠶᠢ ᠪᠡᠶᠡᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠳᠡᠮᠵᠢᠯᠭᠡ ᠭᠤᠶᠤᠴᠢᠯᠠᠨ᠂ ᠠᠷᠭ᠎ᠠ ᠤᠬᠠᠭᠠᠨ | ᠬᠦᠴᠦᠨ ᠴᠢᠳᠠᠯ ᠢᠶᠠᠨ ᠡᠷᠭᠦᠵᠡᠢ ᠭᠡᠵᠦ ᠲᠠᠨᠢᠯᠴᠠᠭᠤᠯᠪᠠ᠃ | 3 ᠳ᠋ᠤᠭᠠᠷ ᠰᠠᠷ᠎ᠠ ᠶᠢᠨ 5 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠡᠨ ᠵᠥᠪᠯᠡᠬᠦ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠪᠠ᠃ 3 ᠰᠠᠷ᠎ᠠ ᠶᠢᠨ 6 ᠤ ᠦᠳᠡ ᠶᠢᠨ ᠬᠤᠶᠢᠨ᠎ᠠ᠂ ᠲᠥᠯᠥᠭᠡᠯᠡᠭᠴᠢᠳ ᠤᠨ ᠪᠦᠯᠬᠦᠮ ᠰᠠᠭᠤᠭ᠎ᠠ | ᠭᠠᠵᠠᠷ ᠲᠠᠭᠠᠨ ᠪᠥᠬᠦᠳᠡ ᠬᠤᠷᠠᠯ ᠬᠢᠵᠦ᠂ ᠪᠥᠬᠦ ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠣᠷᠣᠯᠴᠠᠵᠤ | ᠪᠠᠶᠢᠭ᠎ᠠ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ ᠨᠡᠭᠡᠭᠡᠯᠲᠡ ᠬᠢᠬᠦ ᠶᠢᠨ ᠵᠡᠷᠭᠡ ᠪᠠᠷ ᠬᠠᠮᠲᠤ ᠶᠢᠨ | ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠳᠤᠮᠳᠠᠳᠤ ᠭᠠᠳᠠᠭᠠᠳᠤ ᠶᠢᠨ 23 ᠵᠠᠭᠤᠴᠢᠯᠠᠭᠤᠷ ᠤᠨ | 43 ᠰᠤᠷᠪᠤᠯᠵᠢᠯᠠᠭᠴᠢ ᠰᠤᠷᠪᠤᠯᠵᠢᠯᠠᠬᠤ ᠪᠠᠷ ᠢᠷᠡᠵᠡᠶ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ | ᠴᠧᠩ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠥᠯᠥᠭᠡᠯᠡᠭᠴᠢᠳ ᠤᠨ ᠪᠦᠯᠬᠦᠮ ᠤᠨ ᠳᠡᠳ᠋ | ᠳᠠᠷᠤᠭ᠎ᠠ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ | ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠵᠧᠩ ᠬᠤᠩ ᠹᠠᠨ ᠬᠠᠮᠲᠤ ᠶᠢᠨ ᠰᠣᠷᠪᠤᠯᠵᠢᠯᠠᠭ᠎ᠠ ᠶᠢᠨ | ᠠᠵᠢᠯᠯᠠᠭ᠎ᠠ ᠶᠢ ᠡᠷᠬᠢᠯᠡᠵᠦ᠂ 8 ᠲᠥᠯᠥᠭᠡᠯᠡᠭᠴᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠠᠰᠠᠭᠤᠯᠲᠠ | ᠬᠠᠷᠢᠭᠤᠯᠲᠠ ᠶᠢᠨ ᠳᠤᠮᠳᠠ᠂ ᠪᠦᠯᠬᠦᠮᠳᠡᠨ ᠲᠡᠮᠡᠴᠡᠭᠰᠡᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠤᠯᠠᠨ ᠤ | ᠡᠮᠦᠨ᠎ᠡ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠪᠦᠯᠬᠦᠮ ᠳᠤᠭᠤᠶᠢᠯᠠᠩ ᠤᠨ ᠨᠡᠭᠡᠭᠡᠯᠲᠡ ᠬᠢᠬᠦ ᠠᠵᠢᠯᠯᠠᠭ᠎ᠠ ᠨᠢ | ᠥᠪᠥᠷ ᠮᠣᠩᠭᠤᠯ ᠤᠨ ᠬᠦᠴᠢᠷ ᠪᠡᠷᠬᠡ ᠶᠢ ᠲᠡᠰᠪᠦᠷᠢᠯᠡᠵᠦ ᠰᠢᠨ᠎ᠡ ᠵᠠᠮ ᠢ ᠨᠡᠭᠡᠭᠡᠬᠦ ᠂ ᠴᠤᠴᠠᠯᠲᠠ ᠦᠭᠡᠢ | ᠤᠷᠤᠭᠰᠢᠯᠠᠵᠤ ᠳᠤᠮᠳᠠ ᠤᠷᠤᠰᠬᠠᠯ ᠳᠤ ᠣᠷᠣᠬᠤ ᠰᠦᠷ ᠳᠠᠯᠠᠶᠢᠴᠠᠲᠠᠢ ᠬᠦᠴᠦᠨ ᠢ ᠭᠦᠢᠴᠡᠳ ᠬᠠᠷᠠᠭᠤᠯᠵᠠᠢ᠃ | ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠤᠨ ᠪᠦᠯᠬᠦᠮ ᠠᠴᠠ ᠶᠡᠭᠡ ᠬᠤᠷᠠᠯ ᠳᠤ ︽ᠥᠪᠥᠷ | ᠮᠣᠩᠭᠤᠯ ᠢ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠶᠢᠨ ᠠᠵᠢᠭᠯᠠᠭᠴᠢ ᠪᠣᠯᠬᠤ ᠶᠢ ᠠᠬᠢᠭᠤᠯᠬᠤ | ᠲᠤᠬᠠᠢ︾ ᠭᠡᠬᠦ ᠪᠦᠯᠬᠦᠮ ᠤᠨ ᠰᠠᠨᠠᠭᠤᠯᠭ᠎ᠠ ᠶᠢ 1 ᠬᠤᠪᠢ ᠳᠡᠪᠰᠢᠭᠦᠯᠪᠡ᠃ ᠲᠥᠯᠥᠭᠡᠯᠡᠭᠴᠢᠳ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠂ | ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ ᠂ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠵᠢᠴᠢ ᠵᠠᠮ | ᠬᠠᠷᠢᠯᠴᠠᠭᠠᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠡᠮ ᠡᠮᠨᠡᠯᠭᠡ ᠂ ᠰᠤᠷᠭᠠᠨ ᠬᠥᠮᠦᠵᠢᠯ ᠵᠡᠷᠭᠡ | ᠠᠷᠠᠳ ᠤᠨ ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ ᠨᠡᠶᠢᠳᠡ 120 ᠬᠤᠪᠢ ᠰᠠᠨᠠᠭᠤᠯᠭ᠎ᠠ ᠳᠤᠷᠠᠳᠴᠠᠢ᠃ | ᠬᠤᠷᠠᠯ ᠤᠨ ᠬᠤᠭᠤᠴᠠᠭᠠᠨ ᠳᠤ ᠂ ᠲᠥᠯᠥᠭᠡᠯᠡᠭᠴᠢᠳ ᠶᠡᠭᠡ ᠬᠤᠷᠠᠯ ᠤᠨ ᠡᠯ᠎ᠡ ᠵᠦᠢᠯ ᠤᠨ ᠰᠠᠬᠢᠯᠭ᠎ᠠ | ᠪᠠᠲᠤ ᠶᠢᠨ ᠲᠣᠭᠲᠠᠭᠠᠯ ᠢ ᠴᠢᠩᠭ᠎ᠠ ᠵᠢᠷᠤᠮᠯᠠᠵᠤ ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠤᠷᠠᠯ ᠳᠤ ᠣᠷᠣᠯᠴᠠᠵᠤ ᠂ | ᠰᠠᠶᠢᠨ ᠰᠠᠶᠢᠬᠠᠨ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠪᠠᠲᠤᠯᠠᠵᠤ ᠂ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃ ᠲᠥᠯᠥᠭᠡᠯᠡᠭᠴᠢᠳ ᠂ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠱᠤᠭᠤᠮ | ᠪᠣᠯᠭᠠᠵᠤ᠂ ᠬᠠᠷᠢᠭᠤᠴᠠᠯᠭ᠎ᠠ ᠪᠠᠨ ᠰᠡᠳᠬᠢᠯ ᠳᠡᠭᠡᠨ ᠪᠣᠳᠣᠵᠣ ᠂ ᠬᠠᠷᠢᠭᠤᠴᠠᠯᠭ᠎ᠠ ᠪᠠᠨ ᠮᠦᠷᠦᠨ ᠳᠡᠭᠡᠨ ᠡᠭᠦᠷᠭᠡᠯᠡᠵᠦ᠂ | ᠬᠠᠷᠢᠭᠤᠴᠠᠯᠭ᠎ᠠ ᠪᠠᠨ ᠠᠵᠢᠯᠯᠠᠭ᠎ᠠ ᠳᠡᠭᠡᠷ᠎ᠡ ᠳᠡᠭᠡᠨ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠬᠡᠭᠴᠢ᠂ ᠭᠠᠷᠮᠠᠭᠠᠢ | ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠵᠤ ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ | ᠰᠤᠷᠤᠯᠴᠠᠨ ᠲᠤᠭᠤᠰᠢᠯᠠᠭᠤᠯᠵᠤ᠂ ᠤᠬᠠᠭᠤᠯᠤᠨ ᠲᠠᠶᠢᠯᠪᠤᠷᠢᠯᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ ᠂ ᠰᠠᠶᠢᠲᠤᠷ ᠲᠡᠭᠦᠯᠳᠡᠷᠵᠢᠭᠦᠯᠵᠦ ᠂ ᠰᠠᠶᠢᠲᠤᠷ ᠬᠡᠷᠡᠭᠵᠢᠭᠦᠯᠵᠦ ᠂ | ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠲᠠᠬᠢᠨ ᠰᠠᠶᠢᠨ ᠠᠮᠵᠢᠯᠲᠠ ᠣᠯᠬᠤ ᠪᠠᠷ ᠴᠢᠷᠮᠠᠶᠢᠵᠤ ᠂ ᠪᠣᠳᠠᠲᠤ | ᠠᠵᠢᠯᠯᠠᠭ᠎ᠠ ᠪᠠᠷ ᠢᠶᠠᠨ ︽ ᠬᠤᠶᠠᠷ ᠢ ᠳᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ ᠂ ︽ ᠬᠤᠶᠠᠷ ᠢ | ᠬᠠᠮᠠᠭᠠᠯᠠᠬᠤ ︾ ᠶᠢ ᠡᠷᠡᠰ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ | | |