ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/13
         ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ  ﹇2024﹈ 16 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠳᠤ᠄      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠮᠡᠳᠡᠭᠳᠡᠯ︾ ᠪᠣᠯᠤᠨ ᠥᠪᠡᠷᠲᠡᠭᠡᠨ ᠵᠠᠰᠠᠬᠤ ᠣᠷᠣᠨ  ᠤ ᠰᠤᠷᠭᠠᠨ ᠬᠥᠮᠦᠵᠢᠯ ᠤᠨ ᠲᠢᠩᠬᠢᠮ ᠤᠨ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠠᠵᠢᠯᠯᠠᠭᠠᠨ ᠤ ᠲᠥᠯᠥᠪᠯᠡᠭᠡ ︵2021-2025 ᠣᠨ︶︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠣᠯᠯᠠᠭᠴᠢ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠳᠠᠭᠤᠷᠢᠶᠠᠯ ᠦᠵᠡᠭᠦᠯᠬᠦ᠂ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ 10 ᠰᠠᠷ᠎ᠠ ᠳᠤ ᠬᠥᠬᠡᠬᠤᠲᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠬᠦ ᠪᠠᠷ ᠲᠣᠭᠲᠠᠪᠠ᠂ ᠡᠨᠡ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ  ᠠᠴᠠ ᠳᠠᠭᠠᠭᠠᠴᠢᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠪᠠ ᠦᠢᠯᠡᠳᠦᠯᠭᠡ ᠶᠢ ᠵᠢᠯᠣᠭᠤᠳᠬᠤ ᠵᠥᠪᠯᠡᠯ ᠠᠴᠠ ᠬᠠᠮᠵᠢᠨ ᠡᠷᠭᠢᠯᠡᠨ᠎ᠡ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠠᠵᠢᠯᠯᠠᠭᠠᠨ ᠤ ᠵᠠᠷᠴᠢᠮ      ︵ᠨᠢᠭᠡ︶ ᠬᠥᠮᠦᠨ ᠬᠥᠮᠦᠵᠢᠭᠦᠯᠬᠦ ᠪᠠᠷ ᠦᠨᠳᠦᠰᠦ ᠪᠣᠯᠭᠠᠵᠤ᠂ ᠶᠣᠰᠣ ᠮᠣᠷᠠᠯ ᠤᠨ ᠬᠥᠮᠦᠵᠢᠯ ᠢ ᠲᠡᠷᠢᠭᠦᠨ ᠳᠤ ᠲᠠᠯᠪᠢᠨ᠎ᠠ      ᠬᠥᠮᠦᠨ ᠢᠶᠠᠷ ᠦᠨᠳᠦᠰᠦ ᠪᠣᠯᠭᠠᠬᠤ᠂ ᠰᠤᠷᠤᠭᠴᠢᠳ ᠤᠨ ᠨᠠᠰᠤᠨ ᠲᠤᠷᠰᠢᠳᠠ ᠶᠢᠨ ᠬᠥᠭᠵᠢᠯᠲᠡ ᠳᠤ ᠰᠠᠭᠤᠷᠢ ᠲᠠᠯᠪᠢᠬᠤ ᠵᠢᠭᠠᠨ ᠰᠤᠷᠭᠠᠯᠲᠠ ᠶᠢᠨ ᠣᠨᠣᠯᠵᠢᠬᠤᠨ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠭᠤᠸ᠎ᠠ ᠰᠠᠶᠢᠬᠠᠨ ᠤ ᠬᠥᠮᠦᠵᠢᠯ ᠵᠢᠭᠠᠨ ᠰᠤᠷᠭᠠᠯᠲᠠ ᠶᠢᠨ ᠡᠭᠦᠷᠭᠡ ᠳᠤ ᠠᠭᠤᠰᠬᠠᠨ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠰᠢᠯᠢᠳᠡᠭᠵᠢᠭᠦᠯᠦᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠸ᠎ᠠ ᠰᠠᠶᠢᠬᠠᠨ ᠤ ᠬᠥᠮᠥᠵᠢᠯ ᠤᠨ ᠬᠥᠮᠦᠨ ᠬᠥᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ᠃      ︵ᠬᠤᠶᠠᠷ︶ ᠬᠠᠷᠠᠯᠲᠠ ᠪᠠᠨ ᠲᠣᠳᠣᠷᠬᠠᠶᠢᠯᠠᠵᠤ᠂ ᠲᠠᠨᠢᠯᠲᠠ ᠪᠠᠨ ᠪᠣᠳᠠᠲᠠᠶᠢᠵᠢᠭᠤᠯᠤᠨ᠎ᠠ      ᠠᠵᠢᠯᠯᠠᠭ᠎ᠠ ᠶᠢ ᠥᠷᠨᠢᠭᠦᠯᠬᠦ ᠵᠣᠷᠢᠯᠭ᠎ᠠ ᠪᠣᠯ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠥᠪᠡᠰᠦᠪᠡᠨ ᠰᠤᠷᠤᠯᠴᠠᠬᠤ᠂ ᠥᠪᠡᠷ ᠢ ᠪᠠᠨ ᠳᠡᠭᠡᠭᠰᠢᠯᠡᠭᠦᠯᠬᠦ᠂ ᠬᠠᠮᠲᠤᠷᠠᠵᠤ ᠰᠣᠯᠢᠯᠴᠠᠬᠤ᠂ ᠬᠠᠮᠲᠤ ᠳᠤ ᠪᠠᠨ ᠥᠰᠦᠨ ᠪᠤᠶᠢᠵᠢᠬᠤ ᠶᠢ ᠠᠬᠢᠭᠤᠯᠵᠤ᠂ ᠡᠭᠦᠨ ᠤ ᠤᠯᠠᠮ ᠠᠴᠠ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠦᠨ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠᠨ ᠰᠢᠯᠢᠳᠡᠭᠵᠢᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠠᠬᠢᠭᠤᠯᠤᠨ᠎ᠠ᠃      ︵ᠭᠤᠷᠪᠠ︶ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠤᠳᠤᠷᠢᠳᠤᠮᠵᠢ ᠪᠣᠯᠭᠠᠨ᠂ ᠰᠣᠳᠤᠯᠬᠤ ᠶᠢ ᠴᠢᠬᠤᠯᠠᠴᠢᠯᠠᠨ᠎ᠠ      ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠦᠢᠯᠡᠳᠦᠯᠭᠡ ᠶᠢᠨ ᠰᠤᠳᠤᠯᠭᠠᠨ ᠢ ᠭᠦᠨᠵᠡᠭᠡᠢ ᠥᠷᠨᠢᠭᠦᠯᠵᠦ᠂ ᠭᠤᠸ᠎ᠠ ᠰᠠᠶᠢᠬᠠᠨ ᠤ           ᠬᠥᠮᠦᠵᠢᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠨ᠎ᠡ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ︽ᠨᠠᠷᠢᠯᠢᠭ ᠶᠠᠷᠢᠵᠤ ᠰᠠᠶᠢᠨ           ᠪᠣᠯᠪᠠᠰᠤᠷᠠᠨ ᠢᠯᠡᠭᠦᠬᠡᠨ ᠰᠡᠳᠬᠢᠵᠦ᠂ ᠴᠢᠳᠠᠪᠤᠷᠢ ᠶᠢ ᠬᠦᠴᠦᠯᠡᠨ ᠬᠥᠮᠦᠵᠢᠭᠦᠯᠵᠦ᠂ ᠰᠤᠷᠤᠭᠴᠢᠳ ᠤᠨ ᠣᠶᠤᠨ ᠢ ᠨᠡᠭᠡᠭᠡᠬᠦ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠷᠴᠢᠮ ᠢ ᠲᠤᠭᠤᠰᠢᠯᠠᠭᠤᠯᠵᠤ᠂ ᠵᠢᠭᠠᠨ ᠰᠤᠷᠭᠠᠯᠲᠠ  ᠶᠢᠨ ᠪᠦᠲᠦᠮᠵᠢᠲᠦ ᠴᠢᠨᠠᠷ ᠢ ᠢᠯᠡᠷᠡᠭᠦᠯᠦᠨ᠎ᠡ᠃ ᠬᠢᠴᠢᠶᠡᠯ ᠤᠨ ᠳᠠᠷᠠᠭ᠎ᠠ ᠡᠷᠭᠢᠴᠡᠭᠦᠯᠦᠨ ᠪᠣᠳᠣᠬᠤ ᠶᠢ ᠶᠡᠭᠡ ᠪᠠᠷ ᠬᠡᠷᠡᠭᠵᠢᠭᠦᠯᠵᠦ᠂ ᠢᠯᠠᠵᠤ ᠢᠯᠠᠭᠳᠠᠬᠤ ᠣᠯᠵᠤ ᠠᠯᠳᠠᠬᠤ ᠶᠢ ᠰᠢᠨᠵᠢᠯᠡᠬᠦ ᠤᠬᠠᠭᠠᠨᠴᠢ ᠪᠠᠷ ᠵᠠᠳᠠᠯᠤᠨ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠤᠣᠰ ᠠᠮᠵᠢᠯᠲᠠ ᠶᠢ ᠪᠡᠶᠡᠯᠡᠭᠦᠯᠦᠨ᠎ᠡ᠃      ︵ᠲᠦᠷᠪᠡ︶ ᠰᠣᠯᠢᠯᠴᠠᠭ᠎ᠠ ᠶᠢ ᠴᠢᠩᠭᠠᠳᠬᠠᠵᠤ ᠬᠠᠮᠲᠤ ᠳᠤ ᠪᠠᠨ ᠪᠡᠶᠡᠯᠡᠭᠦᠯᠦᠨ᠎ᠡ      ᠬᠤᠷᠰᠢᠶᠠᠯᠠᠨ ᠬᠠᠮᠲᠤ ᠳᠤ ᠪᠠᠨ ᠡᠳ᠋ᠯᠡᠬᠦ ᠲᠠᠪᠴᠠᠩ ᠢ ᠪᠠᠶᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠬᠠᠮᠲᠤ ᠶᠢᠨ ᠵᠢᠭᠠᠬᠤ ᠶᠢ ᠰᠤᠳᠤᠯᠬᠤ ᠠᠵᠢᠯᠯᠠᠭ᠎ᠠ ᠶᠢ ᠴᠢᠩᠭᠠᠳᠬᠠᠵᠤ᠂ ᠭᠤᠣᠯᠯᠠᠭᠴᠢ ᠪᠠᠭᠰᠢ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠠᠨ ᠰᠤᠷᠭᠠᠯᠲᠠ ᠳᠠᠬᠢ ᠨᠡᠶᠢᠲᠡᠯᠢᠭ ᠠᠰᠠᠭᠤᠳᠠᠯ ᠢ ᠬᠤᠷᠢᠶᠠᠩᠭᠤᠶᠢᠯᠠᠨ ᠳ᠋ᠦᠩᠨᠡᠵᠦ᠂ ᠰᠢᠨ᠎ᠡ ᠶᠢ ᠡᠭᠦᠳᠬᠦ ᠰᠡᠳᠬᠢᠮᠵᠢ ᠶᠢ ᠳᠤᠷᠠᠳᠴᠤ᠂ ᠪᠠᠭᠰᠢ ᠶᠢᠨ ᠳᠤᠰᠬᠠᠢ ᠮᠡᠷᠭᠡᠵᠢᠭᠰᠡᠨ ᠲᠦᠪᠰᠢᠨ ᠢ ᠬᠠᠮᠲᠤ ᠳᠤ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃      ᠬᠤᠶᠠᠷ᠂ ᠴᠠᠭ ᠪᠠ ᠭᠠᠵᠠᠷ      ᠴᠠᠭ᠄ 2024 ᠣᠨ ᠤ 10 ᠰᠠᠷ᠎ᠠ ᠶᠢᠨ ᠳᠤᠮᠳᠠᠴᠢ ᠪᠠᠷ ᠪᠣᠳᠠᠲᠠᠢ ᠴᠠᠭ ᠢ ᠠᠰ ᠲᠤ ᠨᠢ ᠮᠡᠳᠡᠭᠳᠡᠨ᠎ᠡ᠃      ᠭᠠᠵᠠᠷ᠄ ᠬᠥᠬᠡᠬᠤᠲᠠ      ᠭᠤᠷᠪᠠ᠂ ᠦᠵᠡᠭᠦᠯᠭᠡ ᠳᠤ ᠣᠷᠣᠯᠴᠠᠬᠤ ᠡᠲᠡᠭᠡᠳ ᠪᠠ ᠦᠵᠡᠭᠦᠯᠭᠡ ᠶᠢᠨ ᠬᠢᠴᠢᠶᠡᠯ      ᠲᠤᠰ ᠬᠤᠭᠤᠴᠠᠭᠠᠨ ᠤ ᠦᠵᠡᠭᠦᠯᠭᠡ ᠶᠢᠨ ᠠᠵᠢᠯᠯᠠᠭ᠎ᠠ ᠶᠢ ᠵᠥᠪᠬᠡᠨ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠬᠢᠴᠢᠶᠡᠯ ᠲᠥᠷᠦᠯ ᠤᠨ ᠪᠠᠭᠰᠢ ᠳᠤ ᠬᠠᠨᠳᠤᠭᠤᠯᠤᠨ ᠥᠷᠨᠢᠭᠦᠯᠵᠦ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠳᠠᠭᠤᠤ ᠬᠥᠭᠵᠢᠮ ︵ᠪᠥᠵᠢᠭ᠂ ᠰᠢ ᠵᠦᠴᠦᠭᠡ᠂ ᠰᠢ ᠳᠠᠭᠤᠷᠢᠯᠢᠭ︶᠂ ᠤᠷᠠᠨ ᠵᠢᠷᠤᠭ ︵ᠺᠢᠨᠣ᠋ ᠲᠧᠯᠸᠢᠰ᠂ ᠲᠣᠭᠠᠵᠢᠭᠰᠠᠨ ᠵᠠᠭᠤᠴᠢᠯᠠᠭᠤᠷ ᠤᠨ ᠤᠷᠠᠯᠢᠭ ᠢ ᠪᠠᠭᠲᠠᠭᠠᠨ᠎ᠠ︶ ᠵᠢᠴᠢ ᠤᠷᠠᠨ ᠪᠢᠴᠢᠯᠭᠡ ᠶᠢᠨ ᠪᠠᠭᠰᠢ ᠶᠢ ᠪᠠᠭᠲᠠᠭᠠᠵᠤ᠂ ᠨᠠᠰᠤ ᠪᠠ ᠪᠠᠭᠰᠢᠯᠠᠭᠰᠠᠨ ᠵᠢᠯ ᠢ ᠬᠢᠵᠠᠭᠠᠷᠯᠠᠬᠤ ᠦᠭᠡᠢ᠃      ᠳᠥᠷᠪᠡ᠂ ᠠᠭᠤᠯᠭ᠎ᠠ ᠪᠠ ᠬᠡᠯᠪᠡᠷᠢ      ︵ᠨᠢᠭᠡ︶ ᠠᠩᠭᠢ ᠵᠢᠭᠡᠯᠡᠨ ᠬᠢᠴᠢᠶᠡᠯᠯᠡᠬᠦ      ᠡᠨᠡ ᠤᠳᠠᠭᠠᠨ ᠤ ᠦᠵᠡᠭᠦᠯᠭᠡ ᠳᠤ ᠠᠬᠤᠢ ᠲᠠᠯᠠᠪᠠᠢ ᠳᠤ ᠠᠩᠭᠢ ᠵᠢᠭᠡᠯᠡᠵᠦ ᠬᠢᠴᠢᠶᠡᠯᠯᠡᠬᠦ ᠬᠡᠯᠪᠡᠷᠢ ᠶᠢ ᠬᠡᠷᠡᠭᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯᠯᠡᠬᠦ ᠴᠠᠭ ᠴᠥᠮ 40 ᠮᠢᠨᠦ᠋ᠲ / ᠬᠢᠴᠢᠶᠡᠯ           ᠪᠣᠯᠤᠨ᠎ᠠ᠃ ᠵᠢᠭᠠᠨ ᠰᠤᠷᠭᠠᠯᠲᠠ ᠶᠢᠨ ᠶᠠᠪᠤᠴᠠ ᠨᠢ ᠡᠷᠬᠡᠪᠰᠢ ᠰᠢᠨ᠎ᠡ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠬᠢᠴᠢᠶᠡᠯ ᠤᠨ ᠰᠢᠨ᠎ᠡ ᠣᠶᠢᠯᠠᠭᠠᠭᠳᠠᠬᠤᠨ ᠢ ᠢᠯᠡᠷᠡᠭᠦᠯᠦᠨ᠂ ᠣᠯᠠᠨ ᠠᠷᠭ᠎ᠠ ᠬᠡᠯᠪᠡᠷᠢ ᠪᠠᠷ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠳᠡᠯᠭᠡᠷᠡᠭᠦᠯᠵᠦ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃      ︵ᠬᠤᠶᠠᠷ︶ ᠰᠢᠪᠠᠭ᠎ᠠ ᠲᠠᠲᠠᠨ ᠬᠢᠴᠢᠶᠡᠯ ᠰᠣᠩᠭᠤᠬᠤ      ᠠᠬᠤᠢ ᠲᠠᠯᠠᠪᠠᠢ ᠶᠢᠨ ᠦᠵᠡᠭᠦᠯᠭᠡ ᠠᠴᠠ 2 - 3 ᠡᠳᠦᠷ ᠤᠨ ᠡᠮᠦᠨ᠎ᠡ᠂ ᠤᠷᠤᠯᠳᠤᠭᠠᠨ ᠳᠤ ᠣᠷᠣᠯᠴᠠᠬᠤ ᠪᠠᠭᠰᠢ ᠰᠦᠯᠵᠢᠶᠡᠨ ᠳᠤ ᠰᠢᠪᠠᠭ᠎ᠠ ᠲᠠᠲᠠᠬᠤ ᠬᠡᠯᠪᠡᠷᠢ ᠪᠠᠷ ᠬᠢᠴᠢᠶᠡᠯ ᠤᠨ ᠳᠡᠰ ᠳᠠᠷᠠᠭᠠᠯᠠᠯ᠂ ᠬᠢᠴᠢᠶᠡᠯ ᠤᠨ ᠠᠭᠤᠯᠭ᠎ᠠ ᠶᠢ ᠲᠠᠰᠢᠷᠠᠮ ᠳᠠᠭᠠᠤ ᠰᠣᠩᠭᠤᠵᠤ᠂ ᠬᠢᠴᠢᠶᠡᠯ ᠵᠢᠭᠠᠬᠤ ᠳᠠᠷᠠᠭᠠᠯᠠᠯ ᠪᠠ ᠭᠠᠷᠴᠠᠭ ᠠᠭᠤᠯᠭ᠎ᠠ ᠶᠢ ᠳᠣᠭᠲᠠᠭᠠᠨ᠎ᠠ᠃ ᠠᠳᠠᠯᠢ ᠨᠢᠭᠡᠨ ᠡᠳᠦᠷ ︵ᠪᠤᠶᠤ ᠬᠠᠭᠠᠰ ᠡᠳᠦᠷ︶ ᠬᠢᠴᠢᠶᠡᠯ ᠣᠷᠣᠬᠤ ᠳᠤ᠂ ᠠᠳᠠᠯᠢ ᠬᠢᠴᠢᠶᠡᠯ ᠢ ᠣᠨᠳᠣᠤ ᠪᠥᠲᠦᠴᠡ ᠪᠠᠷ ᠣᠷᠣᠨ᠎ᠠ᠃      ︵ᠭᠤᠷᠪᠠ︶  ᠠᠬᠤᠢ ᠲᠠᠯᠠᠪᠠᠢ ᠳᠤ ᠬᠤᠪᠢ ᠣᠯᠭᠤᠬᠤ      ᠦᠵᠡᠭᠦᠯᠭᠡ ᠳᠤ ᠣᠷᠣᠯᠴᠠᠭᠰᠠᠨ ᠪᠠᠭᠰᠢ ᠬᠢᠴᠢᠶᠡᠯ ᠣᠷᠣᠵᠤ ᠳᠠᠭᠤᠰᠤᠭᠰᠠᠨ ᠤ ᠳᠠᠷᠠᠭ᠎ᠠ᠂ ᠰᠢᠯᠭᠠᠷᠠᠭᠤᠯᠬᠤ ᠺᠣᠮᠢᠰ ᠤᠨ ᠭᠡᠰᠢᠭᠦᠨ ᠬᠤᠪᠢ ᠣᠯᠭᠤᠬᠤ ᠪᠠᠷᠢᠮᠵᠢᠶ᠎ᠠ ᠶᠢ ᠦᠨᠳᠦᠰᠦᠯᠡᠨ ᠠᠬᠤᠢ ᠲᠠᠯᠠᠪᠠᠢ ᠳᠤ ᠬᠤᠪᠢ ᠶᠢ ᠨᠡᠶᠢᠲᠡᠯᠡᠵᠦ᠂ ᠬᠥᠲᠥᠯᠥᠭᠴᠢ ᠠᠬᠤᠢ ᠲᠠᠯᠠᠪᠠᠢ ᠳᠤ ᠬᠤᠪᠢ ᠮᠡᠳᠡᠭᠦᠯᠦᠨ᠂ ᠳᠠᠭᠤᠰᠤᠭᠰᠠᠨ ᠤ ᠳᠠᠷᠠᠭ᠎ᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠴᠢᠶᠡᠯ ᠢ ᠶᠡᠷᠦᠩᠬᠡᠶᠢᠯᠡᠨ ᠦᠨᠡᠯᠡᠨ᠎ᠡ᠃      ︵ᠲᠦᠷᠪᠡ︶ ᠵᠢᠭᠠᠬᠤ ᠮᠠᠲ᠋ᠧᠷᠢᠶᠠᠯ᠂ ᠬᠢᠴᠢᠶᠡᠯ ᠤᠨ ᠬᠡᠷᠡᠭᠰᠡᠯ      ᠵᠢᠭᠠᠬᠤ ᠮᠠᠲ᠋ᠧᠷᠢᠶᠠᠯ ᠵᠢᠴᠢ ᠬᠡᠪᠯᠡᠯ ᠢ ᠭᠤᠣᠯᠯᠠᠨ ᠡᠷᠬᠢᠯᠡᠬᠦ ᠲᠠᠯ᠎ᠠ ᠠᠴᠠ ᠲᠣᠭᠲᠠᠭᠠᠵᠤ᠂ ᠠᠵᠢᠯᠯᠠᠭᠠᠨ ᠠᠴᠠ ᠡᠮᠦᠨ᠎ᠡ ᠨᠡᠶᠢᠲᠡᠯᠡᠨ᠎ᠡ︔ ᠲᠡᠭᠦᠯᠳᠡᠷ ᠬᠤᠭᠤᠷ ᠠᠴᠠ ᠭᠠᠳᠠᠨ᠎ᠠ᠂ ᠪᠤᠰᠤᠳ ᠵᠢᠭᠠᠨ ᠰᠤᠷᠭᠠᠯᠲᠠ ᠶᠢᠨ ᠬᠡᠷᠡᠭᠰᠡᠯ ᠢ ᠪᠠᠭᠰᠢ ᠥᠪᠡᠰᠦᠪᠡᠨ ᠪᠡᠯᠡᠳᠬᠡᠵᠦ᠂ ᠣᠳᠣ ᠦᠶ᠎ᠡ ᠶᠢᠨ ᠵᠠᠭᠤᠴᠢᠯᠠᠭᠤᠷ ᠢ ᠵᠣᠬᠢᠰᠲᠠᠢ ᠬᠡᠷᠡᠭᠯᠡᠨ ᠬᠢᠴᠢᠶᠡᠯ ᠣᠷᠣᠨ᠎ᠠ᠃      ᠲᠠᠪᠤ᠂ ᠦᠵᠡᠭᠦᠯᠭᠡ ᠳᠤ ᠣᠷᠣᠯᠴᠠᠬᠤ ᠣᠷᠣᠨ ᠲᠤᠭ᠎ᠠ      ᠡᠯ᠎ᠡ ᠠᠶᠢᠮᠠᠭ ᠬᠤᠲᠠ ᠱᠠᠲᠤ ᠳᠠᠷᠠᠭᠠᠯᠠᠨ ᠦᠵᠡᠭᠦᠯᠭᠡ ᠶᠢᠨ ᠠᠵᠢᠯᠯᠠᠭ᠎ᠠ ᠶᠢ ᠰᠣᠯᠢᠯᠴᠠᠵᠤ           ᠥᠷᠨᠢᠭᠦᠯᠦᠨ᠎ᠡ᠃ ᠠᠶᠢᠮᠠᠭ ᠬᠤᠲᠠ ᠪᠦᠷᠢ 10 ᠰᠢᠯᠢᠳᠡᠭ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠰᠣᠩᠭᠤᠵᠤ᠂ ᠠᠶᠢᠮᠠᠭ ᠬᠤᠲᠠ ᠪᠠᠷ ᠨᠢᠭᠡᠴᠢ ᠪᠣᠯᠭᠠᠨ ᠳᠤᠭᠤᠶᠢᠯᠠᠩ ᠬᠤᠪᠢᠶᠠᠨ ᠣᠷᠣᠯᠴᠠᠭᠤᠯᠵᠤ᠂ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ ᠤᠨ ᠪᠠᠭᠰᠢ 2᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠭᠤᠤ ᠬᠥᠭᠵᠢᠮ ᠤᠨ ᠪᠠᠭᠰᠢ 1᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠭᠤᠤ ᠬᠥᠭᠵᠢᠮ ᠤᠨ ᠪᠠᠭᠰᠢ 1︔ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠪᠠᠭᠰᠢ 2᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠷᠠᠨ ᠵᠢᠷᠤᠭ ᠤᠨ ᠪᠠᠭᠰᠢ 1᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠷᠠᠨ ᠵᠢᠷᠤᠭ ᠤᠨ ᠪᠠᠭᠰᠢ 1︔ ᠪᠠᠭ᠎ᠠ ᠰᠤᠷᠭᠠᠭᠤᠯᠢ ᠶᠢᠨ ᠤᠷᠠᠨ ᠪᠢᠴᠢᠯᠭᠡ ᠶᠢᠨ ᠪᠠᠭᠰᠢ 1᠂ ᠠᠩᠬ᠎ᠠ ᠵᠡᠷᠭᠡ  ᠶᠢᠨ ᠳᠤᠮᠳᠠᠳᠤ ᠰᠤᠷᠭᠠᠭᠤᠯᠢ ᠶᠢᠨ ᠪᠤᠶᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠷᠠᠨ ᠪᠢᠴᠢᠯᠭᠡ ᠶᠢᠨ ᠪᠠᠭᠰᠢ 1 ᠪᠣᠯᠤᠨ᠎ᠠ᠃      ᠵᠢᠷᠭᠤᠭ᠎ᠠ᠂ ᠱᠠᠩᠨᠠᠯ ᠤᠨ ᠲᠣᠬᠢᠷᠠᠭᠤᠯᠤᠯᠲᠠ      ᠡᠨᠡ ᠤᠳᠠᠭᠠᠨ ᠤ ᠦᠵᠡᠭᠦᠯᠭᠡ ᠳᠤ ᠪᠦᠯᠬᠦᠮ ᠤᠨ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠪᠠ ᠪᠠᠭᠰᠢ ᠶᠢᠨ ᠱᠠᠩᠨᠠᠯ ᠪᠣᠢ᠃      ︵ᠨᠢᠭᠡ︶ ᠪᠦᠯᠬᠦᠮ ᠤᠨ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ᠂ ᠡᠯ᠎ᠡ ᠠᠶᠢᠮᠠᠭ ᠬᠤᠲᠠ ᠶᠢᠨ ᠳᠠᠭᠤᠤ ᠬᠥᠭᠵᠢᠮ᠂ ᠤᠷᠠᠨ ᠵᠢᠷᠤᠭ᠂ ᠤᠷᠠᠨ ᠪᠢᠴᠢᠯᠭᠡ ᠶᠢᠨ ᠬᠢᠴᠢᠶᠡᠯ ᠤᠨ ᠶᠡᠷᠦᠩᠬᠡᠢ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢ ᠦᠨᠳᠦᠰᠦᠯᠡᠨ᠂ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 3 ᠢ ᠲᠣᠬᠢᠷᠠᠭᠤᠯᠪᠠ᠃      ︵ᠬᠤᠶᠠᠷ︶ ᠪᠠᠭᠰᠢ ᠶᠢᠨ ᠱᠠᠩᠨᠠᠯ᠂ ᠳᠠᠭᠤᠤ ᠬᠥᠭᠵᠢᠮ᠂ ᠤᠷᠠᠨ ᠵᠢᠷᠤᠭ ᠤᠨ ᠬᠢᠴᠢᠶᠡᠯ ᠲᠥᠷᠦᠯ ᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠭᠡᠵᠦ ᠬᠤᠪᠢᠶᠠᠵᠤ᠂ ᠤᠷᠠᠨ ᠪᠢᠴᠢᠯᠭᠡ ᠶᠢᠨ ᠬᠢᠴᠢᠶᠡᠯ ᠲᠥᠷᠦᠯ ᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠭᠡᠵᠦ ᠬᠤᠪᠢᠶᠠᠨ᠂ ᠴᠥᠮ ᠲᠤᠰ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠭᠰᠠᠨ ᠬᠥᠮᠦᠨ ᠤ ᠲᠣᠭᠠᠨ ᠤ 10%᠂ 20%᠂ 30% ᠶᠢᠨ ᠬᠠᠷᠢᠴᠠᠯ ᠢᠶᠠᠷ ᠨᠢᠭᠡ᠂ ᠬᠤᠶᠠᠷ᠂ ᠭᠤᠷᠪᠠᠳᠤᠭᠠᠷ ᠳᠡᠰ ᠤᠨ ᠱᠠᠩᠨᠠᠯ ᠢ ᠲᠣᠬᠢᠷᠠᠭᠤᠯᠤᠨ᠎ᠠ᠃      ᠳᠣᠯᠤᠭ᠎ᠠ᠂ ᠠᠵᠢᠯᠯᠠᠭ᠎ᠠ ᠶᠢ ᠵᠣᠬᠢᠶᠠᠨ ᠪᠠᠶᠢᠭᠤᠯᠬᠤ      ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠪᠥᠬᠦ ᠪᠠᠭᠰᠢ ᠶᠢᠨ ᠵᠠᠮ ᠬᠠᠷᠢᠯᠴᠠᠭᠠᠨ ᠤ ᠵᠠᠷᠤᠳᠠᠯ ᠢ ᠲᠣᠮᠢᠯᠠᠭᠰᠠᠨ ᠨᠢᠭᠡᠴᠢ ᠡᠭᠦᠷᠭᠡᠯᠡᠵᠦ᠂ ᠦᠵᠡᠭᠦᠯᠭᠡ ᠶᠢᠨ ᠬᠤᠭᠤᠴᠠᠭᠠᠨ ᠳᠠᠬᠢ ᠬᠤᠭᠤᠯᠠ ᠬᠤᠨᠤᠭ ᠤᠨ ᠵᠠᠷᠤᠳᠠᠯ ᠵᠡᠷᠭᠡ ᠶᠢ ᠠᠵᠢᠯᠯᠠᠭ᠎ᠠ ᠶᠢ ᠭᠤᠣᠯᠯᠠᠨ ᠡᠷᠬᠢᠯᠡᠭᠰᠡᠨ ᠲᠠᠯ᠎ᠠ ᠠᠴᠠ ᠬᠠᠷᠢᠭᠤᠴᠠᠨ᠎ᠠ᠃ ᠬᠢᠴᠢᠶᠡᠯᠯᠡᠬᠦ ᠶᠠᠪᠤᠴᠠ ᠶᠢ ᠰᠦᠯᠵᠢᠶᠡᠨ ᠳᠤ ᠰᠢᠭᠤᠳ ᠨᠡᠪᠲᠡᠷᠡᠭᠦᠯᠬᠦ ᠶᠢᠨ ᠬᠠᠮᠲᠤ ᠪᠦᠬᠦ ᠶᠠᠪᠤᠴᠠ ᠶᠢ ᠰᠢᠩᠭᠡᠭᠡᠨ ᠦᠢᠯᠡᠳᠴᠦ᠂ ᠰᠤᠷᠭᠠᠨ ᠬᠥᠮᠦᠵᠢᠯ ᠤᠨ ᠲᠢᠩᠬᠢᠮ ᠠᠴᠠ ᠰᠢᠯᠢᠳᠡᠭ ᠢ ᠰᠣᠩᠭᠤᠨ ᠥᠪᠥᠷ ᠮᠣᠩᠭᠤᠯ ᠤᠨ ᠣᠶᠤᠨᠴᠢ ᠰᠤᠷᠭᠠᠨ ᠬᠥᠮᠦᠵᠢᠯ ᠵᠡᠷᠭᠡ ᠵᠠᠭᠤᠴᠢᠯᠠᠭᠤᠷ ᠪᠠ ᠲᠠᠪᠴᠠᠩ ᠳᠤ ᠤᠬᠠᠭᠤᠯᠤᠨ ᠮᠡᠳᠡᠭᠡᠯᠡᠵᠦ᠂ ᠬᠥᠳᠡᠯᠦᠩᠭᠦᠢ ᠪᠠᠷ ᠳᠡᠯᠭᠡᠨ ᠦᠵᠡᠭᠦᠯᠬᠦ ᠶᠢᠨ ᠬᠠᠮᠲᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃      ᠨᠠᠢᠮᠠ᠂ ᠮᠡᠳᠡᠭᠦᠯᠬᠦ ᠱᠠᠭᠠᠷᠳᠠᠯᠭ᠎ᠠ      ᠡᠯ᠎ᠡ ᠠᠶᠢᠮᠠᠭ ᠬᠤᠲᠠ 2024 ᠣᠨ ᠤ 5 ᠰᠠᠷ᠎ᠠ ᠶᠢᠨ 25 ᠤ ᠡᠳᠦᠷ ᠠᠴᠠ ᠡᠮᠦᠨ᠎ᠡ᠂ ᠲᠤᠰ ᠠᠶᠢᠮᠠᠭ ᠬᠤᠲᠠ ᠶᠢᠨ ᠵᠣᠬᠢᠶᠠᠨ ᠪᠠᠶᠢᠭᠤᠯᠵᠤ ᠥᠷᠨᠢᠭᠦᠯᠬᠦ  ᠠᠵᠢᠯᠯᠠᠭᠠᠨ ᠤ ᠠᠵᠢᠯ ᠤᠨ ᠳ᠋ᠦᠩᠨᠡᠯᠲᠡ᠂ ᠦᠵᠡᠭᠦᠯᠭᠡ ᠳᠤ ᠣᠷᠣᠯᠴᠠᠬᠤ ᠪᠠᠭᠰᠢ ᠶᠢ ᠲᠠᠨᠢᠯᠴᠠᠭᠤᠯᠬᠤ ᠬᠦᠰᠦᠨᠦᠭᠲᠦ ︵ᠳᠠᠭᠠᠯᠳᠤᠭᠤᠯᠤᠯ 1︶ ᠪᠠ ᠬᠤᠷᠢᠶᠠᠩᠭᠤᠢ ᠬᠦᠰᠦᠨᠦᠭᠲᠦ ︵ᠳᠠᠭᠠᠯᠳᠤᠭᠤᠯᠤᠯ 2︶  ᠳᠤ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ PDF ᠬᠡᠯᠪᠡᠷᠢ ᠶᠢ ᠰᠢᠷᠪᠢᠵᠦ᠂ ᠰᠤᠷᠭᠠᠨ ᠬᠥᠮᠦᠵᠢᠯ ᠤᠨ ᠲᠢᠩᠬᠢᠮ ᠤᠨ ᠳᠣᠭᠳᠠᠭᠰᠠᠨ ᠢᠮᠧᠯ ︵ᠡᠭᠦᠨ ᠳᠤ ᠬᠤᠷᠢᠶᠠᠩᠭᠤᠢ ᠬᠦᠰᠦᠨᠦᠭᠲᠦ ᠶᠢᠨ word  ᠡᠯᠧᠺᠲᠷᠣᠨ ᠬᠡᠪᠯᠡᠯ ᠢ ᠬᠠᠩᠭᠠᠨ᠎ᠠ︶᠄ nmgmy1002@163.com ᠳᠤ ᠢᠯᠡᠭᠡᠭᠡᠷᠡᠢ᠃      ᠬᠠᠷᠢᠯᠴᠠᠬᠤ ᠬᠥᠮᠦᠨ ᠵᠢᠴᠢ ᠬᠠᠷᠢᠯᠴᠠᠬᠤ ᠤᠲᠠᠰᠤ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠠ ᠬᠥᠳᠡᠯᠮᠦᠷᠢ ᠶᠢᠨ ᠬᠥᠮᠥᠵᠢᠯ ᠤᠨ ᠭᠠᠵᠠᠷ᠂ ᠾᠥᠩ ᠯᠢᠩ᠂ 0471 - 2857003᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠢ ᠵᠢᠶᠠᠨ ᠪᠢᠩ᠂ 15034949917          ᠳᠠᠭᠠᠯᠳᠤᠭᠤᠯᠤᠯ᠄       1. ᠦᠵᠡᠭᠦᠯᠭᠡ ᠳᠤ ᠣᠷᠣᠯᠴᠠᠬᠤ ᠪᠠᠭᠰᠢ ᠶᠢ ᠲᠠᠨᠢᠯᠴᠠᠭᠤᠯᠬᠤ ᠬᠦᠰᠦᠨᠦᠭᠲᠦ      2. ᠦᠵᠡᠭᠦᠯᠭᠡ ᠳᠤ ᠣᠷᠣᠯᠴᠠᠬᠤ ᠪᠠᠭᠰᠢ ᠶᠢᠨ ᠬᠤᠷᠢᠶᠠᠩᠭᠤᠢ ᠬᠦᠰᠦᠨᠦᠭᠲᠦ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                2024 ᠣᠨ ᠤ 3 ᠰᠠᠷ᠎ᠠ ᠶᠢᠨ 8 ᠤ ᠡᠳᠦᠷᠳᠠᠭᠠᠯᠳᠤᠭᠤᠯᠤᠯ᠄ 1-2.doc 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map