ᠣᠷᠳᠣᠰ ᠬᠤᠲᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠦᠯᠬᠦᠮ ᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠬᠦᠷᠴᠦ ᠵᠢᠯᠣᠭᠤᠳᠪᠠ
ᠨᠡᠶᠢᠲᠡᠯᠡᠭᠰᠡᠨ ᠴᠠᠭ᠄
2024/3/15
      ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠬᠡᠨ᠂ ᠣᠷᠳᠣᠰ ᠬᠤᠲᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠣᠳᠤᠯᠭᠠᠨ ᠤ ᠲᠠᠰᠤᠭ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠣᠲᠤᠭ ᠤᠨ ᠡᠮᠦᠨᠡᠲᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠶᠢ ᠥᠷᠨᠢᠭᠦᠯᠪᠡ᠃

1.jpg

      ᠰᠤᠷᠤᠭᠴᠢᠳ ᠤᠨ ᠭᠤᠣᠯ ᠬᠡᠪ ᠪᠣᠯᠪᠠᠰᠤᠷᠠᠯ ᠢ ᠬᠥᠮᠦᠵᠢᠭᠦᠯᠬᠦ ᠬᠠᠷᠠᠭᠠᠰᠤ ᠠᠴᠠ᠂ ᠲᠤᠰᠬᠠᠢ ᠮᠡᠷᠭᠡᠵᠢᠯᠲᠡᠨ

ᠰᠤᠷᠤᠯᠭ᠎ᠠ ᠶᠢᠨ ᠱᠠᠲᠤ ᠬᠤᠪᠢᠶᠠᠨ᠂ ᠬᠢᠴᠢᠶᠡᠯ ᠲᠥᠷᠥᠯ ᠬᠤᠪᠢᠶᠠᠨ ᠰᠢᠨ᠎ᠡ ᠬᠢᠴᠢᠶᠡᠯ ᠤᠨ ᠪᠠᠷᠢᠮᠵᠢᠶᠠᠨ ᠤ

ᠬᠢᠴᠢᠶᠡᠯ ᠤᠨ ᠬᠠᠷᠠᠯᠲᠠ᠂ ᠬᠢᠴᠢᠶᠡᠯ ᠤᠨ ᠠᠭᠤᠯᠭ᠎ᠠ ᠵᠢᠴᠢ ᠰᠤᠷᠤᠯᠭ᠎ᠠ ᠶᠢᠨ ᠴᠢᠨᠠᠷ ᠴᠢᠨᠰᠠᠭᠠᠨ ᠤ ᠪᠠᠷᠢᠮᠵᠢᠶ᠎ᠠ ᠶᠢᠨ

ᠲᠤᠬᠠᠢ ᠨᠠᠷᠢᠨ ᠲᠠᠶᠢᠯᠤᠮᠵᠢ ᠬᠢᠭᠰᠡᠨ ᠤ ᠬᠠᠮᠲᠤ ᠪᠣᠳᠠᠲᠤ ᠵᠢᠱᠢᠶ᠎ᠡ ᠲᠠᠢ ᠤᠶᠠᠯᠳᠤᠭᠤᠯᠤᠨ ᠰᠢᠨ᠎ᠡ ᠬᠢᠴᠢᠶᠡᠯ ᠤᠨ

ᠪᠠᠷᠢᠮᠵᠢᠶᠠᠨ ᠳᠠᠬᠢ ᠵᠢᠭᠠᠨ ᠰᠤᠷᠭᠠᠯᠲᠠ ᠶᠢᠨ ᠲᠥᠯᠥᠪᠯᠡᠭᠡ ᠶᠢ ᠳᠡᠯᠭᠡᠨ ᠦᠵᠡᠭᠦᠯᠵᠦ᠂ ᠳᠠᠷᠠᠭ᠎ᠠ ᠠᠯᠬᠤᠮ ᠳᠤ ᠪᠠᠭᠰᠢ

ᠨᠠᠷ ᠬᠠᠮᠲᠤ ᠳᠤ ᠪᠠᠨ ᠬᠢᠴᠢᠶᠡᠯ ᠪᠡᠯᠡᠳᠬᠡᠬᠦ᠂ ᠬᠢᠴᠢᠶᠡᠯ ᠵᠢᠭᠠᠬᠤ ᠶᠢ ᠲᠣᠭᠤᠷᠢᠨ ᠦᠵᠡᠵᠦ ᠣᠨᠣᠰᠢᠯᠠᠬᠤ ᠪᠠ

ᠡᠷᠭᠢᠴᠡᠭᠦᠯᠦᠨ ᠪᠣᠳᠣᠯᠬᠢᠯᠠᠵᠤ ᠰᠤᠳᠤᠯᠤᠨ ᠶᠠᠷᠢᠯᠴᠠᠬᠤ ᠳᠤ ᠯᠠᠪᠯᠠᠬᠤ ᠦᠨᠳᠦᠰᠦᠯᠡᠯ ᠬᠠᠩᠭᠠᠪᠠ᠃

2.jpg

      ᠬᠢᠴᠢᠶᠡᠯ ᠵᠢᠭᠠᠬᠤ ᠶᠢ ᠲᠣᠭᠤᠷᠢᠨ ᠦᠵᠡᠵᠦ ᠣᠨᠣᠰᠢᠯᠠᠬᠤ ᠭᠤᠭᠴᠤᠭ᠎ᠠ ᠳᠤ᠂ 9 ᠰᠤᠷᠭᠠᠭᠤᠯᠢ ᠶᠢᠨ

ᠪᠠᠭᠰᠢ ᠰᠤᠷᠤᠯᠭ᠎ᠠ ᠶᠢᠨ ᠱᠠᠲᠤ ᠬᠤᠪᠢᠶᠠᠵᠤ᠂ ᠬᠢᠴᠢᠶᠡᠯ ᠲᠥᠷᠥᠯ ᠬᠤᠪᠢᠶᠠᠨ ᠬᠢᠴᠢᠶᠡᠯ ᠵᠢᠭᠠᠬᠤ ᠦᠵᠡᠭᠦᠯᠭᠡ ᠬᠢᠵᠦ᠂

ᠬᠢᠴᠢᠶᠡᠯ ᠲᠥᠷᠦᠯ ᠤᠨ ᠲᠤᠰᠬᠠᠢ ᠮᠡᠷᠭᠡᠵᠢᠯᠲᠡᠨ ᠬᠢᠴᠢᠶᠡᠯᠯᠡᠬᠦ ᠪᠠᠭᠰᠢ ᠶᠢᠨ ᠬᠢᠴᠢᠶᠡᠯ ᠵᠢᠭᠠᠬᠤ ᠦᠵᠡᠭᠦᠯᠭᠡ ᠶᠢ

ᠭᠦᠨᠵᠡᠭᠡᠢ ᠪᠥᠭᠡᠳ ᠨᠠᠷᠢᠨ ᠨᠢᠮᠪᠠᠢ ᠣᠨᠣᠰᠢᠯᠠᠵᠤ᠂ ᠵᠢᠭᠠᠬᠤ ᠮᠠᠲ᠋ᠧᠷᠢᠶᠠᠯ ᠢ ᠰᠢᠢᠳᠪᠦᠷᠢᠯᠡᠬᠦ᠂ ᠬᠢᠴᠢᠶᠡᠯ ᠳᠡᠭᠡᠷ᠎ᠡ

ᠦᠢᠯᠡᠳᠦᠯᠴᠡᠬᠦ᠂ ᠬᠢᠴᠢᠶᠡᠯ ᠢ ᠦᠨᠡᠯᠡᠬᠦ᠂ ᠬᠠᠷᠠᠯᠲᠠ ᠳᠤ ᠪᠠᠨ ᠬᠦᠷᠬᠦ ᠵᠡᠷᠭᠡ ᠲᠠᠯ᠎ᠠ ᠪᠠᠷ ᠨᠠᠷᠢᠯᠢᠭ ᠵᠠᠳᠠᠯᠵᠤ

ᠵᠢᠯᠣᠭᠤᠳᠤᠭᠰᠠᠨ ᠪᠥᠭᠡᠳ ᠲᠤᠬᠠᠢ ᠶᠢᠨ ᠭᠠᠵᠠᠷ ᠤᠨ ᠪᠠᠭᠰᠢ ᠲᠠᠢ ᠠᠳᠠᠯᠢ ᠬᠢᠴᠢᠶᠡᠯ ᠢ ᠣᠨᠳᠣᠤ ᠪᠥᠲᠦᠴᠡ  ᠪᠠᠷ

ᠣᠷᠣᠪᠠ᠃

3.jpg

      ᠡᠨᠡ ᠤᠳᠠᠭᠠᠨ ᠤ ᠠᠵᠢᠯᠯᠠᠭ᠎ᠠ ᠨᠢ ᠪᠠᠭᠰᠢ ᠶᠢ ᠬᠠᠪᠰᠤᠷᠤᠨ ᠠᠰᠠᠭᠤᠳᠠᠯ ᠳᠤ ᠰᠢᠭᠤᠳ ᠬᠠᠨᠳᠤᠵᠤ᠂

ᠳᠤᠲᠠᠭᠤᠳᠠᠯ ᠢᠶᠠᠨ ᠨᠥᠬᠦᠪᠥᠷᠢᠯᠡᠵᠦ᠂ ᠡᠨᠧᠷᠭᠢ ᠣᠯᠭᠤᠬᠤ ᠵᠢᠭᠠᠨ ᠰᠤᠷᠭᠠᠯᠲᠠ ᠥᠷᠨᠢᠭᠦᠯᠬᠦ ᠶᠢᠨ ᠬᠠᠮᠲᠤ ᠪᠠᠭᠰᠢ ᠶᠢ

ᠬᠥᠲᠥᠯᠥᠨ ᠵᠢᠯᠣᠭᠤᠳᠴᠤ ᠥᠪᠡᠷᠮᠢᠴᠡ ᠰᠤᠷᠤᠯᠴᠠᠬᠤ ᠪᠠ ᠪᠣᠳᠣᠯᠬᠢᠯᠠᠨ᠂ ᠵᠢᠭᠠᠨ ᠰᠤᠷᠭᠠᠯᠲᠠ ᠶᠢ ᠰᠠᠶᠢᠵᠢᠷᠠᠭᠤᠯᠬᠤ

ᠶᠠᠪᠤᠴᠠ ᠪᠠ ᠠᠷᠭ᠎ᠠ ᠶᠢ ᠡᠵᠡᠮᠰᠢᠭᠦᠯᠵᠦ᠂ ᠰᠤᠷᠤᠯᠴᠠᠬᠤ ᠶᠠᠪᠤᠴᠠ ᠳᠤ ᠬᠥᠳᠡᠯᠦᠯᠴᠡᠵᠦ᠂ ᠬᠥᠳᠡᠯᠦᠯᠴᠡᠬᠦ ᠶᠠᠪᠤᠴᠠ ᠳᠤ

ᠳᠡᠭᠡᠭᠰᠢᠯᠡᠭᠦᠯᠬᠦ ᠪᠣᠯᠤᠨ᠎ᠠ᠃ ᠳᠠᠷᠠᠭ᠎ᠠ ᠠᠯᠬᠤᠮ ᠳᠤ ᠣᠷᠳᠣᠰ ᠬᠤᠳᠠ ᠦᠷᠭᠦᠯᠵᠢᠯᠡᠨ ᠲᠣᠭᠲᠠᠮᠠᠯ ᠬᠤᠭᠤᠴᠠᠭ᠎ᠠ ᠲᠠᠢ

ᠲᠤᠰᠬᠠᠢ ᠮᠡᠷᠭᠡᠵᠢᠯᠲᠡᠨ᠂ ᠭᠤᠣᠯᠯᠠᠭᠴᠢ ᠪᠠᠭᠰᠢ ᠪᠠ ᠵᠢᠭᠠᠬᠤ ᠶᠢ ᠰᠤᠳᠤᠯᠤᠭᠴᠢ ᠶᠢ ᠰᠣᠩᠭᠤᠨ ᠲᠣᠮᠢᠯᠠᠵᠤ

ᠰᠤᠷᠭᠠᠭᠤᠯᠢ ᠳᠤ ᠭᠦᠨᠵᠡᠭᠡᠶᠢᠷᠡᠭᠦᠯᠦᠨ᠂ ᠬᠢᠴᠢᠶᠡᠯ ᠦᠨᠡᠯᠡᠬᠦ᠂ ᠬᠠᠮᠲᠤ ᠳᠤ ᠪᠠᠨ ᠬᠢᠴᠢᠶᠡᠯ ᠪᠡᠯᠡᠳᠬᠡᠬᠦ᠂ ᠬᠢᠴᠢᠶᠡᠯ

ᠲᠥᠷᠦᠯ ᠤᠨ ᠲᠠᠶᠢᠯᠤᠮᠵᠢ ᠬᠢᠬᠦ᠂ ᠰᠦᠯᠵᠢᠶᠡᠨ ᠳᠤ ᠵᠢᠭᠠᠬᠤ ᠶᠢ ᠰᠤᠳᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ

ᠨᠠᠷᠢᠯᠢᠭ ᠣᠨᠣᠴᠠᠲᠠᠢ ᠬᠠᠪᠰᠤᠷᠤᠨ ᠲᠡᠳᠬᠦᠵᠦ᠂ ᠤᠤᠯ  ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ

ᠰᠤᠷᠭᠠᠭᠤᠯᠢ ᠶᠢᠨ ᠪᠠᠭᠰᠢ ᠶᠢᠨ ᠥᠰᠦᠨ ᠪᠤᠶᠢᠵᠢᠬᠤ ᠳᠤ ᠬᠥᠭᠦᠷᠭᠡ ᠲᠠᠯᠪᠢᠵᠤ ᠲᠠᠪᠴᠠᠩ ᠪᠠᠶᠢᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map