ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠤᠷᠤᠭᠰᠢᠯᠠᠬᠤ︾ ᠭᠤᠣᠯ ᠰᠡᠳᠦᠪᠲᠦ ᠦᠵᠡᠰᠬᠦᠯᠡᠩ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/3/15
      ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠤᠷᠤᠭᠰᠢᠯᠠᠶ᠎ᠠ - ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠭᠤᠣᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ᠃

1.jpg

      ᠦᠵᠡᠰᠬᠦᠯᠡᠩ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ

ᠡᠨᠡᠷᠢᠯ ᠳᠤ ᠲᠠᠯᠠᠷᠬᠠᠨ ᠤᠷᠤᠭᠰᠢᠯᠠᠬᠤ︾ ᠭᠤᠣᠯ ᠰᠡᠳᠦᠪ ᠤᠨ ᠲᠤᠭᠤᠷᠢᠨ ᠳᠤ᠂ ︽ᠠᠷᠠᠳ ᠲᠦᠮᠡᠨ ᠤ ᠤᠳᠤᠷᠢᠳᠤᠭᠴᠢ

ᠤᠮᠠᠷᠠᠲᠤ ᠬᠢᠯᠢ ᠲᠠᠢ ᠰᠡᠳᠬᠢᠯ ᠢᠶᠠᠨ ᠬᠤᠯᠪᠤᠬᠤ︾᠂ ︽ᠠᠯᠤᠰ ᠬᠡᠲᠦ ᠶᠢ ᠪᠣᠳᠤᠯᠬᠢᠯᠠᠵᠤ ᠵᠥᠪ ᠴᠢᠭᠯᠡᠯ ᠢ ᠪᠠᠲᠤ

ᠡᠵᠡᠮᠳᠡᠬᠦ︾᠂ ︽ᠲᠠᠪᠤᠨ ᠶᠡᠭᠡ ᠡᠭᠦᠷᠭᠡ ᠬᠠᠷᠢᠭᠤᠴᠠᠯᠭ᠎ᠠ ᠡᠭᠦᠷᠭᠡᠯᠡᠨ ᠤᠷᠤᠭᠰᠢᠯᠠᠨ ᠳᠠᠪᠰᠢᠬᠤ︾᠂ ︽ᠭᠤᠣᠯ

ᠰᠢᠵᠢᠮ  ᠳᠤ ᠠᠩᠬᠠᠷᠤᠯ ᠢᠶᠠᠨ ᠬᠠᠨᠳᠤᠭᠤᠯᠵᠤ ᠳᠠᠭᠤᠷᠢᠶᠠᠯ ᠦᠵᠡᠭᠦᠯᠦᠨ ᠤᠷᠤᠭᠰᠢᠯᠠᠬᠤ︾᠂ ︽ᠠᠷᠠᠳ ᠲᠦᠮᠡᠨ ᠢ

ᠳᠡᠭᠡᠳᠦᠯᠡᠵᠦ ᠤᠭ ᠰᠠᠨᠠᠭ᠎ᠠ ᠶᠢ ᠪᠠᠲᠤ ᠴᠡᠭᠡᠵᠢᠯᠡᠬᠦ︾ ᠵᠡᠷᠭᠡ ᠵᠢᠷᠭᠤᠭᠠᠨ ᠬᠡᠰᠡᠭ ᠢᠶᠠᠷ ᠳᠠᠮᠵᠢᠭᠤᠯᠤᠨ᠂ 349 ᠭᠡᠷᠡᠯ

ᠵᠢᠷᠤᠭ᠂ 132 ᠵᠣᠬᠢᠶᠠᠯ᠂ 60 ᠵᠢᠷᠤᠭᠲᠤ ᠬᠦᠰᠦᠨᠦᠭᠲᠦ ᠵᠢᠷᠤᠭᠲᠤ ᠵᠢᠱᠢᠶ᠎ᠡ᠂ 230 ᠪᠣᠳᠠᠰ ᠤᠨ

ᠦᠵᠡᠭᠦᠯᠭᠡ ᠶᠢᠨ ᠪᠦᠲᠦᠭᠡᠯ᠂ 16 ᠬᠤᠣᠰ ᠲᠣᠭᠠᠵᠢᠭᠰᠠᠨ ᠣᠯᠠᠨ ᠵᠠᠭᠤᠴᠢᠯᠠᠭᠤᠷ ᠤᠨ ᠦᠵᠡᠭᠦᠯᠭᠡ᠂ 2 ᠡᠯᠡᠰᠦᠨ

ᠴᠠᠷᠠᠭ᠎ᠠ ᠶᠢ ᠳᠡᠯᠭᠡᠨ ᠦᠵᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ

ᠵᠤᠵᠠᠭᠠᠨ ᠬᠠᠶᠢᠷ᠎ᠠ ᠬᠠᠯᠠᠮᠵᠢ ᠪᠠ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠲᠥᠪᠯᠡᠷᠡᠭᠦᠯᠦᠨ ᠢᠯᠡᠷᠡᠭᠦᠯᠵᠦ᠂

ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ

ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠭᠤᠯᠤᠭᠳᠠᠬᠤᠨ ᠢ ᠭᠦᠨᠵᠡᠭᠡᠢ

ᠲᠠᠶᠢᠯᠪᠤᠷᠢᠯᠠᠨ᠂ ᠲᠥᠷᠦ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ

ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ

ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ

ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠠᠶᠢᠯᠪᠤᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ

ᠲᠦᠮᠡᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠠᠶᠠᠯᠠᠯ ᠢ ᠰᠠᠯᠤᠯ ᠦᠭᠡᠢ ᠳᠠᠭᠠᠵᠤ᠂ ᠰᠢᠨ᠎ᠡ

ᠴᠠᠭ ᠦᠶ᠎ᠡ ᠳᠤ ᠭᠠᠪᠢᠶ᠎ᠠ ᠪᠠᠶᠢᠭᠤᠯᠬᠤ ᠠᠮᠢᠳᠤᠯᠢᠭ ᠦᠢᠯᠡᠳᠦᠯᠭᠡ ᠶᠢ ᠲᠥᠪᠯᠡᠷᠡᠭᠦᠯᠦᠨ ᠳᠡᠯᠭᠡᠨ ᠦᠵᠡᠭᠦᠯᠪᠡ᠃

  

2.jpg

      ᠲᠣᠭᠤᠷᠢᠨ ᠦᠵᠡᠬᠦ ᠶᠠᠪᠤᠴᠠ ᠳᠤ᠂ ᠨᠠᠮ ᠤᠨ ᠭᠡᠰᠢᠭᠦᠨ ᠺᠠᠳ᠋ᠷ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂

ᠪᠠᠶᠢᠨ ᠳᠠᠬᠢᠨ ᠵᠣᠭᠰᠣᠵᠤ ᠰᠣᠨᠢᠷᠬᠠᠪᠠ᠃ ᠣᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ

ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂

ᠨᠠᠮ ᠢᠶᠠᠨ ᠳᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠪᠠᠷ ᠬᠤᠶᠠᠷ ᠶᠡᠭᠡ

ᠶᠠᠪᠤᠳᠠᠯ ᠢ ᠰᠠᠶᠢᠲᠤᠷ ᠪᠡᠶᠡᠯᠡᠭᠦᠯᠦᠨ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ

ᠲᠡᠶᠢᠰᠢ ᠯᠠᠪᠳᠠᠭᠤᠨ ᠪᠠᠲᠤᠲᠠᠢ ᠣᠷᠤᠭᠰᠢᠯᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ

ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ

ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map